ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠠᠷᠤ ᠬᠤᠷᠮᠣᠢ ᠵᠢᠨ ᠬᠠᠷ᠎ᠠ ᠬᠥᠷᠥᠰᠥᠨ᠎ᠳᠤ ᠴᠢᠭᠯᠡᠭᠦᠯᠦᠨ᠂ ᠡᠩ᠎ᠤᠨ ᠲᠠᠷᠢᠶᠠᠯᠠᠭ᠎ᠠ ᠵᠢᠨ ᠨᠥᠬᠦᠴᠡᠯ ᠳᠣᠣᠷ᠎ᠠ᠂ ᠬᠠᠪᠤᠷ᠎ᠤᠨ ᠤᠯᠠᠷᠢᠯ᠎ᠤᠨ ᠰᠠᠯᠬᠢ ᠶᠡᠭᠡ᠂ ᠭᠠᠵᠠᠷ᠎ᠤᠨ ᠬᠦᠷᠦᠰᠦ᠎ᠨᠢ ᠢᠯᠡ᠂ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠢ ᠰᠡᠶ᠋ᠢᠷᠡᠭᠵᠢᠭᠰᠡᠨᠠᠴᠠ ᠪᠣᠯᠵᠤ ᠰᠠᠯᠬᠢᠨ᠎ᠳᠤ ᠢᠳᠡᠭᠳᠡᠵᠦ ᠡᠯᠡᠰᠦᠵᠢᠬᠦ᠎ᠨᠢ ᠬᠦᠨᠳᠦ ᠨᠣᠴᠢᠲᠠᠢ᠂ ᠬᠠᠷ᠎ᠠ ᠬᠥᠷᠥᠰᠥᠨ᠎ᠤ ᠳᠠᠪᠬᠤᠷᠭ᠎ᠠ ᠨᠢᠮᠭᠡᠷᠡᠬᠦ᠂ ᠲᠠᠷᠢᠶᠠᠯᠠᠬᠤ ᠳᠠᠪᠬᠤᠷᠭ᠎ᠠ ᠭᠦᠢ᠍ᠬᠡᠨ ᠪᠣᠯᠬᠤ ᠪᠠ ᠬᠥᠷᠥᠰᠥᠨ᠎ᠤ ᠰᠢᠮ᠎ᠡ ᠲᠡᠵᠢᠭᠡᠯ ᠠᠯᠳᠠᠭᠳᠠᠬᠤ᠂ ᠬᠠᠪᠤᠷ᠎ᠤᠨ ᠭᠠᠩ ᠬᠠᠭᠤᠷᠠᠢ᠂ ᠳᠣᠣᠷ᠎ᠠ ᠳᠤᠯᠠᠭ᠋ᠠᠨ ᠵᠡᠷᠭᠡ ᠠᠰᠠᠭᠤᠳᠠᠯ᠎ᠳᠤ ᠴᠢᠭᠯᠡᠭᠦᠯᠦᠨ᠂ ᠪᠤᠭᠤᠳᠠᠢ ᠪᠠ ᠲᠥᠮᠥᠰᠥ ᠵᠢᠨ ᠡᠭᠡᠯᠵᠢᠯᠡᠨ ᠲᠠᠷᠢᠵᠤ ᠬᠠᠭ᠋ᠠᠯᠪᠤᠷᠢᠯᠠᠬᠤ ᠦᠭᠡᠢ᠎ᠪᠠᠷ ᠡᠰᠢ ᠰᠦᠷᠡᠯ᠎ᠢ ᠲᠠᠷᠢᠶᠠᠨ ᠭᠠᠵᠠᠷ᠎ᠲᠤ ᠪᠤᠴᠠᠭ᠋ᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠮᠡᠷᠭᠡᠵᠢᠯ᠎ᠤᠨ ᠵᠠᠭᠪᠤᠷ᠎ᠢ ᠲᠥᠪᠯᠡᠷᠡᠭᠦᠯᠦᠨ ᠲᠠᠨᠢᠯᠴᠠᠭᠤᠯᠤᠨ᠎ᠠ᠃
ᠭᠤᠣᠯ ᠦᠨᠳᠦᠰᠦᠯᠡᠯ᠎ᠨᠢ᠄ ᠡᠰᠢ ᠰᠦᠷᠡᠯ᠎ᠢ ᠲᠠᠷᠢᠶᠠᠨ ᠭᠠᠵᠠᠷ᠎ᠲᠤ ᠪᠤᠴᠠᠭ᠋ᠠᠬᠤ᠎ᠨᠢ ᠬᠥᠷᠥᠰᠥᠨ᠎ᠤ ᠣᠷᠭ᠋ᠠᠨᠢᠭ ᠪᠣᠳᠠᠰ᠎ᠢ ᠨᠡᠮᠡᠭᠳᠡᠭᠦᠯᠵᠦ᠂ ᠤᠰᠤ ᠬᠤᠷᠠᠮᠳᠤᠭᠤᠯᠤᠨ ᠴᠢᠬᠢᠭ᠎ᠢ ᠬᠠᠮᠠᠭ᠋ᠠᠯᠠᠵᠤ᠂ ᠭᠠᠵᠠᠷ᠎ᠤᠨ ᠳᠤᠯᠠᠭ᠋ᠠᠨ᠎ᠢ ᠲᠣᠬᠢᠷᠠᠭᠤᠯᠤᠨ᠂ ᠬᠥᠷᠥᠰᠥ ᠰᠢᠷᠣᠢ ᠵᠢᠨ ᠪᠦᠲᠦᠴᠡ ᠵᠢ ᠢᠯᠡᠳᠲᠡ ᠬᠤᠪᠢᠷᠠᠭᠤᠯᠵᠤ᠂ ᠪᠤᠭᠤᠳᠠᠢ ᠪᠠ ᠲᠥᠮᠥᠰᠥ ᠵᠢ ᠡᠭᠡᠯᠵᠢᠯᠡᠨ ᠳᠠᠷᠢᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠨ ᠳᠠᠷᠢᠬᠤ ᠮᠡᠷᠭᠡᠵᠢᠯ᠎ᠢ ᠲᠥᠬᠦᠷᠵᠢᠭᠦᠯᠪᠡᠯ᠂ ᠬᠥᠷᠥᠰᠥ ᠰᠢᠷᠣᠢ ᠵᠢᠨ ᠰᠠᠯᠬᠢᠨ᠎ᠳᠤ ᠢᠳᠡᠭᠳᠡᠵᠦ ᠡᠯᠡᠰᠦᠵᠢᠬᠦ ᠵᠢ ᠪᠦᠲᠦᠮᠵᠢᠲᠡᠶ ᠬᠤᠷᠢᠭᠯᠠᠵᠤ᠂ ᠬᠥᠷᠥᠰᠥ ᠰᠢᠷᠣᠢ ᠵᠢᠨ ᠤᠰᠤ ᠬᠠᠳᠠᠭ᠋ᠠᠯᠠᠬᠤ ᠴᠢᠳᠠᠪᠤᠷᠢ ᠵᠢ ᠨᠡᠮᠡᠭᠳᠡᠭᠦᠯᠦᠨ᠂ ᠬᠥᠷᠥᠰᠥ ᠰᠢᠷᠣᠢ ᠵᠢ ᠬᠠᠮᠠᠭ᠋ᠠᠯᠠᠨ ᠤᠰᠤ ᠵᠢ ᠬᠠᠮᠠᠭ᠋ᠠᠯᠠᠵᠤ᠂ ᠬᠥᠷᠥᠰᠥ ᠰᠢᠷᠣᠢ ᠵᠢᠨ ᠣᠷᠭ᠋ᠠᠨᠢᠭ ᠪᠣᠳᠠᠰ᠎ᠤᠨ ᠠᠭᠤᠯᠤᠭᠳᠠᠴᠠ ᠵᠢ ᠨᠡᠮᠡᠭᠳᠡᠭᠦᠯᠦᠨ᠂ ᠬᠥᠷᠥᠰᠥ ᠰᠢᠷᠣᠢ ᠵᠢ ᠰᠢᠮᠡᠵᠢᠭᠦᠯᠵᠦ᠂ ᠭᠠᠵᠠᠷ᠎ᠤᠨ ᠰᠢᠮ᠎ᠡ ᠵᠢ ᠳᠡᠭᠡᠭᠰᠢᠯᠡᠭᠦᠯᠵᠦ᠂ ᠡᠰᠢ ᠰᠦᠷᠡᠯ᠎ᠢ ᠰᠢᠲᠠᠭ᠋ᠠᠬᠤ᠂ ᠡᠮᠬᠢ ᠵᠠᠮᠪᠠᠷᠠᠭ᠎ᠠ ᠦᠭᠡᠢ᠎ᠪᠠᠷ ᠣᠪᠣᠭ᠋ᠠᠯᠠᠬᠤ ᠵᠡᠷᠭᠡ᠎ᠠᠴᠠ ᠪᠣᠯᠤᠭᠰᠠᠨ ᠣᠷᠴᠢᠨ ᠲᠣᠭᠤᠷᠢᠨ᠎ᠤ ᠪᠣᠬᠢᠷᠲᠤᠯ᠎ᠢ ᠪᠦᠲᠦᠮᠵᠢᠲᠡᠶ ᠬᠤᠷᠢᠭᠯᠠᠵᠤ ᠴᠢᠳᠠᠨ᠎ᠠ᠃ ᠲᠣᠰ ᠵᠠᠭᠪᠤᠷ᠎ᠨᠢ ᠮᠠᠰᠢᠨ ᠵᠶ᠋ᠠᠷ ᠠᠵᠢᠯᠯᠠᠬᠤ ᠠᠵᠢᠯ᠎ᠤᠨ ᠳᠠᠷᠠᠭ᠋ᠠᠯᠠᠯ᠎ᠢ ᠪᠠᠭ᠋ᠠᠰᠬᠠᠵᠤ᠂ ᠤᠰᠤ ᠪᠠ ᠪᠣᠷᠳᠣᠭᠤᠷ᠎ᠢ ᠠᠰᠢᠭᠯᠠᠬᠤ ᠨᠣᠷᠮ᠎ᠠ ᠵᠢ ᠳᠡᠭᠡᠭᠰᠢᠯᠡᠭᠦᠯᠦᠨ᠂ ᠪᠤᠭᠤᠳᠠᠢ ᠵᠢᠨ ᠲᠥᠷᠥᠯ᠂ ᠰᠢᠯᠢᠮᠳᠡᠭ᠎ᠤᠨ ᠭᠠᠷᠤᠯᠲᠠ ᠵᠢ 8%-12% ᠵᠶ᠋ᠠᠷ ᠳᠡᠭᠡᠭᠰᠢᠯᠡᠭᠦᠯᠵᠦ ᠪᠣᠯᠣᠨ᠎ᠠ᠃ ᠲᠣᠰ ᠮᠡᠷᠭᠡᠵᠢᠯ᠎ᠤᠨ ᠵᠠᠭᠪᠤᠷ᠎ᠢ ᠨᠢᠭᠡᠨᠲᠡ ᠶᠠᠭᠰᠢ ᠬᠤᠲᠠ᠂ ᠬᠠᠶ᠋ᠢᠯᠠᠷ ᠲᠣᠭᠤᠷᠢᠭ᠎ᠲᠤ ᠳᠡᠯᠭᠡᠷᠡᠭᠦᠯᠦᠨ ᠵᠢᠱ᠌ᠢᠶ᠎ᠡ ᠦᠵᠡᠭᠦᠯᠪᠡ᠃
ᠮᠡᠷᠭᠡᠵᠢᠯ᠎ᠤᠨ ᠭᠤᠣᠯᠳᠠᠯᠭ᠎ᠠ᠄ ᠰᠢᠯᠢᠮᠳᠡᠭ — ᠪᠤᠭᠤᠳᠠᠢ (ᠠᠷᠪᠠᠢ) — ᠲᠥᠮᠥᠰᠥ (ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ) — ᠪᠤᠭᠤᠳᠠᠢ (ᠠᠷᠪᠠᠢ) ᠵᠢ ᠡᠭᠡᠯᠵᠢᠯᠡᠨ ᠲᠠᠷᠢᠬᠤ ᠵᠠᠭᠪᠤᠷ᠎ᠢ ᠬᠡᠷᠡᠭᠯᠡᠨ᠎ᠡ᠂ ᠲᠤᠬᠠᠶ᠋ᠢᠯᠠᠪᠠᠯ᠄ ᠨᠢᠭᠡᠳᠦᠭᠡᠷ ᠵᠢᠯ᠎ᠳᠤ ᠬᠠᠭ᠋ᠠᠯᠪᠤᠷᠢᠯᠠᠬᠤ ᠦᠭᠡᠢ᠎ᠪᠠᠷ ᠰᠢᠯᠢᠮᠳᠡᠭ ᠲᠠᠷᠢᠨ᠎ᠠ᠂ ᠰᠢᠯᠢᠮᠳᠡᠭᠢ ᠴᠠᠭᠲᠤᠨᠢ ᠲᠣᠬᠢᠷᠠᠭᠤᠯᠤᠨ ᠡᠷᠲᠡ ᠲᠠᠷᠢᠵᠤ᠂ ᠡᠷᠲᠡ ᠪᠣᠯᠪᠠᠰᠤᠷᠠᠬᠤ ᠪᠤᠭᠤᠳᠠᠢ (ᠠᠷᠪᠠᠢ) ᠵᠢ ᠵᠣᠬᠢᠬᠤ ᠬᠡᠮᠵᠢᠶ᠎ᠡ᠎ᠪᠠᠷ ᠣᠷᠣᠢ ᠲᠠᠷᠢᠨ᠎ᠠ᠂ ᠨᠠᠮᠤᠷ᠎ᠤᠨ ᠬᠤᠷᠢᠶᠠᠯᠲᠠ ᠵᠢᠨ ᠭᠤᠤᠷᠰᠤ ᠵᠢ ᠦᠯᠡᠳᠡᠭᠡᠵᠦ᠂ ᠪᠤᠭᠤᠳᠠᠢ (ᠠᠷᠪᠠᠢ) ᠵᠢᠨ ᠭᠤᠤᠷᠰᠤ ᠦᠯᠡᠳᠡᠭᠡᠬᠦ ᠥᠨᠳᠥᠷ᠎ᠤᠨ ᠬᠡᠮᠵᠢᠶ᠎ᠡ᠎ᠨᠢ 15-20cm᠂ ᠰᠢᠯᠢᠮᠳᠡᠭ᠎ᠤᠨ ᠭᠤᠤᠷᠰᠤ ᠦᠯᠡᠳᠡᠭᠡᠬᠦ ᠥᠨᠳᠥᠷ᠎ᠤᠨ ᠬᠡᠮᠵᠢᠶ᠎ᠡ᠎ᠨᠢ 20-25cm ᠪᠣᠯᠣᠨ᠎ᠠ᠃ ᠡᠰᠢ ᠰᠦᠷᠡᠯ᠎ᠢ ᠬᠡᠮᠬᠡᠯᠦᠭᠰᠡᠨᠤ ᠳᠠᠷᠠᠭ᠎ᠠ ᠭᠠᠵᠠᠷ᠎ᠤᠨ ᠬᠦᠷᠦᠰᠦᠨ ᠲᠡᠭᠡᠷ᠎ᠡ ᠵᠢᠭᠳᠡ᠎ᠪᠠᠷ ᠰᠠᠴᠤᠵᠤ᠂ 100%᠎ᠪᠠᠷ ᠪᠦᠷᠬᠦᠭᠦᠯᠵᠦ᠂ ᠰᠠᠴᠤᠭᠰᠠᠨ ᠨᠢᠮᠭᠡᠨ ᠵᠤᠵᠠᠭ᠋ᠠᠨ᠎ᠨᠢ ᠨᠢᠭᠡᠳᠦᠯᠲᠡᠢ ᠪᠠᠶ᠋ᠢᠬᠤ ᠬᠡᠷᠡᠭᠲᠡᠢ; ᠬᠤᠶᠠᠳᠤᠭ᠋ᠠᠷ ᠵᠢᠯ᠎ᠳᠤ ᠭᠤᠤᠷᠰᠤ᠎ᠲᠠᠢ ᠨᠠᠷᠬ᠎ᠠ ᠵᠢ ᠬᠠᠭ᠋ᠠᠯᠪᠤᠷᠢᠯᠠᠬᠤ ᠦᠭᠡᠢ᠎ᠪᠠᠷ ᠪᠤᠭᠤᠳᠠᠢ (ᠠᠷᠪᠠᠢ) ᠲᠠᠷᠢᠵᠤ᠂ ᠨᠠᠮᠤᠷ᠎ᠤᠨ ᠬᠤᠷᠢᠶᠠᠯᠲᠠ᠎ᠳᠤ ᠭᠤᠤᠷᠰᠤ ᠦᠯᠡᠳᠡᠭᠡᠵᠦ᠂ ᠭᠦᠨ ᠤᠷᠪᠠᠭᠤᠯᠵᠤ ᠲᠠᠬᠢᠨ ᠨᠠᠷᠬᠠᠳᠠᠨ᠎ᠠ; ᠭᠤᠷᠪᠠᠳᠤᠭ᠋ᠠᠷ ᠵᠢᠯ᠎ᠳᠤ ᠲᠥᠮᠥᠰᠥ ᠳᠠᠷᠢᠬᠤ᠎ᠳᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠤᠰᠤ ᠠᠷᠪᠢᠯᠠᠬᠤ ᠤᠰᠤᠯᠠᠯᠲᠠ ᠬᠢᠵᠦ᠂ ᠨᠠᠮᠤᠷ᠎ᠤᠨ ᠤᠯᠠᠷᠢᠯ᠎ᠳᠤ ᠳᠠᠬᠢᠨ ᠨᠠᠷᠬᠠᠳᠠᠨ᠎ᠠ; ᠳᠥᠷᠪᠡᠳᠦᠭᠡᠷ ᠵᠢᠯ᠎ᠳᠤ ᠬᠠᠭ᠋ᠠᠯᠪᠤᠷᠢᠯᠠᠬᠤ ᠦᠭᠡᠢ᠎ᠪᠠᠷ ᠪᠤᠭᠤᠳᠠᠢ (ᠠᠷᠪᠠᠢ) ᠵᠢ ᠲᠠᠷᠢᠵᠤ᠂ ᠨᠠᠮᠤᠷ᠎ᠤᠨ ᠤᠯᠠᠷᠢᠯ᠎ᠤᠨ ᠬᠤᠷᠢᠶᠠᠯᠲᠠ᠎ᠳᠤ ᠭᠤᠤᠷᠰᠤ ᠦᠯᠡᠳᠡᠭᠡᠵᠦ᠂ ᠡᠰᠢ ᠰᠦᠷᠡᠯ᠎ᠢ ᠰᠠᠴᠤᠵᠤ ᠭᠠᠵᠠᠷ᠎ᠤᠨ ᠬᠦᠷᠦᠰᠦ ᠵᠢ ᠪᠦᠷᠬᠦᠭᠦᠯᠦᠨ᠎ᠡ᠃