ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
【ᠬᠣᠷᠴᠢᠨ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ】 ᠤᠯᠠᠭ᠋ᠠᠨᠬᠠᠳᠠ ᠬᠣᠲᠠ ᠵᠢᠯᠣᠭᠣᠴᠢ ᠥᠬᠡᠶ ᠨᠢᠰᠬᠡᠯ᠎ᠤᠨ ᠮᠡᠷᠭᠡᠵᠢᠯ᠎ᠢ ᠶᠡᠬᠡ᠎ᠪᠠᠷ ᠳᠡᠯᠭᠡᠷᠡᠭᠦᠯᠵᠦ ᠭᠤᠷᠪᠠᠨ ᠤᠮᠠᠷᠠᠲᠤ ᠵᠢᠨ ᠢᠨᠵᠧᠨᠧᠷᠢᠩ ᠪᠠ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠬᠦ ᠪᠠᠶ᠋ᠢᠯᠳᠤᠭ᠋ᠠᠨ᠎ᠤ ᠠᠬᠢᠴᠠ ᠵᠢ ᠲᠦᠷᠭᠡᠳᠬᠡᠪᠡ
ᠨᠡᠶ᠋ᠢᠲᠡᠯᠡᠭᠰᠡᠨ ᠴᠠᠭ᠄ 2023-12-27

      ᠣᠶ ᠰᠢᠭᠤᠶ ᠵᠢᠨ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠬᠤ ᠵᠢᠨ ᠲᠥᠯᠥᠭᠡ᠂ ᠡᠨᠡ ᠵᠢᠯ᠂ ᠤᠯᠠᠭ᠋ᠠᠨᠬᠠᠳᠠ ᠬᠣᠲᠠ ᠭᠤᠷᠪᠠᠨ ᠤᠮᠠᠷᠠᠲᠤ ᠵᠢᠨ ᠢᠨᠵᠧᠨᠧᠷᠢᠩ ᠪᠠ ᠬᠣᠶᠠᠷ ᠶᠡᠬᠡ ᠡᠯᠡᠰᠦᠷᠬᠡᠭ ᠭᠠᠵᠠᠷ᠎ᠢ ᠵᠠᠰᠠᠨ ᠰᠡᠷᠭᠦᠭᠡᠬᠦ ᠲᠥᠷᠥᠯ ᠵᠦᠢ᠍ᠯ᠎ᠤᠨ ᠲᠥᠯᠥᠪᠵᠢᠭᠦᠯᠭᠡ ᠵᠢᠴᠢ ᠪᠠᠢ᠌ᠴᠠᠭ᠋ᠠᠵᠤ ᠰᠢᠯᠭ᠋ᠠᠨ ᠠᠪᠬᠤ ᠠᠵᠢᠯ᠎ᠤᠨ ᠶᠠᠪᠤᠴᠠ᠎ᠳᠤ᠂ ᠵᠢᠯᠣᠭᠣᠴᠢ ᠥᠬᠡᠶ ᠨᠢᠰᠬᠡᠯ ᠵᠶ᠋ᠠᠷ ᠬᠢᠨᠠᠨ ᠬᠡᠮᠵᠢᠬᠦ ᠮᠡᠷᠭᠡᠵᠢᠯ᠎ᠢ ᠠᠰᠢᠭᠯᠠᠵᠤ᠂ ᠵᠢᠵᠢᠭ ᠬᠡᠪᠴᠢᠶᠠᠨ᠎ᠤ ᠤᠢ ᠰᠢᠭᠤᠢ ᠵᠢᠨ ᠲᠠᠯᠠᠪᠠᠶ᠂ ᠣᠶ᠋ᠢᠵᠢᠭᠤᠯᠤᠯᠲᠠ ᠵᠢᠨ ᠡᠳᠡᠭᠡᠷᠡᠯᠲᠡ ᠵᠢᠨ ᠨᠣᠷᠮ᠎ᠠ ᠵᠡᠷᠭᠡ ᠭᠦᠢ᠍ᠴᠡᠳᠬᠡᠯ ᠲᠣᠭ᠎ᠠ ᠵᠢ ᠬᠢᠨᠠᠨ ᠬᠠᠷᠭᠤᠭᠤᠯᠵᠤ᠂ ᠲᠥᠷᠥᠯ ᠵᠦᠢ᠍ᠯ᠎ᠤᠨ ᠬᠢᠨᠠᠨ ᠬᠠᠷᠭᠤᠭᠤᠯᠬᠤ ᠠᠵᠢᠯ ᠪᠠ ᠰᠢᠯᠭ᠋ᠠᠨ ᠠᠪᠬᠤ ᠠᠵᠢᠯ᠎ᠤᠨ ᠣᠨᠣᠪᠴᠢ ᠵᠢᠨ ᠬᠡᠮᠵᠢᠶ᠎ᠡ ᠪᠠ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃
      11 ᠰᠠᠷ᠎ᠠ᠎ᠠᠴᠠ ᠨᠠᠰᠢ᠂ ᠪᠠᠭ᠋ᠠᠷᠢᠨ ᠪᠠᠷᠠᠭᠤᠨ ᠬᠣᠰᠢᠭᠤᠨ᠎ᠤ ᠣᠶ ᠰᠢᠭᠤᠶ ᠵᠢᠨ ᠠᠵᠢᠯ᠎ᠤᠨ ᠥᠷᠲᠡᠭᠡ ᠵᠢᠨ ᠮᠡᠷᠭᠡᠵᠢᠯ᠎ᠤᠨ ᠠᠵᠢᠯᠲᠠᠨ ᠴᠠᠭ᠋ᠠᠨᠮᠦ᠋ᠷᠡᠨ ᠰᠤᠮᠤ᠂ ᠰᠢᠷᠠᠮᠦ᠋ᠷᠡᠨ ᠰᠤᠮᠤ᠂ ᠴᠠᠭ᠋ᠠᠨᠨᠠᠭᠤᠷ ᠪᠠᠯᠭ᠋ᠠᠰᠤ᠂ ᠳ᠋ᠠᠪᠠᠨ ᠪᠠᠯᠭ᠋ᠠᠰᠤ ᠵᠡᠷᠭᠡ ᠭᠠᠵᠠᠷ᠎ᠤᠨ ᠬᠥᠮᠦᠨ᠎ᠤ ᠬᠦᠴᠦᠨ᠎ᠤ ᠤᠢ᠌ᠵᠢᠭᠤᠯᠤᠯᠳᠠ ᠵᠢᠨ ᠲᠥᠷᠥᠯ ᠵᠦᠢ᠍ᠯ᠎ᠤᠨ ᠣᠷᠣᠨ᠎ᠳᠤ ᠵᠢᠯᠣᠭᠣᠴᠢ ᠥᠬᠡᠶ ᠨᠢᠰᠬᠡᠯ ᠵᠶ᠋ᠠᠷ ᠲᠦᠷᠦᠯ ᠵᠦᠢ᠍ᠯ᠎ᠢ ᠰᠢᠯᠭ᠋ᠠᠨ ᠠᠪᠬᠤ ᠠᠵᠢᠯ᠎ᠢ ᠶᠠᠪᠤᠭᠳᠠᠭᠤᠯᠪᠠ᠃ ᠵᠢᠯᠣᠭᠣᠴᠢ ᠥᠬᠡᠶ ᠨᠢᠰᠬᠡᠯ᠎ᠨᠢ ᠠᠵᠢᠯ᠎ᠤᠨ ᠭᠠᠵᠠᠷ᠎ᠲᠤ ᠵᠢᠷᠤᠭ ᠳᠦᠷᠰᠦ ᠪᠠ ᠴᠡᠭ᠎ᠤᠨ  ᠲᠣᠭ᠎ᠠ ᠪᠠᠷᠢᠮᠲᠠ ᠴᠤᠭᠯᠠᠭᠤᠯᠵᠤ᠂ pix 4 mapper ᠵᠥᠭᠡᠯᠡᠨ ᠲᠣᠨᠣᠭ ᠵᠶ᠋ᠠᠷ ᠳᠠᠮᠵᠢᠭᠤᠯᠤᠨ ᠴᠤᠭᠯᠠᠭᠤᠯᠤᠭᠰᠠᠨ ᠲᠣᠭ᠎ᠠ ᠪᠠᠷᠢᠮᠲᠠ ᠵᠢ TIF ᠲᠤᠬᠠᠶ ᠵᠢᠨ ᠭᠠᠵᠠᠷ᠎ᠤᠨ ᠵᠢᠷᠤᠭ ᠪᠣᠯᠭ᠋ᠠᠨ ᠨᠡᠶ᠋ᠢᠯᠡᠭᠦᠯᠵᠦ᠂ ᠬᠠᠮᠤᠭ ᠡᠴᠦᠰ᠎ᠲᠤ ᠲᠣᠭ᠎ᠠ ᠪᠠᠷᠢᠮᠲᠠ ᠵᠢᠨ ᠦᠷ᠎ᠡ ᠪᠦᠲᠦᠭᠡᠯ᠎ᠤᠨ ᠵᠢᠷᠤᠭ᠎ᠢ ArcGIS ᠵᠥᠭᠡᠯᠡᠨ ᠲᠣᠨᠣᠭ᠎ᠲᠤ ᠣᠷᠣᠭᠤᠯᠤᠨ ᠣᠶ ᠰᠢᠭᠤᠶ ᠵᠢᠨ ᠲᠥᠷᠥᠯ ᠵᠦᠢ᠍ᠯ᠎ᠤᠨ ᠠᠵᠢᠯ᠎ᠤᠨ ᠵᠢᠵᠢᠭ ᠬᠡᠪᠴᠢᠶᠠᠨ᠎ᠤ ᠤᠢ ᠰᠢᠭᠤᠢ ᠵᠢᠨ ᠲᠤᠭ᠋ᠠᠵᠢᠭᠤᠯᠤᠭᠰᠠᠨ ᠵᠢᠷᠤᠭ ᠪᠤᠯᠭ᠋ᠠᠪᠠ᠃ ᠡᠨᠡ ᠵᠢᠯ᠎ᠤᠨ 10 ᠰᠠᠷ᠎ᠠ᠎ᠳᠤ᠂ ᠣᠩᠨᠢᠭᠤᠳ ᠬᠣᠰᠢᠭᠤ ᠵᠢᠯᠣᠭᠣᠴᠢ ᠥᠬᠡᠶ ᠨᠢᠰᠬᠡᠯ ᠵᠶ᠋ᠠᠷ 9.57 ᠲᠦᠮᠡᠨ ᠮᠥ᠍ ᠡᠯᠡᠰᠦ ᠵᠢ ᠲᠣᠭᠲᠠᠪᠤᠷᠢᠵᠢᠭᠤᠯᠬᠤ ᠢᠨᠵᠧᠨᠧᠷᠢᠩ᠎ᠢ ᠰᠢᠯᠭ᠋ᠠᠨ ᠠᠪᠬᠤ ᠠᠵᠢᠯ᠎ᠢ ᠪᠡᠶᠡᠯᠡᠭᠦᠯᠵᠦ᠂ ᠬᠡᠰᠢᠭᠲᠡᠨ ᠬᠣᠰᠢᠭᠤ  1.59 ᠲᠦᠮᠡᠨ ᠮᠥ᠍ ᠬᠥᠮᠦᠨ᠎ᠤ ᠬᠦᠴᠦᠨ᠎ᠤ ᠤᠢ᠌ᠵᠢᠭᠤᠯᠤᠯᠳᠠ᠂ 1 ᠲᠦᠮᠡᠨ ᠮᠥ᠍ ᠡᠯᠡᠰᠦ ᠵᠢ ᠲᠣᠭᠲᠠᠪᠤᠷᠢᠵᠢᠭᠤᠯᠬᠤ ᠢᠨᠵᠧᠨᠧᠷᠢᠩ᠂  0.8 ᠲᠦᠮᠡᠨ ᠮᠥ᠍ ᠮᠠᠭᠤᠳᠠᠭᠰᠠᠨ ᠤᠯᠢᠶᠠᠰᠤᠨ ᠣᠶ ᠵᠢ ᠵᠠᠰᠠᠨ ᠰᠡᠷᠭᠦᠭᠡᠬᠦ ᠵᠡᠷᠭᠡ ᠲᠥᠷᠥᠯ ᠵᠦᠢ᠍ᠯ᠎ᠤᠨ ᠭᠠᠵᠠᠷ ᠰᠢᠷᠣᠶ ᠵᠢ ᠬᠢᠨᠠᠨ ᠬᠠᠷᠭᠤᠭᠤᠯᠬᠤ ᠪᠠ ᠪᠠᠶ᠋ᠢᠴᠠᠭ᠋ᠠᠵᠤ ᠰᠢᠯᠭ᠋ᠠᠨ ᠠᠪᠬᠤ ᠠᠵᠢᠯ᠎ᠢ ᠪᠡᠶᠡᠯᠡᠭᠦᠯᠪᠡ᠃ ᠵᠢᠯᠣᠭᠣᠴᠢ ᠥᠬᠡᠶ ᠨᠢᠰᠬᠡᠯ ᠠᠵᠢᠯᠯᠠᠭ᠋ᠠᠨ᠎ᠳᠤ ᠤᠷᠤᠭᠰᠠᠨ᠎ᠤ ᠳᠠᠷᠠᠭ᠎ᠠ᠂ ᠤᠯᠠᠮᠵᠢᠯᠠᠯᠲᠤ ᠬᠥᠮᠦᠨ᠎ᠤ ᠬᠦᠴᠦ᠎ᠪᠠᠷ ᠪᠠᠶ᠋ᠢᠴᠠᠭ᠋ᠠᠬᠤ ᠠᠵᠢᠯ᠎ᠤᠨ ᠡᠷᠴᠢᠮ᠎ᠢ ᠪᠦᠲᠦᠮᠵᠢᠲᠡᠶ ᠪᠠᠭ᠋ᠠᠰᠬᠠᠵᠤ᠂ ᠬᠥᠮᠦᠨ᠎ᠤ ᠬᠦᠴᠦ ᠪᠣᠳᠠᠰ᠎ᠤᠨ ᠬᠦᠴᠦ ᠵᠢ ᠠᠷᠪᠢᠯᠠᠪᠠ᠃ 10 ᠰᠠᠷ᠎ᠠ᠎ᠠᠴᠠ ᠣᠲᠣ ᠪᠣᠯᠲᠠᠯ᠎ᠠ᠂ ᠪᠥᠬᠥ ᠬᠣᠲᠠ ᠵᠢᠨ᠎ᠬᠢᠨ ᠵᠢᠯᠣᠭᠣᠴᠢ ᠥᠬᠡᠶ ᠨᠢᠰᠬᠡᠯ ᠵᠶ᠋ᠠᠷ ᠬᠢᠨᠠᠨ ᠬᠡᠮᠵᠢᠬᠦ ᠮᠡᠷᠭᠡᠵᠢᠯ᠎ᠢ ᠬᠡᠷᠡᠭᠯᠡᠨ 10.57 ᠲᠦᠮᠡᠨ ᠮᠥ᠍ ᠡᠯᠡᠰᠦ ᠵᠢ ᠲᠣᠭᠲᠠᠪᠤᠷᠢᠵᠢᠭᠤᠯᠬᠤ ᠲᠥᠷᠥᠯ ᠵᠦᠢ᠍ᠯ᠂ 1.59 ᠲᠦᠮᠡᠨ ᠮᠥ᠍ ᠬᠥᠮᠦᠨ᠎ᠤ ᠬᠦᠴᠦᠨ᠎ᠤ ᠤᠢ᠌ᠵᠢᠭᠤᠯᠤᠯᠳᠠ᠂ 0.8 ᠲᠦᠮᠡᠨ ᠮᠥ᠍ ᠮᠠᠭᠤᠳᠠᠭᠰᠠᠨ ᠤᠯᠢᠶᠠᠰᠤᠨ ᠮᠤᠳᠤᠨ᠎ᠤ ᠣᠶ ᠵᠢ ᠵᠠᠰᠠᠨ ᠰᠡᠷᠭᠦᠭᠡᠬᠦ ᠵᠡᠷᠭᠡ ᠲᠥᠷᠥᠯ ᠵᠦᠢ᠍ᠯ᠎ᠤᠨ ᠬᠢᠨᠠᠨ ᠬᠠᠷᠭᠤᠭᠤᠯᠬᠤ ᠪᠠ ᠪᠠᠶ᠋ᠢᠴᠠᠭ᠋ᠠᠵᠤ ᠰᠢᠯᠭ᠋ᠠᠨ ᠠᠪᠬᠤ ᠠᠵᠢᠯ᠎ᠢ ᠪᠡᠶᠡᠯᠡᠭᠦᠯᠪᠡ᠃ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ ᠪᠣᠯᠤᠨ ᠬᠣᠶᠠᠷ ᠶᠡᠬᠡ ᠡᠯᠡᠰᠦᠷᠬᠡᠭ ᠭᠠᠵᠠᠷ᠎ᠢ ᠵᠠᠰᠠᠨ ᠰᠡᠷᠭᠦᠭᠡᠬᠦ ᠲᠦᠷᠦᠯ ᠵᠦᠢ᠍ᠯ᠎ᠤᠨ ᠰᠠᠭᠤᠷᠢ ᠲᠣᠭ᠎ᠠ ᠵᠢ ᠪᠠᠶ᠋ᠢᠴᠠᠭ᠋ᠠᠬᠤ᠂ ᠲᠤᠬᠠᠢ ᠵᠢᠨ ᠭᠠᠵᠠᠷ᠎ᠤᠨ ᠬᠠᠶ᠋ᠢᠨ ᠪᠠᠶ᠋ᠢᠴᠠᠭ᠋ᠠᠯᠲᠠ ᠪᠣᠯᠤᠨ ᠲᠥᠰᠦᠯ᠎ᠢ ᠲᠣᠭᠲᠠᠭ᠋ᠠᠬᠤ ᠶᠠᠪᠤᠴᠠ᠎ᠳᠤ᠂ ᠵᠢᠯᠣᠭᠣᠴᠢ ᠦᠭᠡᠢ ᠨᠢᠰᠬᠡᠯ ᠵᠶ᠋ᠠᠷ ᠬᠢᠨᠠᠨ ᠬᠡᠮᠵᠢᠬᠦ ᠠᠵᠢᠯ᠎ᠤᠨ ᠥᠨᠳᠥᠷ ᠪᠦᠲᠦᠮᠵᠢᠲᠦ ᠴᠢᠨᠠᠷ᠂ ᠳᠥᠭᠥᠮ ᠳᠥᠲᠡ ᠴᠢᠨᠠᠷ ᠪᠣᠯᠤᠨ ᠣᠨᠣᠪᠴᠢᠲᠤ ᠴᠢᠨᠠᠷ᠎ᠲᠠᠢ ᠪᠠᠢ᠌ᠳᠠᠭ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠬᠣᠶ᠋ᠢᠰᠢᠳᠠ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ ᠪᠣᠯᠤᠨ ᠬᠣᠶᠠᠷ ᠶᠡᠬᠡ ᠡᠯᠡᠰᠦᠷᠬᠡᠭ ᠭᠠᠵᠠᠷ᠎ᠢ ᠵᠠᠰᠠᠨ ᠰᠡᠷᠭᠦᠭᠡᠬᠦ ᠲᠦᠷᠦᠯ ᠵᠦᠢ᠍ᠯ᠎ᠤᠨ ᠠᠵᠢᠯ᠎ᠤᠨ ᠠᠬᠢᠴᠠ ᠵᠢ ᠲᠦᠷᠭᠡᠳᠬᠡᠬᠦ ᠪᠣᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠤᠷᠳᠠᠭ᠎ᠠ ᠵᠢᠨ ᠪᠠᠢ᠌ᠭ᠋ᠠᠯᠢᠯᠢᠭ ᠤᠢ
ᠴᠠᠭ᠋ᠠᠨ ᠬᠤᠰᠤᠨ ᠤᠢ ᠵᠢᠨ ᠦᠵᠡᠮᠵᠢᠲᠦ ᠤᠷᠤᠨ
ᠡᠷᠭᠦᠨ᠎ᠡ ᠵᠢᠨ ᠨᠤᠭᠤ ᠭᠠᠵᠠᠷ᠎ᠤᠨ ᠦᠵᠡᠮᠵᠢ ᠵᠢᠨ ᠤᠷᠤᠨ
ᠨᠤᠮᠢᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠤᠷᠤᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠥᠪ᠎ᠤᠨ ᠠᠵᠤ ᠠᠬᠤᠶ᠋ᠢᠯᠠᠯ᠎ᠤᠨ ᠬᠤᠯᠠᠨ ᠰᠢᠷᠭ᠎ᠠ ᠲᠠᠭ᠎ᠠ— ᠬᠣᠷᠴᠢᠨ᠎ᠤ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ ᠵᠢᠨ ᠶᠡᠷᠦᠩᠬᠡᠢ᠌ᠯᠡᠭᠰᠡᠨ ᠵᠠᠰᠠᠯᠲᠠ᠎ᠳᠤ ᠣᠷᠣᠯᠴᠠᠵᠤ ᠪᠠᠶ᠋ᠢᠴᠠᠭ᠋ᠠᠨ ᠰᠤᠳᠤᠯᠵᠤ ᠰᠣᠯᠢᠯᠴᠠᠬᠤ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ
 
             蒙ICP备05000248号