ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠰᠢᠯᠢ ᠵᠢᠨ ᠭᠤᠤᠯ ᠠᠶ᠋ᠢᠮᠠᠭ᠎ᠲᠤ ᠬᠦᠷᠴᠦ ᠤᠮᠠᠷᠠᠲᠤ ᠵᠢᠨ ᠭᠤᠷᠪᠠᠨ ᠤᠷᠤᠨ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠢ᠌ᠴᠠᠭ᠋ᠠᠨ ᠰᠢᠨᠵᠢᠯᠡᠪᠡ
ᠨᠡᠶ᠋ᠢᠲᠡᠯᠡᠭᠰᠡᠨ ᠴᠠᠭ᠄ 2024-03-13


    《ᠤᠮᠠᠷᠠᠲᠤ ᠵᠢᠨ ᠭᠤᠷᠪᠠᠨ ᠤᠷᠤᠨ》 ᠎ᠤ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠬᠣᠷᠴᠢᠨ᠎ᠤ ᠡᠯᠡᠰᠦᠷᠬᠡᠭ ᠭᠠᠵᠠᠷ ᠪᠠ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢᠨ ᠲᠥᠯᠥᠭᠡ᠂ 3 ᠰᠠᠷ᠎ᠠ ᠵᠢᠨ 5᠎ᠤ ᠡᠳᠦᠷ᠎ᠠᠴᠠ 7᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠳᠠᠨ᠎ᠢ ᠳᠠᠭ᠋ᠠᠭᠤᠯᠤᠨ ᠰᠢᠯᠢ ᠵᠢᠨ ᠭᠤᠤᠯ ᠠᠶ᠋ᠢᠮᠠᠭ᠎ᠤᠨ ᠰᠢᠯᠤᠭᠤᠨ ᠬᠥᠬᠡ ᠬᠣᠰᠢᠭᠤ᠂ ᠪᠠᠷᠠᠭᠤᠨ ᠦᠵᠦᠮᠦᠴᠢᠨ ᠬᠣᠰᠢᠭᠤᠨ᠎ᠳᠤ ᠬᠦᠷᠴᠦ ᠪᠠᠶ᠋ᠢᠴᠠᠭ᠋ᠠᠨ ᠰᠢᠨᠵᠢᠯᠡᠪᠡ᠃


W020240309481554031452_ORIGIN.jpg


 
     ᠪᠠᠶ᠋ᠢᠴᠠᠭ᠋ᠠᠨ ᠰᠢᠨᠵᠢᠯᠡᠬᠦ ᠬᠤᠭᠤᠴᠠᠭ᠋ᠠᠨ᠎ᠳᠤ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠰᠢᠯᠤᠭᠤᠨ ᠬᠥᠬᠡ ᠬᠣᠰᠢᠭᠤᠨ᠎ᠤ ᠠᠯᠲᠠᠩᠬ᠍ᠸ᠎ᠠ ᠴᠡᠴᠡᠭ ᠳᠠᠷᠢᠵᠤ ᠪᠣᠶ᠋ᠢᠵᠢᠭᠤᠯᠬᠤ ᠰᠠᠭᠤᠷᠢᠨ ᠭᠠᠵᠠᠷ᠎ᠲᠤ ᠬᠦᠷᠴᠦ ᠲᠤᠬᠠᠶ ᠵᠢᠨ ᠭᠠᠵᠠᠷ᠎ᠤᠨ ᠪᠠᠶ᠋ᠢᠴᠠᠭ᠋ᠠᠨ ᠰᠤᠳᠤᠯᠤᠯᠲᠠ ᠬᠢᠵᠦ᠂ ᠰᠢᠯᠤᠭᠤᠨ ᠬᠥᠬᠡ ᠬᠣᠰᠢᠭᠤᠨ᠎ᠤ ᠠᠯᠲᠠᠩᠬ᠍ᠸ᠎ᠠ ᠴᠡᠴᠡᠭ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠬᠢᠴᠠ᠂ ᠨᠥᠬᠥᠪᠥᠷᠢ ᠪᠠᠯᠠ ᠮᠥᠩᠭᠥ ᠵᠢᠨ ᠨᠠᠶ᠋ᠢᠳᠠᠪᠤᠷᠢᠵᠢᠭᠤᠯᠤᠯᠲᠠ᠂ ᠡᠪᠡᠰᠦᠨ ᠦᠷ᠎ᠡ ᠵᠢᠨ ᠪᠠᠲᠤᠯᠠᠭ᠎ᠠ ᠬᠠᠩᠭ᠋ᠠᠯᠭ᠎ᠠ ᠵᠡᠷᠭᠡ ᠬᠠᠮᠢᠶ᠎ᠠ ᠪᠥᠬᠥᠶ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠡᠭᠦᠨ᠎ᠤ ᠬᠠᠮᠲᠤ ᠰᠢᠯᠤᠭᠤᠨ ᠬᠥᠬᠡ ᠬᠣᠰᠢᠭᠤ᠂ ᠪᠠᠷᠠᠭᠤᠨ ᠦᠵᠦᠮᠦᠴᠢᠨ ᠬᠣᠰᠢᠭᠤᠨ᠎ᠳᠤ ᠶᠠᠷᠢᠯᠴᠠᠬᠤ ᠬᠤᠷᠠᠯ ᠥᠷᠨᠢᠭᠦᠯᠵᠦ᠂ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ᠂ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠨᠥᠬᠥᠳ᠎ᠤᠨ 《ᠤᠮᠠᠷᠠᠲᠤ ᠵᠢᠨ ᠭᠤᠷᠪᠠᠨ ᠤᠷᠤᠨ》 ᠎ᠤ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠬᠢᠴᠠ ᠵᠢᠨ ᠲᠠᠨᠢᠯᠴᠠᠭᠤᠯᠭ᠎ᠠ ᠵᠢ ᠰᠣᠨᠣᠰᠴᠤ᠂ ᠲᠥᠷᠥᠯ ᠵᠦᠢ᠍ᠯ᠎ᠤᠨ ᠪᠣᠯᠤᠮᠵᠢᠲᠤ ᠴᠢᠨᠠᠷ᠎ᠤᠨ ᠰᠤᠳᠤᠯᠭ᠋ᠠᠨ᠎ᠤ ᠮᠡᠳᠡᠭᠦᠯᠦᠯᠲᠡ ᠪᠠ ᠬᠡᠷᠡᠭᠵᠢᠭᠦᠯᠬᠦ ᠲᠥᠰᠦᠯ᠎ᠢ ᠨᠠᠶ᠋ᠢᠳᠠᠪᠤᠷᠢᠵᠢᠭᠤᠯᠬᠤ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ᠂ ᠨᠠᠶ᠋ᠢᠳᠠᠪᠤᠷᠢᠵᠢᠭᠤᠯᠤᠯᠲᠠ ᠵᠢᠨ ᠪᠠᠶ᠋ᠢᠳᠠᠯ᠂ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠵᠡᠷᠭᠡ ᠠᠭᠤᠯᠭ᠎ᠠ ᠵᠢᠨ ᠲᠣᠭᠣᠷᠢᠨ᠎ᠳᠤ ᠶᠠᠷᠢᠯᠴᠠᠬᠤ ᠬᠤᠷᠠᠯ ᠥᠷᠨᠢᠭᠦᠯᠪᠡ᠃ ᠡᠭᠦᠨ᠎ᠤ ᠬᠠᠮᠲᠤ ᠨᠤᠲᠤᠭ ᠪᠡᠯᠴᠢᠭᠡᠷ᠎ᠤᠨ ᠠᠮᠢ ᠠᠬᠤᠶ ᠵᠢ ᠵᠠᠰᠠᠨ ᠰᠡᠷᠭᠦᠭᠡᠬᠦ ᠲᠥᠷᠥᠯ  ᠵᠦᠢ᠍ᠯ᠎ᠢ ᠰᠢᠯᠭ᠋ᠠᠨ ᠬᠤᠷᠢᠶᠠᠵᠤ ᠴᠡᠭᠴᠡᠯᠡᠨ ᠰᠠᠶ᠋ᠢᠵᠢᠷᠠᠭᠤᠯᠬᠤ ᠵᠡᠷᠭᠡ ᠪᠠᠶ᠋ᠢᠳᠠᠯ᠎ᠢ ᠬᠢᠨᠠᠨ ᠵᠢᠯᠤᠭᠤᠳᠪᠠ᠃


W020240309481554285258_ORIGIN (1).jpg


     ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ 《ᠤᠮᠠᠷᠠᠲᠤ ᠵᠢᠨ ᠭᠤᠷᠪᠠᠨ ᠤᠷᠤᠨ》 ᠎ᠤ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ᠂ ᠬᠣᠷᠴᠢᠨ᠎ᠤ ᠡᠯᠡᠰᠦᠷᠬᠡᠭ ᠭᠠᠵᠠᠷ ᠪᠠ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠪᠠᠶ᠋ᠢᠯᠳᠤᠭ᠋ᠠᠨ᠎ᠤ ᠲᠣᠭᠣᠷᠢᠭ᠎ᠤᠨ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠲᠤᠬᠠᠶ ᠬᠡᠳᠦᠨ ᠰᠠᠨᠠᠯ ᠳᠤᠷᠠᠳᠪᠠ᠃ ᠨᠢᠭᠡ᠎ᠳᠤ ᠡᠭᠦᠷᠭᠡ ᠬᠠᠷᠢᠭᠤᠴᠠᠯᠭ᠋ᠠᠲᠤ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠲᠣᠭᠣᠷᠢᠨ᠎ᠳᠤ᠂ ᠳᠡᠭᠡᠳᠦ ᠬᠡᠮᠵᠢᠶᠡᠨ᠎ᠤ ᠡᠭᠦᠷᠭᠡ ᠬᠠᠷᠢᠭᠤᠴᠠᠯᠭ᠋ᠠᠲᠤ ᠰᠡᠳᠬᠢᠯᠭᠡ᠎ᠪᠠᠷ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠬᠡᠷᠡᠭᠲᠡᠢ᠃ ᠬᠣᠶᠠᠷ᠎ᠲᠤ᠂ ᠪᠦᠬᠦᠯᠢ ᠴᠣᠭᠴᠠ ᠵᠢᠨ ᠨᠢᠭᠡᠳᠦᠯᠲᠡᠶ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠠᠵᠢᠯ ᠵᠶ᠋ᠠᠨ ᠲᠦᠷᠭᠡᠳᠬᠡᠨ ᠠᠬᠢᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠵᠣᠬᠢᠴᠠᠭᠤᠯᠤᠨ ᠭᠦᠢ᠍ᠴᠡᠳᠬᠡᠵᠦ᠂ ᠮᠠᠯᠴᠢᠨ ᠲᠠᠷᠢᠶᠠᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠭᠠᠵᠠᠷ ᠣᠷᠣᠨ ᠪᠠ ᠴᠠᠭ ᠦᠶ᠎ᠡ ᠵᠢᠨ ᠪᠠᠶ᠋ᠢᠳᠠᠯ᠎ᠳᠤᠨᠢ ᠲᠣᠬᠢᠷᠠᠭᠤᠯᠤᠨ᠂ ᠡᠯ᠎ᠡ ᠭᠣᠭᠴᠣᠭ᠎ᠠ ᠵᠢᠨ  ᠬᠠᠮᠵᠢᠯᠴᠠᠭ᠎ᠠ ᠵᠢ ᠰᠠᠶ᠋ᠢᠲᠤᠷ ᠠᠳᠬᠤᠬᠤ ᠬᠡᠷᠡᠭᠲᠡᠶ; ᠭᠤᠷᠪᠠ᠎ᠳᠤ ᠨᠠᠷᠢᠨ ᠨᠢᠭᠲᠠ ᠲᠥᠯᠥᠪᠯᠡᠨ ᠪᠠᠶ᠋ᠢᠷᠢᠯᠠᠭᠤᠯᠵᠤ᠂ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠬᠣᠰᠢᠭᠤ ᠰᠢᠶᠠᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠪᠡᠯᠡᠳᠬᠡᠯ᠎ᠢ ᠰᠠᠶ᠋ᠢᠲᠤᠷ ᠬᠢᠵᠦ᠂ ᠬᠠᠪᠤᠷ ᠡᠬᠢᠯᠡᠮᠡᠭᠴᠡ ᠠᠵᠢᠯ ᠵᠶ᠋ᠠᠨ ᠡᠬᠢᠯᠡᠭᠦᠯᠵᠦ᠂ ᠵᠢᠯ᠎ᠤᠨ ᠳᠣᠲᠣᠷ᠎ᠠ ᠪᠠᠷᠢᠯᠭ᠎ᠠ ᠵᠢᠨ ᠲᠥᠷᠥᠯ ᠵᠦᠢ᠍ᠯ᠎ᠢ ᠥᠨᠳᠥᠷ ᠪᠦᠲᠦᠮᠵᠢᠲᠡᠶ᠎ᠪᠠᠷ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃






 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
ᠥᠪᠥᠷ ᠮᠣᠩᠭᠣᠯ᠄ 2023 ᠣᠨ᠎ᠳᠤ 3700 ᠭᠠᠷᠤᠶ ᠲᠦᠮᠡᠨ ᠰᠠᠭᠤᠷᠢ ᠮᠣᠳᠣ ᠳᠠᠷᠢᠪᠠ
ᠥᠪᠥᠷ ᠮᠣᠩᠭᠣᠯ 2024 ᠣᠨ᠎ᠤ 2 ᠳ᠋ᠤᠭ᠋ᠠᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠪᠡ
ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠡᠯᠡᠰᠦ ᠵᠢ ᠠᠷᠭ᠎ᠠ ᠳᠡᠮᠲᠡᠢ ᠵᠠᠰᠠᠰᠤᠭ᠋ᠠᠢ
《ᠤᠮᠠᠷᠠᠲᠤ ᠵᠢᠨ ᠭᠤᠷᠪᠠᠨ ᠤᠷᠤᠨ》᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠠᠬᠢᠭᠤᠯᠤᠨ᠎ᠠ᠃
 
             蒙ICP备05000248号