ᠢᠳᠡᠬᠦ᠂ ᠡᠮᠦᠰᠬᠦ᠂ ᠰᠠᠭᠤᠬᠤ᠂ ᠶᠠᠪᠤᠬᠤ᠂ ᠬᠡᠷᠡᠭᠯᠡᠬᠦ᠎ᠳᠤ ᠴᠥᠮ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠤᠢ ᠪᠣᠯᠭ᠋ᠠᠳᠠᠭ᠃ ᠡᠶ᠋ᠢᠮᠦ᠎ᠠᠴᠠ ᠪᠢᠳᠡ ᠪᠠᠰᠠ ᠡᠨᠡ ᠲᠠᠪᠤᠨ ᠲᠠᠯ᠎ᠠ᠎ᠪᠠᠷ ᠴᠢᠷᠮᠠᠶ᠋ᠢᠵᠤ ᠪᠣᠯᠣᠨ᠎ᠠ᠄
① ᠢᠳᠡᠬᠦ᠂ ᠢᠳᠡᠭᠡᠨ᠎ᠢ ᠪᠦᠷᠢᠯᠭᠡᠬᠦ᠎ᠠᠴᠠ ᠰᠡᠷᠭᠡᠶ᠋ᠢᠯᠡᠨ᠎ᠡ᠃ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠨᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠭᠠᠳᠠᠭᠰᠢᠯᠠᠭᠤᠯᠳᠠᠭ᠂ ᠠᠮᠤ ᠪᠤᠳᠠᠭ᠎ᠠ ᠵᠢ ᠲᠠᠷᠢᠬᠤ᠂ ᠪᠣᠯᠪᠠᠰᠤᠷᠠᠭᠤᠯᠬᠤ᠂ ᠵᠥᠭᠡᠭᠡᠪᠦᠷᠢᠯᠡᠬᠦ᠂ ᠬᠤᠭᠤᠯᠠᠨ ᠰᠢᠷᠡᠭᠡᠨ᠎ᠳᠤ ᠭᠠᠷᠭ᠋ᠠᠬᠤ ᠵᠡᠷᠭᠡ ᠭᠤᠭᠴᠤᠭ᠎ᠠ ᠪᠦᠷᠢ᠎ᠳᠤ ᠴᠥᠮ ᠴᠢᠯᠠᠭᠤᠵᠢᠮᠠᠯ ᠲᠦᠯᠡᠰᠢ ᠪᠠ ᠴᠠᠬᠢᠯᠭ᠋ᠠᠨ ᠬᠦᠴᠦᠨ᠎ᠤ ᠬᠡᠷᠡᠭᠯᠡᠯᠲᠡ᠎ᠲᠠᠢ ᠪᠠᠶ᠋ᠢᠳᠠᠭ᠂ ᠭᠡᠪᠡᠴᠦ ᠪᠣᠯᠪᠠᠰᠤᠷᠠᠭᠤᠯᠬᠤ᠎ᠳᠤ ᠨᠡᠩ ᠶᠡᠭᠡ ᠰᠦᠢ᠍ᠳᠬᠡᠳᠡᠭ ᠶᠤᠮ᠃ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠤᠯᠭ᠎ᠠ ᠵᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠶ᠋ᠢᠭᠤᠯᠤᠯᠲᠠ ᠵᠢᠨ 2021 ᠣᠨ᠎ᠤ ᠪᠦᠷᠢᠳᠬᠡᠯ᠎ᠠᠴᠠ ᠦᠵᠡᠪᠡᠯ᠂ ᠪᠥᠬᠦ ᠳᠡᠯᠡᠬᠡᠢ ᠵᠢᠨ ᠪᠠᠷᠤᠭ 1/3 ᠵᠢᠨ ᠠᠮᠤ ᠪᠤᠳᠠᠭ᠎ᠠ ᠬᠤᠷᠣᠭᠳᠠᠨ ᠪᠦᠷᠢᠯᠭᠡᠭᠳᠡᠵᠦ᠂ ᠬᠠᠶᠠᠭᠰᠠᠨ ᠠᠮᠤ ᠪᠤᠳᠠᠭ᠋ᠠᠨ᠎ᠤ ᠶᠡᠷᠦᠩᠬᠡᠢ ᠬᠡᠮᠵᠢᠶ᠎ᠡ 13 ᠳ᠋ᠦᠩᠰᠢᠭᠤᠷ ᠲᠣᠨ᠎ᠳᠤ ᠬᠦᠷᠴᠦ᠂ ᠪᠥᠬᠦ ᠳᠡᠯᠡᠬᠡᠢ ᠵᠢᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢᠨ 8%~10% ᠵᠢ ᠡᠵᠡᠯᠡᠵᠦ ᠪᠠᠶ᠋ᠢᠨ᠎ᠠ᠃
② ᠡᠮᠦᠰᠬᠦ᠂ ᠬᠡᠷᠡᠭᠯᠡᠭᠡᠨ᠎ᠤ ᠳᠠᠳᠬᠠᠯ᠎ᠢ ᠰᠢᠯᠢᠳᠡᠭᠵᠢᠭᠦᠯᠦᠨ᠎ᠡ᠃ ᠬᠠᠶᠠᠭᠳᠠᠯ ᠡᠳ᠋᠎ᠤᠨ ᠪᠣᠶ ᠪᠣᠯᠬᠤ ᠵᠢ ᠪᠠᠭ᠋ᠠᠰᠬᠠᠬᠤ ᠵᠢᠨ ᠵᠠᠩᠭᠢᠯᠠᠭ᠎ᠠ᠎ᠨᠢ ᠬᠠᠰᠢ ᠯᠠ ᠶᠡᠭᠡ ᠬᠡᠮᠵᠢᠶ᠎ᠡ᠎ᠪᠠᠷ ᠬᠤᠳᠠᠯᠳᠤᠨ ᠠᠪᠬᠤ ᠵᠢ ᠲᠡᠪᠴᠢᠵᠦ᠂ ᠡᠮᠦᠰᠬᠦ ᠦᠭᠡᠢ ᠬᠠᠭᠤᠴᠢᠨ ᠬᠤᠪᠴᠠᠰᠤ ᠵᠢ ᠳᠤᠷ᠎ᠠ᠎ᠪᠠᠷ ᠵᠶ᠋ᠠᠨ ᠬᠠᠶᠠᠵᠤ ᠪᠣᠯᠬᠤ ᠦᠭᠡᠢ᠂ ᠬᠤᠷᠢᠶᠠᠨ ᠠᠪᠴᠤ ᠠᠰᠢᠭᠯᠠᠵᠤ ᠪᠣᠯᠣᠨ᠎ᠠ ᠭᠡᠵᠦ ᠲᠤᠰᠬᠠᠢ ᠮᠡᠷᠭᠡᠵᠢᠯᠲᠡᠳ ᠦᠵᠡᠵᠦ ᠪᠠᠶ᠋ᠢᠨ᠎ᠠ᠃
③ ᠰᠠᠭᠤᠬᠤ᠂ ᠥᠨᠳᠥᠷ ᠡᠨᠧᠷᠭᠢᠲᠦ ᠠᠭ᠋ᠠᠷ ᠲᠣᠬᠢᠷᠠᠭᠤᠯᠤᠭᠴᠢ ᠵᠢ ᠬᠤᠳᠠᠯᠳᠤᠨ ᠠᠪᠤᠨ᠎ᠠ᠃ ᠪᠠᠶ᠋ᠢᠩᠭᠤ ᠲᠣᠬᠢᠶᠠᠯᠳᠤᠳᠠᠭ ᠠᠭ᠋ᠠᠷ ᠲᠣᠬᠢᠷᠠᠭᠤᠯᠤᠭᠴᠢ ᠵᠢᠨ ᠡᠨᠧᠷᠭᠢ ᠵᠢᠨ ᠠᠰᠢᠭᠯᠠᠮᠵᠢ ᠵᠢᠨ ᠲᠠᠰ᠎ᠨᠢ ᠭᠤᠷᠪᠠᠨ ᠳᠡᠰ ᠪᠠᠶ᠋ᠢᠵᠤ᠂ ᠨᠢᠭᠡᠳᠦᠭᠡᠷ ᠳᠡᠰ᠎ᠤᠨ ᠡᠨᠧᠷᠭᠢ ᠵᠢᠨ ᠠᠰᠢᠭᠯᠠᠮᠵᠢ᠎ᠨᠢ ᠬᠠᠮᠤᠭ᠎ᠤᠨ ᠳᠡᠭᠡᠳᠦ ᠳᠡᠰ᠎ᠤᠨ ᠡᠨᠧᠷᠭᠢ ᠵᠢᠨ ᠠᠰᠢᠭᠯᠠᠮᠵᠢ᠎ᠲᠠᠢ᠂ ᠭᠤᠷᠪᠠᠳᠤᠭ᠋ᠠᠷ ᠳᠡᠰ᠎ᠨᠢ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠲᠠᠰ ᠪᠣᠯᠣᠨ᠎ᠠ᠂ ᠥᠨᠳᠥᠷ ᠡᠨᠧᠷᠭᠢ ᠵᠢᠨ ᠠᠰᠢᠭᠯᠠᠮᠵᠢ᠎ᠲᠠᠢ ᠠᠭ᠋ᠠᠷ ᠲᠣᠬᠢᠷᠠᠭᠤᠯᠤᠭᠴᠢ ᠵᠢᠨ ᠦᠨᠡᠨ᠎ᠢ ᠵᠢᠭ᠋ᠠᠬᠠᠨ ᠦᠨᠡᠲᠡᠢ ᠪᠠᠶ᠋ᠢᠵᠤ ᠮᠡᠳᠡᠨ᠎ᠡ᠂ ᠭᠡᠪᠡᠴᠦ ᠬᠡᠷᠡᠭᠯᠡᠬᠦ᠎ᠳᠤ ᠨᠠᠩ ᠵᠣᠭᠤᠰ ᠠᠷᠪᠢᠯᠠᠨ᠎ᠠ᠃ ᠡᠭᠦᠨ᠎ᠠᠴᠠ ᠭᠠᠳᠠᠨ᠎ᠠ ᠠᠭ᠋ᠠᠷ ᠲᠣᠬᠢᠷᠠᠭᠤᠯᠤᠭᠴᠢ ᠵᠢᠨ ᠳᠤᠯᠠᠭ᠋ᠠᠨ᠎ᠤ ᠬᠡᠮᠵᠢᠶ᠎ᠡ ᠵᠢ ᠵᠤᠨ᠎ᠤ ᠤᠯᠠᠷᠢᠯ᠎ᠳᠤ 26℃ ᠣᠷᠴᠢᠮ᠂ ᠡᠪᠦᠯ᠎ᠤᠨ ᠤᠯᠠᠷᠢᠯ᠎ᠳᠤ 18℃ᠠᠴᠠ 20℃ ᠪᠠᠶ᠋ᠢᠵᠤ᠂ ᠪᠡᠶ᠎ᠡ᠎ᠳᠤ ᠲᠠᠭ᠋ᠠᠯᠠᠮᠵᠢᠲᠠᠢ ᠰᠠᠨᠠᠭᠳᠠᠳᠠᠭ᠃ ᠡᠭᠦᠨ᠎ᠤ ᠬᠠᠮᠲᠤ ᠪᠠᠰᠠ ᠡᠨᠧᠷᠭᠢ ᠵᠢᠨ ᠰᠤᠷᠪᠤᠯᠵᠢ ᠵᠢ ᠶᠡᠭᠡ᠎ᠪᠠᠷ ᠠᠷᠪᠢᠯᠠᠵᠤ ᠪᠣᠯᠣᠨ᠎ᠠ᠃
④ ᠳᠣᠣᠷ᠎ᠠ ᠨᠡᠭᠦᠷᠡᠰᠦᠲᠥ᠋ᠷᠥᠭᠴᠢᠲᠦ ᠠᠶᠠᠯᠠᠯ ᠵᠶ᠋ᠠᠷ ᠶᠠᠪᠤᠬᠤ᠃ ᠵᠠᠮ ᠬᠠᠷᠢᠯᠴᠠᠭ᠎ᠠ ᠪᠣᠯ ᠬᠠᠮᠤᠭ᠎ᠤᠨ ᠴᠢᠬᠤᠯᠠ ᠠᠵᠢᠯᠯᠠᠭ᠋ᠠᠨ᠎ᠤ ᠬᠦᠷᠢᠶ᠎ᠡ ᠴᠠᠷᠠᠭ᠎ᠠ ᠵᠢᠨ ᠨᠢᠭᠡ ᠪᠣᠯᠣᠨ᠎ᠠ᠂ ᠭᠠᠳᠠᠭᠰᠢ ᠭᠠᠷᠬᠤ᠎ᠳᠤ ᠶᠠᠪᠠᠭ᠋ᠠᠨ ᠶᠠᠪᠤᠬᠤ᠂ ᠳᠤᠭᠤᠢ ᠤᠨᠤᠬᠤ ᠪᠠ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠪᠠᠷ ᠭᠤᠣᠯ ᠪᠣᠯᠭ᠋ᠠᠪᠠᠯ ᠬᠠᠮᠤᠭ ᠰᠠᠶ᠋ᠢᠨ᠃ ᠬᠤᠯᠠ ᠵᠢᠨ ᠵᠠᠮ᠎ᠠᠴᠠ ᠦᠵᠡᠪᠡᠯ᠂ ᠲᠡᠮᠦᠷ ᠵᠠᠮ᠎ᠤᠨ ᠣᠷᠴᠢᠨ ᠲᠣᠭᠤᠷᠢᠨ᠎ᠳᠤ ᠦᠵᠡᠭᠦᠯᠬᠦ ᠨᠥᠯᠥᠭᠡ᠎ᠨᠢ ᠬᠠᠮᠤᠭ᠎ᠤᠨ ᠪᠠᠭ᠎ᠠ ᠪᠠᠶ᠋ᠢᠳᠠᠭ᠃
⑤ ᠬᠡᠷᠡᠭᠯᠡᠬᠦ᠂ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ ᠴᠠᠬᠢᠯᠭ᠋ᠠᠨ᠎ᠤ ᠬᠤᠷᠣᠭᠳᠠᠯ᠎ᠢ ᠪᠠᠭ᠋ᠠᠰᠬᠠᠨ᠎ᠠ᠃ ᠴᠠᠬᠢᠯᠭ᠋ᠠᠨ ᠬᠦᠴᠦᠨ᠎ᠤ ᠬᠤᠷᠣᠭᠳᠠᠯ ᠪᠣᠯ ᠥᠭᠡᠷ᠎ᠡ ᠨᠢᠭᠡᠨ ᠴᠢᠬᠤᠯᠠ ᠬᠦᠷᠢᠶ᠎ᠡ ᠮᠥᠨ᠂ ᠴᠠᠬᠢᠯᠭ᠋ᠠᠨ ᠬᠦᠴᠦᠨ᠎ᠤ ᠬᠤᠷᠣᠭᠳᠠᠯ᠎ᠢ ᠪᠠᠭ᠋ᠠᠰᠬᠠᠪᠠᠯ ᠣᠷᠴᠢᠨ ᠲᠣᠭᠤᠷᠢᠨ᠎ᠳᠤ ᠦᠵᠡᠭᠦᠯᠬᠦ ᠨᠥᠯᠥᠭᠡ ᠵᠢ ᠪᠠᠭ᠋ᠠᠰᠬᠠᠬᠤ᠎ᠪᠠᠷ ᠪᠠᠷᠠᠬᠤ ᠦᠭᠡᠢ ᠪᠠᠰᠠ ᠥᠪᠡᠷ᠎ᠤᠨ ᠦᠷᠲᠡᠭ᠎ᠢ ᠪᠠᠭᠤᠷᠠᠭᠤᠯᠵᠤ ᠴᠢᠳᠠᠨ᠎ᠠ᠃