ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠬᠠᠷᠢᠭᠤᠴᠠᠯᠭ᠎ᠠ ᠎ᠪᠠᠨ ᠡᠭᠦᠷᠭᠡᠯᠡᠵᠦ᠂ ᠤᠢ ᠰᠢᠭᠤᠢ ᠵᠢᠨ ᠳᠠᠷᠤᠭ᠎ᠠ ᠤᠢ ᠰᠢᠭᠤᠢ ᠵᠢ ᠲᠣᠭᠣᠷᠢᠨ ᠪᠠᠶ᠋ᠢᠴᠠᠭ᠋ᠠᠵᠤ ᠠᠮᠢ ᠠᠬᠤᠢ ᠵᠢᠨ ᠠᠮᠤᠷ ᠲᠦᠪᠰᠢᠨ᠎ᠢ ᠰᠠᠬᠢᠨ ᠬᠠᠮᠠᠭ᠋ᠠᠯᠠᠨ᠎ᠠ
ᠨᠡᠶ᠋ᠢᠲᠡᠯᠡᠭᠰᠡᠨ ᠴᠠᠭ᠄ 2024-10-21

   
 
    ᠣᠶ ᠰᠢᠭᠤᠶ ᠪᠣᠯ ᠤᠰᠤᠨ ᠴᠥᠭᠥᠷᠥᠮ᠂ ᠠᠮᠤ ᠪᠤᠳᠠᠭ᠋ᠠᠨ᠎ᠤ ᠬᠥᠮᠥᠷᠭᠡ᠂ ᠵᠣᠭᠣᠰ᠎ᠤᠨ ᠬᠥᠮᠥᠷᠭᠡ᠂ ᠨᠡᠭᠦᠷᠡᠰᠦᠲᠥ᠋ᠷᠥᠭᠴᠢ ᠵᠢᠨ ᠬᠥᠮᠥᠷᠭᠡ ᠵᠢ ᠨᠢᠭᠡᠳᠬᠡᠭᠰᠡᠨ ᠲᠣᠮᠣ ᠡᠷᠳᠡᠨᠢ ᠵᠢᠨ ᠬᠥᠮᠥᠷᠭᠡ ᠪᠠᠶ᠋ᠢᠵᠤ᠂ ᠣᠶ ᠰᠢᠭᠤᠶ ᠵᠢᠨ ᠡᠬᠢ ᠪᠠᠶᠠᠯᠢᠭ᠎ᠢ ᠤᠯᠠᠮ ᠨᠢᠭᠡ ᠠᠯᠬᠤᠮ ᠬᠠᠮᠠᠭ᠋ᠠᠯᠠᠨ ᠬᠥᠭᠵᠢᠭᠦᠯᠬᠦ ᠵᠢᠨ ᠲᠥᠯᠥᠭᠡ ᠣᠶ᠋ᠢᠷ᠎ᠠ᠎ᠳᠤ᠂ ᠭᠡᠭᠡᠨ ᠭᠣᠤᠯ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ᠂ ᠳᠡᠳ᠋ ᠤᠢ ᠰᠢᠭᠤᠢ ᠵᠢᠨ ᠳᠠᠷᠤᠭ᠎ᠠ ᠲᠠᠩ ᠶᠢᠩ ᠪᠣᠯᠤᠨ ᠭᠡᠭᠡᠨ ᠭᠣᠤᠯ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯᠴᠢᠳ᠎ᠲᠠᠢ ᠬᠠᠮᠲᠤ᠎ᠪᠠᠷ ᠣᠯᠭᠣᠶᠠ ᠵᠢᠨ ᠡᠸᠡᠩᠬᠢ ᠦᠨᠳᠦᠰᠦᠲᠡᠨ᠎ᠤ ᠰᠢᠶᠠᠩ᠎ᠤᠨ ᠶᠤᠸᠠᠢ ᠯᠢᠶᠠᠩ ᠱᠠᠨ᠎ᠳᠤ ᠭᠦᠨᠵᠡᠭᠡᠶ᠋ᠢᠷᠡᠨ ᠣᠶ ᠰᠢᠭᠤᠶ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠪᠠ ᠬᠥᠭᠵᠢᠯᠲᠡ᠂ ᠡᠪᠡᠳᠴᠢᠨ ᠬᠣᠷᠣᠬᠠᠢ ᠵᠢᠨ ᠬᠥᠨᠥᠭᠡᠯ᠎ᠤᠨ ᠰᠡᠷᠭᠡᠶ᠋ᠢᠯᠡᠯᠲᠡ᠂ ᠣᠶ ᠰᠢᠭᠤᠶ ᠵᠢᠨ ᠭᠠᠯ᠎ᠤᠨ ᠠᠶᠤᠯ᠎ᠤᠨ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠬᠤ ᠵᠡᠷᠭᠡ ᠲᠠᠯ᠎ᠠ᠎ᠪᠠᠷ ᠣᠶ ᠰᠢᠭᠤᠶ ᠵᠢ ᠲᠣᠭᠣᠷᠢᠨ ᠪᠠᠶ᠋ᠢᠴᠠᠭ᠋ᠠᠬᠤ ᠠᠵᠢᠯ ᠥᠷᠨᠢᠭᠦᠯᠪᠡ᠃     ᠤᠢ ᠰᠢᠭᠤᠢ ᠵᠢᠨ ᠳᠠᠷᠤᠭ᠎ᠠ ᠤᠢ ᠰᠢᠭᠤᠢ ᠵᠢ ᠲᠣᠭᠣᠷᠢᠨ ᠪᠠᠶ᠋ᠢᠴᠠᠭ᠋ᠠᠬᠤ᠎ᠳᠠᠭᠠᠨ᠂ ᠨᠢᠭᠡ᠎ᠳᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠢ ᠰᠢᠭᠤᠢ ᠵᠢᠨ ᠲᠦᠢ᠍ᠮᠡᠷ᠎ᠢ ᠰᠡᠷᠭᠡᠶ᠋ᠢᠯᠡᠬᠦ᠂ ᠠᠶᠤᠯᠭᠦᠢ ᠦᠢ᠍ᠯᠡᠳᠪᠦᠷᠢᠯᠡᠯ᠎ᠤᠨ ᠦᠵᠡᠯ ᠰᠠᠨᠠᠭ᠋ᠠᠨ᠎ᠤ ᠬᠥᠪᠴᠢ ᠵᠢ ᠴᠢᠩᠭ᠋ᠠᠷᠠᠭᠤᠯᠵᠤ᠂ ᠤᠢ ᠰᠢᠭᠤᠢ ᠵᠢᠨ ᠲᠦᠢ᠍ᠮᠡᠷ᠎ᠢ ᠰᠡᠷᠭᠡᠶ᠋ᠢᠯᠡᠬᠦ ᠠᠮᠤᠷ ᠲᠦᠪᠰᠢᠨ᠎ᠤ ᠬᠡᠷᠡᠮ᠎ᠢ ᠡᠷᠡᠰ ᠪᠠᠲᠤ ᠴᠣᠭᠴᠠᠯᠠᠬᠤ ᠬᠡᠷᠡᠭᠲᠡᠢ; ᠬᠣᠶᠠᠷ᠎ᠲᠤ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠡᠯ᠎ᠡ ᠱᠠᠲᠤᠨ᠎ᠤ ᠤᠢ ᠵᠢᠨ ᠳᠠᠷᠤᠭ᠎ᠠ ᠵᠢᠨ ᠬᠠᠷᠢᠭᠤᠴᠠᠯᠭ᠎ᠠ ᠵᠢ ᠱᠠᠳᠤ ᠱᠠᠳᠤ᠎ᠪᠠᠷ ᠨᠠᠶ᠋ᠢᠳᠠᠪᠤᠷᠢᠵᠢᠭᠤᠯᠵᠤ᠂ ᠵᠢᠵᠢᠭᠦᠷᠯᠡᠨ ᠰᠠᠬᠢᠬᠤ ᠵᠢ ᠴᠢᠩᠭ᠋ᠠᠳᠬᠠᠵᠤ᠂ ᠲᠤᠤᠷᠵᠢᠭᠤᠯᠤᠬᠰᠠᠨ ᠬᠠᠮᠢᠶᠠᠷᠤᠯᠳᠠ ᠵᠢ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠬᠡᠮ ᠰᠣᠭᠣᠭ᠎ᠢ ᠳᠠᠷᠠᠭ᠋ᠠᠯᠠᠨ ᠪᠠᠶ᠋ᠢᠴᠠᠭ᠋ᠠᠵᠤ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠦᠬᠦ ᠬᠦᠴᠦᠨ ᠵᠶ᠋ᠠᠷ ᠵᠶ᠋ᠠᠨ ᠪᠠᠲᠤ ᠰᠠᠬᠢᠬᠤ ᠬᠡᠷᠡᠭᠲᠡᠢ; ᠭᠤᠷᠪᠠ᠎ᠳᠤ᠂ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠵᠦ᠂ ᠡᠷᠭᠢᠨ ᠲᠣᠭᠣᠷᠢᠨ᠎ᠤ ᠣᠯᠠᠨ ᠲᠦᠮᠡᠨ᠎ᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠳᠠᠯᠳᠠ ᠭᠡᠮ ᠭᠠᠷᠬᠤ ᠵᠢ ᠲᠠᠰᠤ ᠵᠣᠭᠰᠣᠭ᠋ᠠᠵᠤ᠂ ᠣᠶ ᠰᠢᠭᠤᠶ ᠡᠪᠡᠰᠦ ᠪᠡᠯᠴᠢᠭᠡᠷ᠎ᠤᠨ ᠡᠬᠢ ᠪᠠᠶᠠᠯᠢᠭ᠎ᠢ ᠡᠪᠳᠡᠬᠦ ᠠᠶᠤᠯ ᠲᠦᠭᠰᠢᠭᠦᠷᠢ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠶ᠃ ᠲᠦᠷᠪᠡ᠎ᠳᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠠᠵᠢᠯ᠎ᠢ ᠴᠢᠩᠭ᠋ᠠᠳᠬᠠᠵᠤ᠂ ᠤᠯᠠᠨ ᠲᠦᠮᠡᠨ᠎ᠤ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠭᠡᠬᠦ ᠤᠬᠠᠮᠰᠠᠷ᠎ᠢ ᠴᠢᠩᠭ᠋ᠠᠳᠬᠠᠵᠤ᠂ ᠬᠠᠮᠲᠤᠪᠠᠷ ᠣᠷᠣᠯᠴᠠᠬᠤ᠂ ᠬᠠᠮᠲᠤᠪᠠᠷ ᠬᠢᠨᠠᠯᠲᠠ ᠲᠠᠯᠪᠢᠬᠤ᠂ ᠬᠠᠮᠲᠤᠪᠠᠷ ᠬᠠᠮᠠᠭ᠋ᠠᠯᠠᠬᠤ᠂ ᠬᠠᠮᠲᠤᠪᠠᠷ ᠡᠳ᠋ᠯᠡᠬᠦ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃

ᠢᠷᠡᠯᠲᠡ᠄ ᠭᠡᠭᠡᠨ ᠭᠣᠤᠯ ᠬᠣᠲᠠ ᠵᠢᠨ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠭᠡᠭᠡᠨ ᠭᠤᠣᠯ ᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠠᠵᠢᠯ᠎ᠢ ᠱᠠᠯᠠᠪᠳᠠᠭᠤᠯᠤᠨ ᠵᠢᠯᠣᠭᠤᠳᠴᠤ ᠪᠠᠶ᠋ᠢᠴᠠᠭ᠋ᠠᠵᠠᠢ
ᠬᠢᠩᠭ᠋ᠠᠨ ᠠᠶ᠋ᠢᠮᠠᠭ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠴᠠᠭ᠋ᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠢ ᠪᠠᠳᠤᠯᠠᠬᠤ ᠠᠵᠢᠯ᠎ᠢ ᠰᠠᠶ᠋ᠢᠳᠤᠷ ᠬᠢᠵᠠᠢ
ᠥᠪᠥᠷ ᠮᠣᠩᠭᠣᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠥᠪᠥᠷ ᠮᠣᠩᠭᠣᠯ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠣᠳᠠᠲᠠᠶ ᠬᠡᠷᠡᠭᠵᠢᠭᠦᠯᠪᠡ
《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠬᠠᠳᠤᠨ ᠭᠤᠣᠯ᠎ᠤᠨ 《ᠶᠡᠭᠡ ᠲᠣᠬᠤᠢ ᠣᠷᠣᠨ》᠎ᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠬᠤᠢ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠪᠠ ᠾᠧ ᠯᠢ ᠹᠧᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
 
             蒙ICP备05000248号