ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠢᠨᠵᠢᠯᠡᠭᠡ ᠮᠡᠷᠭᠡᠵᠢᠯ
ᠦᠷ᠎ᠡ ᠰᠣᠩᠭᠤᠬᠤ᠎ᠳᠤ 《ᠲᠠᠪᠤ ᠵᠢ ᠠᠪᠬᠤ》 ᠪᠠ 《ᠲᠠᠪᠤ ᠵᠢ ᠠᠪᠬᠤ ᠦᠭᠡᠢ》
ᠨᠡᠶ᠋ᠢᠲᠡᠯᠡᠭᠰᠡᠨ ᠴᠠᠭ᠄ 2024-03-28

 
   
    ᠬᠠᠪᠤᠷ᠎ᠤᠨ ᠤᠯᠠᠷᠢᠯ᠎ᠳᠤ ᠨᠢᠭᠡ ᠮᠥᠬᠦᠯᠢᠭ ᠨᠠᠷᠢᠮᠤ ᠲᠠᠷᠢᠪᠠᠯ ᠨᠠᠮᠤᠷ᠎ᠤᠨ ᠬᠤᠷᠢᠶᠠᠯᠲᠠ᠎ᠳᠤ ᠲᠦᠮᠡᠨ ᠮᠥᠬᠦᠯᠢᠭ ᠠᠮᠤ ᠬᠤᠷᠢᠶᠠᠳᠠᠭ᠃ ᠦᠷ᠎ᠡ ᠵᠢᠨ ᠶᠠᠰᠤ ᠴᠢᠨᠠᠷ᠎ᠤᠨ ᠰᠠᠶ᠋ᠢᠨ ᠮᠠᠭᠤ᠎ᠨᠢ ᠲᠠᠷᠢᠶᠠᠴᠢᠳ᠎ᠤᠨ ᠨᠢᠭᠡ ᠵᠢᠯ᠎ᠤᠨ ᠬᠤᠷᠢᠶᠠᠯᠲᠠ᠎ᠲᠠᠢ ᠬᠤᠯᠪᠣᠭᠳᠠᠵᠤ ᠪᠠᠶ᠋ᠢᠳᠠᠭ᠃ ᠬᠠᠪᠤᠷ᠎ᠤᠨ ᠲᠠᠷᠢᠶᠠᠯᠠᠭ᠎ᠠ ᠵᠢᠨ ᠲᠠᠰᠢᠷᠠᠮ ᠵᠶ᠋ᠠᠷ᠂ ᠬᠥᠬᠡᠬᠤᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠠᠴᠠ ᠥᠷᠭᠡᠨ ᠣᠯᠠᠨ ᠮᠠᠯᠴᠢᠨ ᠲᠠᠷᠢᠶᠠᠴᠢᠳ᠎ᠲᠤ᠂ ᠦᠷ᠎ᠡ ᠰᠣᠩᠭᠤᠬᠤ᠂ ᠦᠷ᠎ᠡ ᠬᠤᠳᠠᠯᠳᠤᠨ ᠠᠪᠬᠤ᠎ᠳᠠᠭᠠᠨ 《ᠲᠠᠪᠤ ᠵᠢ ᠠᠪᠬᠤ ᠲᠠᠪᠤ ᠵᠢ ᠠᠪᠬᠤ ᠦᠭᠡᠢ》 ᠪᠠᠶ᠋ᠢᠬᠤ ᠵᠠᠷᠴᠢᠮ᠎ᠢ ᠪᠠᠲᠤ ᠴᠡᠭᠡᠵᠢᠯᠡᠬᠦ ᠬᠡᠷᠡᠭᠲᠡᠢ ᠭᠡᠵᠦ ᠰᠠᠨᠠᠭᠤᠯᠵᠤ ᠪᠠᠶ᠋ᠢᠨ᠎ᠠ᠃

    《ᠲᠠᠪᠤ ᠵᠢ ᠠᠪᠬᠤ》

    ᠨᠢᠭᠡ᠎ᠳᠤ ᠦᠨᠡᠮᠯᠡᠯ᠎ᠢ᠎ᠨᠢ ᠦᠵᠡᠬᠦ ᠬᠡᠷᠡᠭᠲᠡᠢ᠂ ᠵᠢᠩᠬᠢᠨᠢ ᠦᠨᠡᠨᠴᠢ ᠢᠲᠡᠭᠡᠮᠵᠢ᠎ᠲᠠᠢ ᠦᠷ᠎ᠡ ᠵᠢᠨ ᠠᠵᠤ ᠠᠬᠤᠶ᠋ᠢᠯᠠᠯ ᠪᠠ ᠡᠵᠡᠩᠨᠡᠯᠲᠡ ᠵᠢᠨ ᠳᠡᠯᠭᠡᠭᠦᠷ᠎ᠢ ᠰᠣᠩᠭᠤᠵᠤ ᠦᠷ᠎ᠡ ᠬᠤᠳᠠᠯᠳᠤᠨ ᠠᠪᠬᠤ ᠬᠡᠷᠡᠭᠲᠡᠢ᠂ ᠡᠵᠡᠩᠨᠡᠯᠲᠡ ᠵᠢᠨ ᠦᠨᠡᠮᠯᠡᠯ᠂ ᠨᠠᠶ᠋ᠢᠳᠠᠯᠭ᠎ᠠ᠎ᠪᠠᠷ ᠣᠷᠣᠯᠠᠨ ᠪᠣᠷᠣᠯᠠᠭᠤᠯᠬᠤ ᠭᠡᠷ᠎ᠡ᠂ ᠳᠠᠩᠰᠠᠯᠠᠭᠤᠯᠤᠭᠰᠠᠨ ᠬᠦᠰᠦᠨᠦᠭᠲᠦ ᠵᠢ ᠪᠠᠶ᠋ᠢᠴᠠᠭ᠋ᠠᠵᠤ ᠦᠵᠡᠬᠦ ᠴᠢᠬᠤᠯᠠᠳᠠᠢ᠃

    ᠬᠤᠶᠠᠷ᠎ᠲᠤ ᠱᠣᠰᠢᠭ᠎ᠠ ᠲᠡᠮᠳᠡᠭ᠎ᠢ᠎ᠨᠢ ᠪᠠᠶ᠋ᠢᠴᠠᠭ᠋ᠠᠬᠤ ᠬᠡᠷᠡᠭᠲᠡᠢ᠂ ᠱᠣᠰᠢᠭ᠎ᠠ ᠲᠡᠮᠳᠡᠭ ᠪᠠ ᠬᠡᠷᠡᠭᠯᠡᠬᠦ ᠲᠣᠳᠣᠷᠬᠠᠶ᠋ᠢᠯᠠᠯᠲᠠ ᠳᠡᠭᠡᠷᠡᠬᠢ ᠦᠢ᠍ᠯᠡᠳᠪᠦᠷᠢᠯᠡᠵᠦ ᠡᠵᠡᠩᠨᠡᠭᠴᠢ ᠵᠢᠨ ᠮᠡᠳᠡᠭᠡ ᠵᠠᠩᠭᠢ᠂ ᠪᠠᠶ᠋ᠢᠴᠠᠭ᠋ᠠᠨ ᠰᠢᠯᠭ᠋ᠠᠭᠰᠠᠨ ᠡᠳᠦᠷ ᠬᠤᠭᠤᠴᠠᠭ᠎ᠠ ᠪᠠ ᠶᠠᠰᠤ ᠴᠢᠨᠠᠷ᠎ᠤᠨ ᠪᠠᠲᠤᠯᠠᠭ᠎ᠠ ᠵᠢᠨ ᠬᠤᠭᠤᠴᠠᠭ᠎ᠠ᠂ ᠳᠠᠷᠢᠬᠤ᠎ᠳᠤ ᠲᠣᠬᠢᠷᠠᠬᠤ ᠣᠷᠣᠨ ᠪᠦᠰᠡ᠂ ᠭᠤᠣᠯ ᠰᠢᠨᠵᠢ ᠪᠠᠶ᠋ᠢᠳᠠᠯ᠂ ᠠᠶᠤᠯ ᠲᠦᠭᠰᠢᠭᠦᠷᠢ ᠵᠢᠨ ᠰᠠᠨᠠᠭᠤᠯᠤᠮᠵᠢ ᠵᠡᠷᠭᠡ ᠠᠭᠤᠯᠭ᠎ᠠ ᠵᠢ ᠪᠠᠶ᠋ᠢᠴᠠᠭ᠋ᠠᠨ ᠦᠵᠡᠬᠦ ᠬᠡᠷᠡᠭᠲᠡᠢ᠃

    ᠭᠤᠷᠪᠠ᠎ᠳᠤ ᠶᠠᠰᠤ ᠴᠢᠨᠠᠷ᠎ᠢ᠎ᠨᠢ ᠦᠵᠡᠬᠦ ᠬᠡᠷᠡᠭᠲᠡᠢ᠂ ᠤᠰᠤᠨ᠎ᠤ ᠠᠭᠤᠯᠤᠭᠳᠠᠴᠠ ᠵᠢᠨ ᠵᠡᠭᠦᠯᠲᠡ ᠵᠢᠨ ᠬᠡᠮᠵᠢᠭᠳᠡᠯ᠎ᠨᠢ ᠬᠡᠳᠦᠢ ᠳᠣᠣᠷ᠎ᠠ ᠪᠣᠯ ᠲᠡᠳᠦᠢ ᠰᠠᠶ᠋ᠢᠨ᠂ ᠴᠡᠪᠡᠷᠴᠡ᠂ ᠨᠠᠬᠢᠶᠠᠯᠠᠬᠤ ᠨᠤᠷᠮ᠎ᠠ᠂ ᠴᠡᠪᠡᠷᠴᠡ ᠵᠢᠨ ᠵᠡᠭᠦᠯᠲᠡ ᠵᠢᠨ ᠬᠡᠮᠵᠢᠭᠳᠡᠯ᠎ᠨᠢ ᠬᠡᠳᠦᠢ ᠥᠨᠳᠥᠷ ᠪᠣᠯ ᠲᠡᠳᠦᠢ ᠰᠠᠶ᠋ᠢᠨ ᠪᠠᠶ᠋ᠢᠳᠠᠭ᠃

    ᠳᠥᠷᠪᠡ᠎ᠳᠤ ᠲᠠᠮᠠᠭ᠎ᠠ᠎ᠲᠠᠢ ᠪᠢᠯᠧᠲ ᠪᠠᠷᠢᠮᠲᠠ ᠵᠢ᠎ᠨᠢ ᠦᠯᠡᠳᠡᠭᠡᠬᠦ ᠬᠡᠷᠡᠭᠲᠡᠢ᠂ ᠦᠷ᠎ᠡ ᠬᠤᠳᠠᠯᠳᠤᠨ ᠠᠪᠬᠤ᠎ᠳᠠᠭᠠᠨ ᠪᠣᠷᠣᠯᠠᠭᠤᠯᠬᠤ ᠳᠡᠯᠭᠡᠭᠦᠷ᠎ᠠᠴᠠ ᠪᠠᠷᠢᠮᠲᠠ ᠪᠤᠶᠤ ᠲᠠᠮᠠᠭ᠎ᠠ᠎ᠲᠠᠢ ᠪᠠᠷᠢᠮᠲᠠ ᠠᠪᠴᠤ᠂ ᠦᠷ᠎ᠡ ᠬᠤᠳᠠᠯᠳᠤᠨ ᠠᠪᠤᠭᠰᠠᠨ ᠭᠡᠷᠡᠴᠢ ᠪᠠᠷᠢᠮᠲᠠ ᠪᠠ ᠦᠷ᠎ᠡ ᠵᠢᠨ ᠪᠣᠭᠤᠳᠠᠯ᠎ᠤᠨ ᠤᠭᠤᠲᠠ (ᠱᠣᠰᠢᠭ᠎ᠠ)᠎ᠪᠠᠨ ᠲᠠᠷᠢᠶ᠎ᠠ ᠬᠤᠷᠢᠶᠠᠭᠰᠠᠨ᠎ᠤ ᠲᠠᠷᠠᠭ᠎ᠠ ᠪᠣᠯᠲᠠᠯ᠎ᠠ ᠬᠠᠳᠠᠭ᠋ᠠᠯᠠᠬᠤ ᠬᠡᠷᠡᠭᠲᠡᠢ᠃

    ᠲᠠᠪᠤ᠎ᠳᠤ ᠡᠷᠬᠡ ᠠᠰᠢᠭ ᠵᠶ᠋ᠠᠨ ᠬᠠᠮᠠᠭ᠋ᠠᠯᠠᠬᠤ ᠬᠡᠷᠡᠭᠲᠡᠢ᠂ ᠦᠷ᠎ᠡ ᠵᠢᠨ ᠶᠠᠰᠤ ᠴᠢᠨᠠᠷ᠎ᠲᠤ ᠠᠰᠠᠭᠤᠳᠠᠯ ᠭᠠᠷᠬᠤ ᠪᠤᠶᠤ ᠦᠷ᠎ᠡ ᠬᠡᠷᠡᠭᠯᠡᠭᠰᠡᠨ᠎ᠠᠴᠠ ᠪᠣᠯᠵᠤ ᠬᠤᠬᠢᠷᠠᠯ ᠭᠠᠷᠬᠤ ᠦᠶ᠎ᠡ᠎ᠳᠤ᠂ ᠠᠯᠠᠭᠯᠠᠨ ᠲᠠᠷᠢᠬᠰᠠᠨ ᠲᠤᠬᠠᠢ ᠵᠢᠨ ᠳᠠᠯᠠᠪᠤᠷ ᠵᠡᠷᠭᠡ ᠬᠤᠯᠪᠣᠭᠳᠠᠯ ᠪᠦᠬᠦᠢ ᠭᠡᠷᠡᠴᠢ ᠪᠠᠷᠢᠮᠲᠠ ᠵᠢ ᠰᠠᠶ᠋ᠢᠲᠤᠷ ᠬᠠᠮᠠᠭ᠋ᠠᠯᠠᠬᠤ ᠵᠢᠨ ᠬᠠᠮᠲᠤ ᠲᠤᠬᠠᠢ ᠵᠢᠨ ᠭᠠᠵᠠᠷ᠎ᠤᠨ ᠲᠠᠷᠢᠶᠠᠯᠠᠩ ᠮᠠᠯ ᠠᠵᠤ ᠠᠬᠤᠢ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠦᠯᠲᠡ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ᠂ 12316 ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠢ᠎ᠳᠤᠨᠢ ᠵᠠᠭ᠋ᠠᠯᠳᠤᠵᠤ ᠢᠯᠡᠴᠢᠯᠡᠨ ᠮᠡᠳᠡᠭᠦᠯᠬᠦ ᠬᠡᠷᠡᠭᠲᠡᠢ᠃

    《ᠲᠠᠪᠤ ᠵᠢ ᠠᠪᠬᠤ ᠦᠭᠡᠢ》

    ᠨᠢᠭᠡ᠎ᠳᠤ ᠰᠣᠬᠤᠷ ᠪᠠᠯᠠᠢ᠎ᠪᠠᠷ ᠲᠠᠭ᠋ᠠᠵᠤ ᠪᠣᠯᠬᠤ ᠦᠭᠡᠢ᠂ ᠲᠠᠷᠢᠶᠠᠨ ᠭᠠᠵᠠᠷ᠎ᠤᠨ ᠬᠥᠷᠥᠰᠥ ᠰᠢᠷᠣᠢ ᠵᠢᠨ ᠴᠢᠨᠠᠷ᠂ ᠬᠦᠴᠦ ᠰᠢᠮ᠎ᠡ᠂ ᠬᠠᠮᠢᠶᠠᠷᠤᠯᠲᠠ ᠵᠢᠨ ᠬᠢᠷᠢ ᠬᠡᠮᠵᠢᠶ᠎ᠡ ᠵᠡᠷᠭᠡ ᠪᠠᠶ᠋ᠢᠳᠠᠯ᠎ᠢ ᠬᠠᠶ᠋ᠢᠬᠤᠷᠤᠯ ᠦᠭᠡᠢ᠎ᠪᠠᠷ ᠰᠣᠬᠤᠷ ᠪᠠᠯᠠᠢ᠎ᠪᠠᠷ ᠪᠤᠰᠤᠳ᠎ᠢ ᠲᠠᠭ᠋ᠠᠵᠤ ᠠᠪᠬᠤ᠂ ᠬᠥᠮᠥᠨ ᠶᠠᠮᠠᠷ ᠡᠭᠦᠯᠳᠡᠷ᠎ᠢ ᠲᠠᠷᠢᠪᠠᠯ ᠳᠠᠭ᠋ᠠᠵᠤ ᠲᠡᠷᠡ ᠡᠭᠦᠯᠳᠡᠷ᠎ᠢ᠎ᠨᠢ ᠲᠠᠷᠢᠬᠤ᠎ᠠᠴᠠ ᠵᠠᠶ᠋ᠢᠯᠠᠰᠬᠢᠬᠤ ᠭᠡᠷᠡᠭᠳᠡᠢ᠃

    ᠬᠤᠶᠠᠷ᠎ᠲᠤ ᠰᠢᠨ᠎ᠡ ᠬᠠᠨᠳᠤᠰᠢ ᠵᠢ ᠳᠠᠭ᠋ᠠᠵᠤ ᠪᠣᠯᠬᠤ ᠦᠭᠡᠢ᠂ ᠰᠢᠨ᠎ᠡ ᠡᠬᠦᠯᠳᠡᠷ ᠯᠠ ᠪᠣᠯ ᠰᠠᠶ᠋ᠢᠨ ᠭᠡᠵᠦ ᠦᠵᠡᠵᠦ᠂ ᠲᠤᠰ ᠡᠬᠦᠯᠳᠡᠷ᠎ᠨᠢ ᠬᠢᠨᠠᠨ ᠲᠣᠭᠲᠠᠭ᠋ᠠᠯᠲᠠ ᠪᠤᠶᠤ ᠪᠦᠷᠢᠳᠬᠡᠯᠲᠡ᠎ᠳᠤ ᠬᠢᠷᠢ ᠲᠡᠩᠴᠡᠭᠰᠡᠨ ᠡᠰᠡᠬᠦ ᠵᠢ ᠬᠠᠮᠢᠶᠠᠷᠬᠤ ᠦᠭᠡᠢ ᠪᠠᠶ᠋ᠢᠵᠤ ᠪᠤᠯᠬᠤ ᠦᠭᠡᠢ᠃

    ᠭᠤᠷᠪᠠ᠎ᠳᠤ ᠣᠷᠣᠨ ᠪᠦᠰᠡ ᠵᠢ ᠳᠠᠪᠠᠵᠤ ᠪᠣᠯᠬᠤ ᠦᠭᠡᠢ᠂ ᠲᠠᠷᠢᠶ᠎ᠠ ᠲᠠᠷᠢᠬᠤ᠎ᠳᠠᠭᠠᠨ ᠬᠤᠷᠠᠮᠠᠯ ᠰᠡᠷᠢᠭᠦᠨ ᠪᠦᠰᠡ ᠵᠢᠨ ᠱᠠᠭ᠋ᠠᠷᠳᠠᠯᠭ᠎ᠠ ᠵᠢ ᠦᠨᠳᠦᠰᠦᠯᠡᠨ ᠲᠣᠬᠢᠷᠠᠮᠵᠢᠲᠠᠢ ᠡᠭᠦᠯᠳᠡᠷ᠎ᠢ ᠲᠠᠷᠢᠵᠤ᠂ ᠣᠷᠣᠨ ᠪᠦᠰᠡ ᠵᠢ ᠳᠠᠪᠠᠵᠤ ᠣᠷᠣᠢ ᠪᠣᠯᠪᠠᠰᠤᠷᠠᠬᠤ ᠡᠭᠦᠯᠳᠡᠷ᠎ᠢ ᠰᠣᠩᠭᠤᠵᠤ ᠪᠣᠯᠬᠤ ᠦᠭᠡᠢ᠃

    ᠳᠥᠷᠪᠡ᠎ᠳᠤ ᠦᠨᠳᠦᠷ᠎ᠢ ᠬᠦᠭᠡᠭᠡᠴᠡᠯᠳᠦᠵᠤ ᠪᠣᠯᠬᠤ ᠦᠭᠡᠢ᠂ ᠥᠨᠳᠥᠷ ᠦᠨ᠎ᠡ᠎ᠲᠠᠢ ᠦᠷ᠎ᠡ ᠯᠠᠪ ᠰᠠᠶ᠋ᠢᠨ ᠦᠷ᠎ᠡ ᠭᠡᠵᠦ ᠦᠵᠡᠬᠦ᠎ᠠᠴᠠ ᠵᠠᠶ᠋ᠢᠯᠠᠰᠬᠢᠪᠠᠯ ᠵᠤᠬᠢᠨ᠎ᠠ᠃

    ᠲᠠᠪᠤ᠎ᠳᠤ ᠤᠳᠠᠭ᠋ᠠᠰᠢᠷᠠᠭᠤᠯᠵᠤ ᠪᠣᠯᠬᠤ ᠦᠭᠡᠢ᠂ ᠴᠠᠭ᠎ᠢ ᠠᠮᠵᠢᠨ ᠦᠷ᠎ᠡ ᠬᠤᠳᠠᠯᠳᠤᠨ ᠠᠪᠬᠤ ᠦᠭᠡᠢ᠂ ᠲᠠᠷᠢᠬᠤ ᠦᠶ᠎ᠡ᠎ᠳᠤ ᠰᠠᠶᠢ ᠦᠷ᠎ᠡ ᠬᠤᠳᠠᠯᠳᠤᠨ ᠠᠪᠬᠤ᠎ᠪᠠᠷ ᠶᠠᠭ᠋ᠠᠷᠠᠪᠠᠯ᠂ ᠬᠠᠮᠤᠭ᠎ᠤᠨ ᠰᠠᠶ᠋ᠢᠨ ᠲᠠᠷᠢᠬᠤ ᠴᠠᠭ ᠦᠶ᠎ᠡ ᠵᠢ ᠠᠯᠳᠠᠵᠤ ᠮᠡᠳᠡᠨ᠎ᠡ᠃
    

ᠢᠷᠡᠯᠲᠡ᠄ ᠬᠥᠬᠡᠬᠤᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠳᠤᠯᠠᠭ᠋ᠠᠨ ᠬᠤᠲᠠ ᠵᠢᠨ ᠲᠠᠩᠰᠤᠭ ᠠᠶᠠᠯᠠᠯ — ᠡᠯᠡᠰᠦ ᠮᠠᠩᠬᠠᠨ᠎ᠤ ᠠᠶᠠᠯᠠᠯ
ᠭᠠᠵᠠᠷ ᠣᠷᠣᠨ᠎ᠳᠠᠭᠠᠨ ᠲᠣᠬᠢᠷᠠᠬᠤ ᠡᠷᠳᠡᠨᠢ ᠰᠢᠰᠢ ᠵᠢᠨ ᠦᠷ᠎ᠡ ᠵᠢ ᠬᠡᠷᠬᠢᠨ ᠰᠣᠩᠭᠤᠬᠤ ᠪᠤᠢ
ᠥᠪᠥᠷ ᠮᠣᠩᠭᠤᠯ᠎ᠤᠨ ᠵᠡᠭᠦᠨ ᠬᠤᠶ᠋ᠢᠲᠤ ᠵᠢᠨ ᠬᠠᠷ᠎ᠠ ᠬᠥᠷᠥᠰᠥ ᠵᠢ ᠬᠠᠮᠠᠭ᠋ᠠᠯᠠᠨ ᠠᠰᠢᠭᠯᠠᠬᠤ ᠮᠡᠷᠭᠡᠵᠢᠯ᠎ᠤᠨ ᠵᠠᠭᠪᠤᠷ (ᠨᠢᠭᠡ)
ᠥᠪᠥᠷ ᠮᠣᠩᠭᠤᠯ᠎ᠤᠨ ᠵᠡᠭᠦᠨ ᠬᠤᠶ᠋ᠢᠲᠤ ᠵᠢᠨ ᠬᠠᠷ᠎ᠠ ᠬᠥᠷᠥᠰᠥ ᠵᠢ ᠬᠠᠮᠠᠭ᠋ᠠᠯᠠᠨ ᠠᠰᠢᠭᠯᠠᠬᠤ ᠮᠡᠷᠭᠡᠵᠢᠯ᠎ᠤᠨ ᠵᠠᠭᠪᠤᠷ (ᠬᠤᠶᠠᠷ)
 
             蒙ICP备05000248号