ᠣᠶ᠋ᠢᠷ᠎ᠠ᠎ᠳᠤ᠂ ᠭᠡᠭᠡᠨ ᠭᠤᠤᠯ ᠬᠤᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠥ᠋ ᠽᠢ ᠮᠢᠶᠣᠣ ᠣᠶ ᠰᠢᠭᠤᠶ ᠵᠢᠨ ᠲᠠᠯᠠᠪᠠᠶ᠎ᠳᠤ ᠭᠦᠨᠵᠡᠭᠡᠶ᠋ᠢᠷᠡᠨ ᠲᠤᠬᠠᠶ ᠵᠢᠨ ᠭᠠᠵᠠᠷ᠎ᠲᠤᠨᠢ ᠬᠦᠷᠴᠦ ᠰᠤᠷᠪᠤᠯᠵᠢᠯᠠᠬᠤ᠂ ᠨᠢᠭᠤᠷᠲᠠᠨ ᠶᠠᠷᠢᠯᠴᠠᠬᠤ᠂ ᠳᠣᠲᠣᠭ᠋ᠠᠳᠤ ᠠᠵᠢᠯ᠎ᠢ ᠪᠠᠶ᠋ᠢᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠭᠤᠤᠯᠳᠠᠯᠭ᠎ᠠ᠎ᠲᠠᠢ ᠠᠵᠢᠯ᠎ᠢ ᠬᠢᠨᠠᠨ ᠵᠢᠯᠣᠭᠤᠳᠴᠤ ᠪᠠᠶ᠋ᠢᠴᠠᠭ᠋ᠠᠪᠠ᠃ ᠪᠠᠶ᠋ᠢᠴᠠᠭ᠋ᠠᠬᠤ ᠳᠤᠭᠤᠶ᠋ᠢᠯᠠᠩ᠎ᠠᠴᠠ ᠳᠤᠷᠠᠳᠤᠭᠰᠠᠨ᠎ᠨᠢ᠂ ᠲᠠᠷᠠᠭ᠋ᠠᠴᠢ ᠵᠢᠨ ᠠᠵᠢᠯ᠎ᠤᠨ ᠳᠤᠮᠳᠠ᠂ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠦᠷᠭᠦᠯᠵᠢᠯᠡᠨ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠤᠨ᠎ᠠ᠃ ᠤᠢ ᠰᠢᠭᠤᠢ ᠵᠢᠨ ᠳᠠᠷᠤᠭ᠎ᠠ ᠵᠢᠨ ᠲᠦᠷᠢᠮ ᠵᠶ᠋ᠠᠷ ᠲᠦᠷᠦᠭᠦᠯᠡᠭᠦᠯᠦᠨ ᠡᠯ᠎ᠡ ᠲᠠᠯ᠎ᠠ ᠵᠢ ᠶᠡᠷᠦᠩᠬᠡᠶ᠋ᠢᠯᠡᠨ ᠵᠣᠬᠢᠴᠠᠭᠤᠯᠬᠤ ᠵᠢ ᠠᠳᠬᠤᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠢ ᠰᠢᠭᠤᠢ ᠵᠢᠨ ᠳᠠᠷᠤᠭ᠎ᠠ ᠵᠢᠨ ᠬᠠᠷᠢᠭᠤᠴᠠᠯᠭ᠎ᠠ ᠵᠢ ᠤᠯᠠᠮ ᠢᠯᠡᠭᠦᠦ ᠪᠣᠳᠠᠲᠠᠶ᠋ᠢᠵᠢᠭᠤᠯᠵᠤ᠂ ᠤᠢ ᠰᠢᠭᠤᠢ ᠵᠢᠨ ᠳᠠᠷᠤᠭ᠎ᠠ ᠵᠢᠨ ᠤᠢ ᠰᠢᠭᠤᠢ ᠵᠢ ᠲᠣᠭᠤᠷᠢᠨ ᠪᠠᠶ᠋ᠢᠴᠠᠭ᠋ᠠᠬᠤ᠂ ᠤᠢ ᠰᠢᠭᠤᠢ ᠵᠢᠨ ᠳᠠᠷᠤᠭ᠎ᠠ ᠵᠢᠨ ᠬᠤᠷᠠᠯ᠂ ᠤᠢ ᠰᠢᠭᠤᠢ ᠵᠢᠨ ᠳᠠᠷᠤᠭ᠎ᠠ ᠵᠢᠨ ᠲᠤᠰᠬᠠᠢ ᠰᠡᠳᠦᠪᠲᠦ ᠬᠤᠷᠠᠯ ᠵᠡᠷᠭᠡ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠬᠠᠷᠢᠭᠤᠴᠠᠯᠭ᠋ᠠᠲᠤ ᠣᠷᠣᠨ ᠪᠦᠰᠡ ᠵᠢᠨ ᠤᠢ ᠰᠢᠭᠤᠢ ᠡᠪᠡᠰᠦ ᠪᠡᠯᠴᠢᠭᠡᠷ᠎ᠤᠨ ᠴᠡᠴᠡᠷᠯᠢᠭ᠎ᠤᠨ ᠬᠠᠮᠠᠭ᠋ᠠᠯᠠᠯᠲᠠ ᠬᠥᠭᠵᠢᠯᠲᠡ ᠵᠢᠨ ᠳᠤᠮᠳᠠᠬᠢ ᠪᠣᠭᠤᠮᠢ᠂ ᠲᠦᠭᠵᠢᠷᠡᠯ᠂ ᠳᠤᠲᠠᠭᠤᠳᠠᠯ ᠪᠠ ᠲᠤᠪᠤᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ; ᠬᠠᠮᠲᠤᠷᠠᠨ ᠪᠠᠶ᠋ᠢᠴᠠᠭ᠋ᠠᠵᠤ ᠲᠣᠭᠤᠷᠢᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠭᠠᠯ ᠤᠨᠲᠠᠷᠠᠭ᠋ᠠᠬᠤ᠂ ᠠᠶᠤᠯᠭᠦᠢ ᠦᠢ᠍ᠯᠡᠳᠪᠦᠷᠢᠯᠡᠯ᠎ᠤᠨ ᠪᠠᠶ᠋ᠢᠴᠠᠭ᠋ᠠᠯᠲᠠ ᠵᠡᠷᠭᠡ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠬᠡᠷᠡᠭᠲᠡᠶ; ᠡᠬᠢ ᠪᠠᠶᠠᠯᠢᠭ᠎ᠢ ᠦᠷᠭᠦᠯᠵᠢᠯᠡᠨ ᠬᠦᠴᠦᠲᠡᠶ ᠬᠠᠮᠢᠶᠠᠷᠤᠨ ᠬᠠᠮᠠᠭ᠋ᠠᠯᠠᠬᠤ᠎ᠪᠠᠷ ᠳᠠᠮᠵᠢᠨ᠂ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠤᠯᠠᠮ ᠨᠢᠭᠡ ᠠᠯᠬᠤᠮ ᠪᠠᠬᠢᠵᠢᠭᠦᠯᠦᠨ᠎ᠡ; ᠤᠢ ᠰᠢᠭᠤᠢ ᠵᠢᠨ ᠳᠠᠷᠤᠭ᠎ᠠ ᠵᠢᠨ ᠲᠦᠷᠢᠮ ᠵᠶ᠋ᠠᠷ ᠲᠦᠷᠦᠭᠦᠯᠡᠭᠦᠯᠦᠨ ᠶᠡᠷᠦᠩᠬᠡᠢ ᠠᠵᠢᠯ᠎ᠢ ᠠᠳᠬᠤᠬᠤ ᠦᠢ᠍ᠯᠡᠳᠦᠯ᠎ᠢ ᠰᠠᠶ᠋ᠢᠲᠤᠷ ᠠᠰᠢᠭᠯᠠᠵᠤ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠭᠡᠭᠡᠨ ᠭᠤᠣᠯ ᠬᠤᠳᠠ ᠵᠢᠨ ᠤᠢ ᠰᠢᠭᠤᠢ ᠡᠪᠡᠰᠦ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃