ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠥᠪ᠎ᠤᠨ ᠠᠵᠤ ᠠᠬᠤᠶ᠋ᠢᠯᠠᠯ᠎ᠤᠨ ᠬᠤᠯᠠᠨ ᠰᠢᠷᠭ᠎ᠠ ᠲᠠᠭ᠎ᠠ— ᠬᠣᠷᠴᠢᠨ᠎ᠤ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ ᠵᠢᠨ ᠶᠡᠷᠦᠩᠬᠡᠢ᠌ᠯᠡᠭᠰᠡᠨ ᠵᠠᠰᠠᠯᠲᠠ᠎ᠳᠤ ᠣᠷᠣᠯᠴᠠᠵᠤ ᠪᠠᠶ᠋ᠢᠴᠠᠭ᠋ᠠᠨ ᠰᠤᠳᠤᠯᠵᠤ ᠰᠣᠯᠢᠯᠴᠠᠬᠤ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-01-15

 
    1 ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠲᠥᠪ᠎ᠤᠨ ᠠᠵᠤ ᠠᠬᠤᠶ᠋ᠢᠯᠠᠯ᠎ᠤᠨ ᠬᠤᠯᠠᠨ ᠰᠢᠷᠭ᠎ᠠ ᠲᠠᠭ᠎ᠠ— ᠬᠣᠷᠴᠢᠨ᠎ᠤ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ ᠵᠢᠨ ᠶᠡᠷᠦᠩᠬᠡᠢ᠌ᠯᠡᠭᠰᠡᠨ ᠵᠠᠰᠠᠯᠲᠠ᠎ᠳᠤ  ᠤᠷᠤᠯᠴᠠᠬᠤ ᠪᠠᠶ᠋ᠢᠴᠠᠭ᠋ᠠᠨ ᠰᠤᠳᠤᠯᠬᠤ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠲᠥᠪ᠎ᠤᠨ ᠠᠵᠤ ᠠᠬᠤᠶ᠋ᠢᠯᠠᠯ᠎ᠤᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠪᠠ 《ᠤᠮᠠᠷᠠᠲᠤ ᠵᠢᠨ ᠭᠤᠷᠪᠠᠨ ᠣᠷᠣᠨ》᠎ᠤ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠤᠷᠤᠯᠴᠠᠬᠤ ᠲᠣᠭᠣᠷᠢᠨ᠎ᠳᠤ ᠶᠠᠷᠢᠯᠴᠠᠨ ᠰᠤᠳᠤᠯᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠬᠤᠷᠠᠯ᠎ᠢ ᠡᠷᠭᠢᠯᠡᠵᠦ᠂ ᠲᠣᠪᠴᠢᠶᠠᠨ ᠳᠠᠷᠤᠭ᠎ᠠ ᠸᠠᠩ ᠵᠣᠣ ᠱᠧᠩ ᠳ᠋ᠦᠩᠨᠡᠯᠲᠡ ᠬᠢᠪᠠ᠃ ᠬᠠᠮᠢᠶ᠎ᠠ ᠪᠥᠬᠥᠶ ᠭᠠᠵᠠᠷ᠎ᠤᠨ ᠬᠠᠷᠢᠭᠤᠴᠠᠯᠭ᠋ᠠᠲᠠᠨ ᠨᠥᠬᠥᠳ᠂ ᠰᠢᠯᠢ ᠵᠢᠨ ᠭᠤᠤᠯ ᠠᠶ᠋ᠢᠮᠠᠭ᠂ ᠤᠯᠠᠭ᠋ᠠᠨᠬᠠᠳᠠ ᠬᠣᠲᠠ᠂ ᠳᠣᠯᠣᠨ ᠨᠤᠤᠷ ᠰᠢᠶᠠᠨ᠂ ᠬᠡᠰᠢᠭᠲᠡᠨ ᠬᠣᠰᠢᠭᠤᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠪᠠᠶ᠋ᠢᠴᠠᠭ᠋ᠠᠯᠲᠠ ᠵᠢᠨ ᠲᠥᠯᠥᠪᠵᠢᠭᠦᠯᠭᠡ ᠵᠢᠨ ᠬᠦᠷᠢᠶᠡᠯᠡᠩ᠂ ᠳᠤᠮᠳᠠᠳᠤ ᠤᠯᠤᠰ᠎ᠤᠨ ᠣᠶ ᠰᠢᠭᠤᠶ ᠵᠢᠨ ᠪᠦᠯᠦᠭᠯᠡᠯ᠂ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠺᠣᠮᠫᠠᠨᠢ᠂ ᠮᠸᠩ ᠼᠤᠤ ᠠᠮᠢ ᠠᠬᠤᠶ ᠣᠷᠴᠢᠨ ᠲᠣᠭᠣᠷᠢᠨ᠎ᠤ ᠪᠦᠯᠦᠭᠯᠡᠯ᠂ ᠱᠠᠩᠬᠠᠶ ᠵᠢᠨ ᠬᠠᠶ᠋ᠢᠨ ᠬᠡᠮᠵᠢᠬᠦ ᠲᠦᠯᠦᠪᠵᠢᠬᠦᠯᠭᠡ ᠵᠢᠨ ᠬᠦᠷᠢᠶᠡᠯᠡᠩ᠂ ᠬᠤᠨᠠᠨ ᠮᠤᠵᠢ ᠵᠢᠨ ᠲᠠᠷᠢᠶᠠᠯᠠᠩ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ ᠰᠤᠳᠤᠯᠭ᠋ᠠᠨ᠎ᠤ ᠬᠦᠷᠢᠶᠡᠯᠡᠩ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃


W020240115386760047878.png




      ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠣᠶ ᠰᠢᠭᠤᠶ ᠵᠢᠨ ᠪᠦᠯᠦᠭᠯᠡᠯ᠎ᠤᠨ ᠳᠡᠳ᠋ ᠶᠡᠷᠦᠩᠬᠡᠶ ᠳᠠᠭ᠋ᠠᠭ᠋ᠠᠮᠠᠯ ᠸᠧᠩ ᠸᠧᠨ ᠯᠢᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠦᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠪᠣᠯᠤᠨ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠥᠪ᠎ᠤᠨ ᠠᠵᠤ ᠠᠬᠤᠶ᠋ᠢᠯᠠᠯ᠎ᠤᠨ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠬᠤ ᠲᠤᠬᠠᠶ ᠬᠠᠮᠤᠭ᠎ᠤᠨ ᠰᠢᠨ᠎ᠡ ᠪᠠᠶ᠋ᠢᠳᠠᠯ᠎ᠢ ᠮᠡᠳᠡᠭᠳᠡᠵᠦ᠂ ᠳᠤᠮᠳᠠᠳᠤ ᠤᠯᠤᠰ᠎ᠤᠨ ᠣᠶ ᠰᠢᠭᠤᠶ ᠵᠢᠨ ᠪᠦᠯᠦᠭᠯᠡᠯ᠎ᠤᠨ ᠬᠡᠰᠢᠭᠲᠡᠨ ᠬᠣᠰᠢᠭᠤ᠂ ᠳᠣᠯᠣᠨ ᠨᠤᠤᠷ ᠰᠢᠶᠠᠨ᠎ᠳᠤ ᠠᠩᠬᠠᠳᠠᠭᠴᠢ ᠲᠥᠪ᠎ᠤᠨ ᠠᠵᠤ ᠠᠬᠤᠶ᠋ᠢᠯᠠᠯ᠎ᠤᠨ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠠᠵᠢᠯ᠎ᠳᠤ ᠣᠷᠣᠯᠴᠠᠬᠤ᠎ᠪᠠᠷ ᠪᠠᠶ᠋ᠢᠭ᠎ᠠ ᠬᠠᠮᠢᠶ᠎ᠠ ᠪᠥᠬᠥᠶ ᠠᠵᠢᠯ᠎ᠤᠨ ᠪᠠᠶ᠋ᠢᠳᠠᠯ᠎ᠢ ᠲᠠᠨᠢᠯᠴᠠᠭᠤᠯᠪᠠ᠃ ᠮᠸᠩ ᠼᠤᠤ ᠠᠮᠢ ᠠᠬᠤᠶ ᠣᠷᠴᠢᠨ ᠲᠣᠭᠣᠷᠢᠨ᠎ᠤ ᠪᠦᠯᠦᠭᠯᠡᠯ᠂ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠺᠣᠮᠫᠠᠨᠢ ᠬᠣᠯᠪᠣᠭᠳᠠᠯ ᠪᠥᠬᠥᠶ ᠪᠠᠶ᠋ᠢᠳᠠᠯ᠎ᠤᠨ ᠲᠤᠬᠠᠶ ᠰᠠᠨᠠᠯ ᠵᠶ᠋ᠠᠨ ᠰᠣᠯᠢᠯᠴᠠᠪᠠ᠃ ᠰᠢᠯᠢ ᠵᠢᠨ ᠭᠤᠤᠯ ᠠᠶ᠋ᠢᠮᠠᠭ᠎ᠤᠨ ᠳᠡᠳ᠋ ᠠᠢ᠌ᠮᠠᠭ᠎ᠤᠨ ᠳᠠᠷᠤᠭ᠎ᠠ ᠰᠦᠨ ᠵᠧᠨ ᠵᠢᠶᠠᠩ ᠰᠢᠯᠢ ᠵᠢᠨ ᠭᠤᠤᠯ ᠠᠶ᠋ᠢᠮᠠᠭ᠎ᠤᠨ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠥᠷᠨᠢᠭᠦᠯᠦᠭᠰᠡᠨ ᠪᠠᠶ᠋ᠢᠳᠠᠯ᠎ᠢ ᠲᠠᠨᠢᠯᠴᠠᠭᠤᠯᠵᠤ᠂ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ᠂ ᠪᠠᠯᠠ ᠮᠥᠩᠭᠥ ᠵᠢᠨ ᠣᠷᠣᠭᠤᠯᠤᠯᠲᠠ᠂ ᠭᠠᠵᠠᠷ ᠰᠢᠷᠣᠶ ᠵᠢᠨ ᠨᠠᠶ᠋ᠢᠳᠠᠪᠤᠷᠢᠵᠢᠭᠤᠯᠤᠯᠲᠠ᠂ ᠣᠷᠣᠯᠴᠠᠬᠤ ᠵᠠᠭᠪᠤᠷ ᠵᠡᠷᠭᠡ ᠲᠠᠯ᠎ᠠ ᠵᠢᠨ ᠠᠭᠤᠯᠭ᠎ᠠ ᠵᠢᠨ ᠲᠤᠬᠠᠶ ᠰᠠᠨᠠᠯ ᠵᠶ᠋ᠠᠨ ᠶᠠᠷᠢᠪᠠ᠃ ᠤᠯᠠᠭ᠋ᠠᠨᠬᠠᠳᠠ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠤᠯᠠᠭ᠋ᠠᠨᠬᠠᠳᠠ ᠬᠣᠲᠠ ᠵᠢᠨ ᠬᠣᠷᠴᠢᠨ— ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠲᠡᠶ᠋ᠢᠨ᠎ᠤ ᠠᠵᠢᠯ᠎ᠤᠨ ᠠᠬᠢᠴᠠ ᠵᠢᠨ ᠪᠠᠶ᠋ᠢᠳᠠᠯ᠎ᠢ ᠲᠠᠨᠢᠯᠴᠠᠭᠤᠯᠤᠭᠰᠠᠨ ᠪᠥᠭᠡᠳ ᠲᠥᠷᠥ ᠵᠢᠨ ᠪᠣᠳᠣᠯᠭ᠎ᠠ ᠵᠢᠨ ᠲᠥᠯᠥᠪᠯᠡᠭᠡ᠂ ᠠᠵᠤ  ᠦᠢ᠍ᠯᠡᠰ᠎ᠤᠨ ᠲᠥᠯᠥᠪᠵᠢᠭᠦᠯᠭᠡ᠂ ᠣᠷᠣᠯᠴᠠᠬᠤ ᠵᠠᠭᠪᠤᠷ᠎ᠤᠨ ᠲᠤᠬᠠᠶ ᠰᠠᠨᠠᠯ ᠵᠶ᠋ᠠᠨ ᠶᠠᠷᠢᠪᠠ᠃ ᠲᠤᠯᠤᠨ ᠨᠤᠤᠷ ᠰᠢᠶᠠᠨ᠂ ᠬᠡᠰᠢᠭᠲᠡᠨ ᠬᠣᠰᠢᠭᠤᠨ᠎ᠤ ᠵᠠᠰᠠᠭ᠎ᠤᠨ ᠣᠷᠳᠣᠨ᠎ᠤ ᠬᠠᠷᠢᠭᠤᠴᠠᠯᠭ᠋ᠠᠲᠠᠨ ᠨᠥᠬᠥᠳ ᠲᠥᠪ᠎ᠤᠨ ᠠᠵᠤ ᠠᠬᠤᠶ᠋ᠢᠯᠠᠯ᠎ᠤᠨ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠠᠵᠢᠯ᠎ᠳᠤ ᠣᠷᠣᠯᠴᠠᠭᠰᠠᠨ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃


W020240115386760183962.png



      ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠲᠥᠪ᠎ᠤᠨ ᠠᠵᠤ ᠠᠬᠤᠶ᠋ᠢᠯᠠᠯ᠎ᠤᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠪᠠ 《ᠤᠮᠠᠷᠠᠲᠤ ᠵᠢᠨ ᠭᠤᠷᠪᠠᠨ ᠣᠷᠣᠨ》᠎ᠤ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠢ ᠠᠬᠢᠭᠤᠯᠬᠤ ᠠᠵᠢᠯ᠎ᠢ ᠰᠠᠶ᠋ᠢᠲᠤᠷ ᠬᠢᠬᠦ ᠲᠤᠬᠠᠢ ᠰᠠᠨᠠᠯ ᠳᠤᠷᠠᠳᠴᠠᠢ᠃ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ ᠵᠣᠬᠢᠴᠠᠭᠤᠯᠬᠤ ᠪᠠ ᠠᠵᠢᠯ ᠵᠶ᠋ᠠᠨ ᠬᠤᠪᠢᠶᠠᠷᠢᠯᠠᠬᠤ ᠠᠵᠢᠯ᠎ᠢ ᠰᠠᠶ᠋ᠢᠲᠤᠷ ᠬᠢᠵᠦ᠂ ᠪᠠᠲᠤᠯᠠᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳ ᠪᠠᠳᠠᠷᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠡᠯ᠎ᠡ ᠠᠶ᠋ᠢᠮᠠᠭ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠦᠢ᠍ᠯᠡᠴᠢᠯᠡᠭᠡᠨ᠎ᠤ ᠡᠭᠦᠷᠭᠡ᠎ᠪᠠᠨ ᠪᠡᠶᠡᠯᠡᠭᠦᠯᠵᠦ᠂ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠡᠢ᠃


W020240115386760255645.png



      ᠲᠣᠪᠴᠢᠶᠠᠨ ᠳᠠᠷᠤᠭ᠎ᠠ ᠸᠠᠩ ᠵᠣᠣ ᠱᠧᠩ ᠴᠢᠬᠤᠯᠠᠴᠢᠯᠠᠭᠰᠠᠨ᠎ᠨᠢ᠂ ᠨᠢᠭᠡ᠎ᠳᠤ ᠳᠡᠭᠡᠳᠦ ᠳᠠᠪᠬᠤᠷᠭ᠎ᠠ ᠵᠢᠨ ᠲᠥᠷᠥ ᠵᠢᠨ ᠪᠣᠳᠣᠯᠭ᠎ᠠ ᠵᠢᠨ ᠵᠢᠷᠤᠭ ᠲᠥᠯᠥᠪᠯᠡᠭᠡ ᠵᠢ ᠴᠢᠩᠭ᠋ᠠᠳᠬᠠᠵᠤ᠂ ᠲᠥᠪ ᠪᠠ ᠣᠷᠣᠨ ᠨᠤᠲᠤᠭ᠎ᠤᠨ ᠵᠣᠬᠢᠴᠠᠭᠤᠯᠭ᠎ᠠ ᠵᠢ ᠰᠠᠶ᠋ᠢᠲᠤᠷ ᠬᠢᠬᠦ ᠬᠡᠷᠡᠭᠲᠡᠶ; ᠬᠣᠶᠠᠷ᠎ᠲᠤ ᠬᠠᠮᠲᠤᠷᠠᠯᠴᠠᠭ᠋ᠠᠨ᠎ᠤ ᠲᠣᠭᠲᠠᠴᠠ ᠵᠢ ᠲᠣᠳᠣᠷᠬᠠᠶ᠋ᠢᠯᠠᠵᠤ᠂ ᠠᠵᠢᠯ ᠵᠶ᠋ᠡᠨ ᠬᠤᠪᠢᠶᠠᠷᠢᠯᠠᠨ ᠬᠠᠮᠲᠤᠷᠠᠯᠴᠠᠬᠤ ᠵᠢ ᠰᠠᠶ᠋ᠢᠲᠤᠷ ᠬᠢᠬᠦ ᠬᠡᠷᠡᠭᠲᠡᠢ; ᠭᠤᠷᠪᠠ᠎ᠳᠤ ᠪᠡᠯᠡ ᠮᠥᠩᠭᠥ ᠵᠢᠨ ᠣᠷᠣᠭᠤᠯᠤᠯᠲᠠ ᠵᠢ ᠪᠠᠲᠤᠯᠠᠵᠤ᠂ ᠪᠡᠯᠡ ᠮᠥᠩᠭᠥ ᠵᠢᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠬᠤ ᠬᠡᠷᠡᠭᠲᠡᠢ; ᠲᠦᠷᠪᠡ᠎ᠳᠤ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠤᠳᠤᠯᠭ᠋ᠠᠨ᠎ᠤ ᠮᠡᠳᠡᠭᠦᠯᠦᠯᠲᠡ᠂ ᠲᠥᠯᠥᠪᠵᠢᠭᠦᠯᠭᠡ ᠵᠢᠨ ᠲᠥᠰᠦᠯ᠎ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠤᠢ᠌ᠵᠢᠭᠤᠯᠤᠨ ᠨᠣᠭᠣᠭ᠋ᠠᠷᠠᠭᠤᠯᠤᠭᠰᠠᠨ ᠲᠠᠯᠠᠪᠠᠶ 1000 ᠲᠦᠮᠡᠨ ᠮᠥ᠍ ᠵᠢ ᠳᠠᠪᠠᠪᠠ
《ᠢᠨᠲ᠋ᠧᠷ ᠰᠦᠯᠵᠢᠶ᠎ᠡ + ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ》 ᠠᠵᠢᠯᠯᠠᠭ᠎ᠠ᠎ᠳᠤ ᠣᠷᠣᠯᠴᠠᠬᠤ ᠵᠢ ᠬᠦᠰᠡᠵᠦ ᠪᠠᠶ᠋ᠢᠨ᠎ᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠰᠢᠯᠢ ᠵᠢᠨ ᠭᠤᠤᠯ ᠠᠶ᠋ᠢᠮᠠᠭ᠎ᠲᠤ ᠬᠦᠷᠴᠦ ᠤᠮᠠᠷᠠᠲᠤ ᠵᠢᠨ ᠭᠤᠷᠪᠠᠨ ᠤᠷᠤᠨ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠢ᠌ᠴᠠᠭ᠋ᠠᠨ ᠰᠢᠨᠵᠢᠯᠡᠪᠡ
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
ᠥᠪᠥᠷ ᠮᠣᠩᠭᠣᠯ᠄ 2023 ᠣᠨ᠎ᠳᠤ 3700 ᠭᠠᠷᠤᠶ ᠲᠦᠮᠡᠨ ᠰᠠᠭᠤᠷᠢ ᠮᠣᠳᠣ ᠳᠠᠷᠢᠪᠠ
 
             蒙ICP备05000248号