ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠨᠤᠮᠢᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠤᠷᠤᠨ
ᠨᠡᠶ᠋ᠢᠲᠡᠯᠡᠭᠰᠡᠨ ᠴᠠᠭ᠄ 2024-01-15



     ᠲᠣᠰ ᠬᠣᠰᠢᠭᠤᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠨᠣᠮᠢᠨ ᠭᠣᠤᠯ᠎ᠤᠨ ᠳᠡᠭᠡᠳᠤ ᠤᠷᠤᠰᠬᠠᠯ᠎ᠤᠨ ᠡᠮᠤᠨ᠎ᠡ ᠲᠠᠯ᠎ᠠ᠎ᠳᠤ ᠪᠠᠶ᠋ᠢᠷᠢᠯᠠᠵᠤ᠂  ᠤᠮᠠᠷᠠᠲᠤ ᠬᠡᠰᠡᠭ᠎ᠨᠢ ᠰᠠᠮᠤᠺᠦ ᠵᠢ ᠲᠦᠰᠢᠵᠦ᠂ ᠵᠡᠭᠦᠨ ᠬᠡᠰᠡᠭ᠎ᠨᠢ ᠲᠣᠵᠠᠮᠢᠨ ᠰᠢᠶᠠᠩ᠂ ᠯᠥᠩ ᠲᠧᠦ᠎ᠲᠠᠢ ᠬᠥᠷᠰᠢᠯᠡᠵᠦ᠂ ᠰᠠᠶ᠋ᠢᠷᠠᠩᠭᠦᠳᠠ ᠠᠭᠤᠯᠠ᠎ᠪᠠᠷ ᠵᠠᠭ᠋ᠠᠭ  ᠪᠣᠯᠭ᠋ᠠᠵᠤ ᠡᠮᠦᠨ᠎ᠡ ᠨᠣᠮᠢᠨ ᠪᠠᠯᠭ᠋ᠠᠰᠤ᠎ᠲᠠᠢ ᠵᠠᠬ᠎ᠠ ᠨᠡᠶ᠋ᠢᠯᠡᠵᠦ᠂ ᠪᠠᠷᠠᠭᠤᠨ ᠬᠡᠰᠡᠭ᠎ᠪᠠᠷ ᠶᠠᠭᠰᠢ ᠬᠣᠲᠠ ᠵᠢᠨ ᠤᠷᠠᠴᠢᠬᠠᠨ ᠣᠶ ᠰᠢᠭᠤᠶ ᠵᠢᠨ ᠲᠣᠪᠴᠢᠶᠠᠨ᠎ᠤ ᠬᠢᠩᠭ᠋ᠠᠨ  ᠲᠠᠷᠢᠶᠠᠯᠠᠩ᠎ᠤᠨ ᠲᠠᠯᠠᠪᠠᠶ ᠬᠥ᠋ ᠯᠢ ᠶᠠ ᠱᠠᠨ ᠠᠭᠤᠯᠠ᠎ᠪᠠᠷ ᠵᠠᠭ᠋ᠠᠭ ᠪᠣᠯᠭ᠋ᠠᠨ᠎ᠠ᠃ ᠶᠡᠷᠦᠩᠬᠡᠶ ᠲᠠᠯᠠᠪᠠᠶ᠎ᠨᠢ 148770 ᠾᠧᠺᠲ᠋ᠠᠷ ᠪᠠᠶ᠋ᠢᠵᠤ᠂ ᠪᠠᠯᠠᠷ ᠡᠷᠲᠡᠨ᠎ᠤ ᠣᠶ  ᠰᠢᠭᠤᠶ ᠵᠢᠨ ᠣᠷᠣᠨ ᠪᠣᠯᠤᠨ᠎ᠠ᠃ ᠣᠷᠣᠨ᠎ᠤ ᠳᠣᠲᠣᠷ᠎ᠠ ᠨᠣᠮᠢᠨ ᠭᠣᠤᠯ᠎ᠤᠨ ᠰᠠᠯᠪᠤᠷᠢ ᠤᠷᠤᠰᠬᠠᠯ ᠨᠢᠦ ᠡᠯ ᠺᠤᠩ ᠭᠣᠤᠯ ᠳᠤᠮᠳᠠᠭᠤᠷ ᠤᠷᠤᠰᠤᠨ ᠥᠩᠭᠡᠷᠡᠨ᠎ᠡ᠃  ᠡᠮᠦᠨᠡᠲᠦ ᠬᠡᠰᠡᠭ᠎ᠤᠨ ᠬᠥᠪᠡᠭᠡ᠎ᠨᠢ ᠸᠢᠨᠺᠦ᠋ᠲ᠋ᠦ᠋ ᠭᠣᠣᠯ᠎ᠤᠨ ᠡᠬᠢ ᠰᠤᠷᠪᠤᠯᠵᠢ ᠪᠣᠯᠤᠨ᠎ᠠ᠃ ᠢᠭᠴᠤ ᠰᠠᠬᠤᠯᠢᠭ ᠣᠶ ᠰᠢᠭᠤᠶ ᠪᠠᠶ᠋ᠢᠬᠤ ᠮᠥᠷᠲᠡᠭᠡᠨ ᠪᠠᠰᠠ  ᠦᠵᠡᠰᠬᠦᠯᠡᠩᠲᠦ ᠰᠠᠶ᠋ᠢᠬᠠᠨ ᠲᠠᠯ᠎ᠠ ᠨᠤᠲᠤᠭ ᠵᠢᠴᠢ ᠠᠷᠪᠠᠨ ᠬᠡᠳᠦᠨ ᠵᠤᠷᠪᠤᠰ ᠭᠣᠷᠣᠬ᠎ᠠ ᠲᠣᠭᠣᠷᠢᠭᠰᠠᠨ ᠬᠠᠮᠠᠭ᠋ᠠᠯᠠᠯᠲᠠ ᠵᠢᠨ ᠣᠷᠣᠨ ᠪᠠᠶ᠋ᠢᠨ᠎ᠠ᠃ ᠪᠠᠶ᠋ᠢᠭ᠋ᠠᠯᠢ ᠵᠢᠨ  ᠳᠠᠪᠠᠭᠤᠯᠢᠭ ᠣᠷᠴᠢᠨ ᠲᠣᠭᠣᠷᠢᠨ᠎ᠨᠢ ᠬᠡᠭᠡᠷ᠎ᠡ ᠵᠢᠨ ᠠᠮᠢᠲᠠᠨ᠎ᠳᠤ ᠣᠷᠣᠰᠢᠨ ᠲᠣᠭᠲᠠᠨᠢᠬᠤ ᠰᠠᠢ᠍ᠢ᠍ᠨ ᠰᠠᠶ᠋ᠢᠬᠠᠨ ᠣᠷᠴᠢᠨ ᠲᠣᠭᠣᠷᠢᠨ᠎ᠢ ᠪᠤᠢ ᠪᠣᠯᠭ᠋ᠠᠵᠤ ᠥᠭᠭᠦᠭᠰᠡᠨ  ᠪᠠᠶ᠋ᠢᠨ᠎ᠠ᠃ ᠬᠣᠪᠣᠷ ᠨᠠᠨᠳᠢᠨ ᠬᠡᠭᠡᠷ᠎ᠡ ᠵᠢᠨ ᠠᠮᠢᠲᠠᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠠᠭ᠋ᠠᠯᠠᠯᠲᠠ᠎ᠳᠤ ᠪᠠᠶ᠋ᠢᠵᠤ᠂ ᠮᠣᠳᠣᠯᠢᠭ ᠪᠠ ᠡᠪᠡᠰᠦᠯᠢᠭ  ᠤᠷᠭᠤᠮᠠᠯ ᠴᠤ᠌ ᠮᠠᠰᠢ ᠡᠯᠪᠡᠭ ᠪᠠᠶᠠᠯᠢᠭ ᠪᠠᠶ᠋ᠢᠳᠠᠭ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠣᠯ ᠮᠥᠨ ᠴᠦ᠍ ᠪᠠᠶ᠋ᠢᠭ᠋ᠠᠯᠢ ᠵᠢᠨ ᠦᠵᠡᠮᠵᠢ ᠵᠢᠨ ᠣᠷᠣᠨ ᠮᠥᠨ  ᠪᠣᠯᠬᠣᠷ ᠵᠤᠭ᠋ᠠᠴᠠᠭᠰᠠᠳ᠎ᠤᠨ ᠵᠤᠭ᠋ᠠᠴᠠᠨ ᠲᠣᠭᠣᠷᠢᠬᠤ᠎ᠳᠤ ᠵᠣᠷᠢᠭᠤᠯᠤᠭᠰᠠᠨ ᠪᠠᠶ᠋ᠢᠳᠠᠭ᠃

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠥᠪ᠎ᠤᠨ ᠠᠵᠤ ᠠᠬᠤᠶ᠋ᠢᠯᠠᠯ᠎ᠤᠨ ᠬᠤᠯᠠᠨ ᠰᠢᠷᠭ᠎ᠠ ᠲᠠᠭ᠎ᠠ— ᠬᠣᠷᠴᠢᠨ᠎ᠤ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ ᠵᠢᠨ ᠶᠡᠷᠦᠩᠬᠡᠢ᠌ᠯᠡᠭᠰᠡᠨ ᠵᠠᠰᠠᠯᠲᠠ᠎ᠳᠤ ᠣᠷᠣᠯᠴᠠᠵᠤ ᠪᠠᠶ᠋ᠢᠴᠠᠭ᠋ᠠᠨ ᠰᠤᠳᠤᠯᠵᠤ ᠰᠣᠯᠢᠯᠴᠠᠬᠤ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ
《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠤᠢ᠌ᠵᠢᠭᠤᠯᠤᠨ ᠨᠣᠭᠣᠭ᠋ᠠᠷᠠᠭᠤᠯᠤᠭᠰᠠᠨ ᠲᠠᠯᠠᠪᠠᠶ 1000 ᠲᠦᠮᠡᠨ ᠮᠥ᠍ ᠵᠢ ᠳᠠᠪᠠᠪᠠ
《ᠢᠨᠲ᠋ᠧᠷ ᠰᠦᠯᠵᠢᠶ᠎ᠡ + ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ》 ᠠᠵᠢᠯᠯᠠᠭ᠎ᠠ᠎ᠳᠤ ᠣᠷᠣᠯᠴᠠᠬᠤ ᠵᠢ ᠬᠦᠰᠡᠵᠦ ᠪᠠᠶ᠋ᠢᠨ᠎ᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠰᠢᠯᠢ ᠵᠢᠨ ᠭᠤᠤᠯ ᠠᠶ᠋ᠢᠮᠠᠭ᠎ᠲᠤ ᠬᠦᠷᠴᠦ ᠤᠮᠠᠷᠠᠲᠤ ᠵᠢᠨ ᠭᠤᠷᠪᠠᠨ ᠤᠷᠤᠨ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠢ᠌ᠴᠠᠭ᠋ᠠᠨ ᠰᠢᠨᠵᠢᠯᠡᠪᠡ
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
 
             蒙ICP备05000248号