ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠥᠪᠥᠷ ᠮᠣᠩᠭᠣᠯ᠄ 2023 ᠣᠨ᠎ᠳᠤ 3700 ᠭᠠᠷᠤᠶ ᠲᠦᠮᠡᠨ ᠰᠠᠭᠤᠷᠢ ᠮᠣᠳᠣ ᠳᠠᠷᠢᠪᠠ
ᠨᠡᠶ᠋ᠢᠲᠡᠯᠡᠭᠰᠡᠨ ᠴᠠᠭ᠄ 2024-03-14

  
   2024 ᠣᠨ᠎ᠤ 3 ᠰᠠᠷ᠎ᠠ ᠵᠢᠨ 12᠎ᠤᠨ ᠡᠳᠦᠷ ᠪᠣᠯ ᠪᠥᠬᠥ ᠤᠯᠤᠰ᠎ᠤᠨ 46 ᠳ᠋ᠤᠭ᠋ᠠᠷ ᠮᠣᠳᠣ ᠳᠠᠷᠢᠬᠤ ᠡᠳᠦᠷ ᠪᠣᠯᠤᠨ᠎ᠠ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠠᠳᠠᠯᠢ ᠪᠤᠰᠤ ᠬᠡᠯᠪᠡᠷᠢ᠎ᠪᠠᠷ ᠳᠠᠮᠵᠢᠭᠤᠯᠤᠨ ᠠᠯᠪᠠᠨ ᠵᠢᠷᠤᠮ᠎ᠤᠨ ᠮᠣᠳᠣ ᠳᠠᠷᠢᠬᠤ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠣᠯᠠᠨ ᠨᠡᠶ᠋ᠢᠲᠡ᠎ᠳᠤ 11 ᠣᠶ᠋ᠢᠵᠢᠭᠤᠯᠵᠤ ᠨᠣᠭᠣᠭ᠋ᠠᠷᠠᠭᠤᠯᠬᠤ ᠲᠥᠷᠥᠯ᠂ 9 ᠪᠣᠶ᠋ᠢᠵᠢᠭᠤᠯᠤᠨ ᠬᠠᠮᠢᠶᠠᠷᠴᠤ ᠬᠠᠮᠠᠭ᠋ᠠᠯᠠᠬᠤ ᠲᠥᠷᠥᠯ᠂ 36 ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ᠎ᠤᠨ ᠠᠯᠪᠠᠨ ᠵᠢᠷᠤᠮ᠎ᠤᠨ ᠮᠣᠳᠣ ᠳᠠᠷᠢᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠯᠪᠡᠷᠢ ᠵᠢ ᠲᠦᠭᠡᠮᠡᠯᠵᠢᠭᠦᠯᠵᠦ᠂ ᠠᠯᠪᠠᠨ ᠵᠢᠷᠤᠮ᠎ᠤᠨ ᠮᠣᠳᠣ ᠳᠠᠷᠢᠬᠤ ᠪᠠ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢ ᠪᠥᠬᠥ ᠨᠡᠶ᠋ᠢᠭᠡᠮ ᠵᠶ᠋ᠠᠷ ᠵᠶ᠋ᠠᠨ ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠥᠪᠥᠷ ᠮᠣᠩᠭᠣᠯ ᠢᠮᠠᠭᠲᠠ ᠠᠯᠪᠠᠨ ᠵᠢᠷᠤᠮ᠎ᠤᠨ ᠮᠣᠳᠣ ᠳᠠᠷᠢᠬᠤ ᠪᠠ ᠣᠶ᠋ᠢᠵᠢᠭᠤᠯᠵᠤ ᠨᠣᠭᠣᠭ᠋ᠠᠷᠠᠭᠤᠯᠬᠤ ᠠᠵᠢᠯ᠎ᠢ ᠣᠷᠭ᠋ᠠᠨᠢᠭ ᠵᠶ᠋ᠠᠷ ᠤᠶᠠᠯᠳᠤᠭᠤᠯᠵᠤ᠂ ᠠᠯᠪᠠᠨ ᠵᠢᠷᠤᠮ᠎ᠤᠨ ᠮᠣᠳᠣ ᠳᠠᠷᠢᠬᠤ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠣᠶ᠋ᠢᠵᠢᠭᠤᠯᠵᠤ ᠨᠣᠭᠣᠭ᠋ᠠᠷᠠᠭᠤᠯᠬᠤ᠂ ᠠᠷᠠᠴᠢᠯᠠᠨ ᠬᠠᠮᠢᠶᠠᠷᠴᠤ ᠬᠠᠮᠠᠭ᠋ᠠᠯᠠᠬᠤ᠂ ᠳᠠᠷᠢᠬᠤ ᠠᠷᠠᠴᠢᠯᠠᠬᠤ᠂ ᠪᠠᠶ᠋ᠢᠭ᠋ᠠᠯᠢ ᠵᠢᠨ ᠬᠠᠮᠠᠭ᠋ᠠᠯᠠᠯᠲᠠ᠂ ᠡᠳ᠋ ᠪᠣᠳᠠᠰ ᠬᠠᠨᠳᠢᠪᠯᠠᠬᠤ᠂ ᠲᠣᠨᠣᠭ ᠲᠥᠬᠥᠭᠡᠷᠦᠮᠵᠢ ᠪᠠᠶ᠋ᠢᠭᠤᠯᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠨᠡᠶ᠋ᠢᠭᠡᠮ᠎ᠤᠨ ᠡᠯ᠎ᠡ ᠡᠲᠡᠭᠡᠳ᠎ᠤᠨ ᠬᠥᠮᠦᠰ᠎ᠢ ᠥᠷᠭᠡᠨ ᠵᠶ᠋ᠠᠷ ᠳᠠᠶ᠋ᠢᠴᠢᠯᠠᠨ ᠪᠥᠬᠥ ᠠᠷᠠᠳ᠎ᠢ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠭᠤᠯᠵᠠᠶ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠪᠥᠬᠥ ᠣᠷᠣᠨ᠎ᠤ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠭᠰᠠᠨ ᠬᠥᠮᠦᠨ᠎ᠤ ᠲᠣᠭ᠎ᠠ ᠨᠡᠶ᠋ᠢᠲᠡ 11000 ᠲᠦᠮᠡᠨ ᠬᠥᠮᠦᠨ ᠤᠳᠠᠭ᠎ᠠ᠎ᠳᠤ ᠬᠦᠷᠴᠦ᠂ 57000 ᠲᠦᠮᠡᠨ ᠰᠠᠭᠤᠷᠢ ᠮᠣᠳᠣ ᠲᠠᠷᠢᠪᠠ᠃ ᠵᠥᠪᠬᠡᠨ 2023 ᠣᠨ᠎ᠳᠤ᠂ ᠪᠥᠬᠥ ᠣᠷᠣᠨ᠎ᠤ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠭᠰᠠᠨ ᠬᠥᠮᠦᠨ 930 ᠭᠠᠷᠤᠶ ᠲᠦᠮᠡ᠎ᠳᠤ ᠬᠦᠷᠴᠦ᠂ ᠨᠡᠶ᠋ᠢᠲᠡ 3700 ᠲᠦᠮᠡᠨ ᠰᠠᠭᠤᠷᠢ  ᠮᠤᠳᠤ ᠲᠠᠷᠢᠵᠤ᠂ ᠠᠯᠪᠠᠨ ᠵᠢᠷᠤᠮ᠎ᠤᠨ ᠮᠣᠳᠣ ᠳᠠᠷᠢᠬᠤ ᠰᠠᠭᠤᠷᠢᠨ ᠭᠠᠵᠠᠷ᠎ᠢ 124 ᠰᠢᠨ᠎ᠡ᠎ᠪᠠᠷ ᠪᠠᠶ᠋ᠢᠭᠤᠯᠤᠭᠰᠠᠨ ᠪᠤᠶᠤ ᠥᠷᠭᠡᠳᠬᠡᠨ ᠪᠠᠶ᠋ᠢᠭᠤᠯᠤᠭᠰᠠᠨ ᠪᠠᠶ᠋ᠢᠨ᠎ᠠ᠃ ᠪᠥᠬᠥ ᠠᠷᠠᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠣᠯᠠᠨ ᠶᠠᠩᠵᠤ ᠵᠢᠨ ᠱᠠᠭ᠋ᠠᠷᠳᠠᠯᠭ᠎ᠠ ᠵᠢ ᠬᠠᠩᠭ᠋ᠠᠬᠤ ᠵᠢᠨ ᠲᠥᠯᠥᠭᠡ᠂ ᠡᠨᠡ ᠵᠢᠯ᠂ ᠥᠪᠥᠷ ᠮᠣᠩᠭᠣᠯ 《ᠢᠨᠲ᠋ᠧᠷ ᠰᠦᠯᠵᠢᠶ᠎ᠡ + ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ》 ᠵᠢ ᠢᠳᠡᠪᠬᠢᠲᠡᠶ ᠠᠬᠢᠭᠤᠯᠵᠤ᠂ ᠣᠳᠣᠬᠠᠨ᠎ᠳᠤ ᠨᠢᠭᠡᠨᠲᠡ ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠰᠦᠯᠵᠢᠶᠡᠨ ᠳᠡᠭᠡᠷᠡᠬᠢ 80 ᠭᠠᠷᠤᠶ ᠬᠥᠳᠡᠯᠮᠦᠷᠢ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠥᠷᠥᠯ᠎ᠢ ᠪᠡᠶᠡᠯᠡᠭᠦᠯᠵᠦ᠂ ᠪᠣᠶ ᠪᠥᠬᠥᠶ ᠨᠠᠰᠤᠨ᠎ᠳᠤ ᠬᠦᠷᠦᠭᠰᠡᠨ ᠠᠷᠠᠳ ᠢᠷᠭᠡᠳ ᠴᠥᠮ ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠰᠦᠯᠵᠢᠶ᠎ᠡ᠎ᠪᠠᠷ ᠳᠡᠮᠵᠢᠨ ᠨᠡᠷ᠎ᠡ ᠮᠡᠳᠡᠭᠦᠯᠦᠨ ᠣᠷᠣᠯᠴᠠᠵᠤ᠂ 《ᠪᠥᠬᠥ ᠵᠢᠯ᠎ᠳᠤ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠣᠯᠠᠨ ᠶᠠᠩᠵᠤ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠲᠥᠬᠥᠮ ᠦᠵᠡᠭᠦᠯᠵᠦ ᠬᠠᠷᠢᠭᠤᠴᠠᠯᠭ᠎ᠠ᠎ᠪᠠᠨ ᠭᠦᠢ᠍ᠴᠡᠳᠬᠡᠬᠦ》 ᠵᠢ ᠪᠡᠶᠡᠯᠡᠭᠦᠯᠵᠦ᠂ 2024 ᠣᠨ᠎ᠳᠤ᠂ ᠪᠥᠬᠥ ᠣᠷᠣᠨ᠎ᠳᠤ 3000 ᠲᠦᠮᠡᠨ ᠰᠠᠭᠤᠷᠢ ᠮᠤᠳᠤ ᠲᠠᠷᠢᠬᠤ ᠵᠢ ᠪᠡᠶᠡᠯᠡᠭᠦᠯᠬᠦ᠎ᠪᠠᠷ ᠲᠥᠯᠥᠪᠯᠡᠵᠦ᠂ ᠤᠮᠠᠷᠠᠲᠤ ᠵᠢᠨ ᠭᠤᠷᠪᠠᠨ ᠤᠷᠤᠨ᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠰᠠᠢ᠌ᠲᠤᠷ ᠬᠢᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ 2024 ᠣᠨ᠎ᠤ 2 ᠳ᠋ᠤᠭ᠋ᠠᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠪᠡ
ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠡᠯᠡᠰᠦ ᠵᠢ ᠠᠷᠭ᠎ᠠ ᠳᠡᠮᠲᠡᠢ ᠵᠠᠰᠠᠰᠤᠭ᠋ᠠᠢ
《ᠤᠮᠠᠷᠠᠲᠤ ᠵᠢᠨ ᠭᠤᠷᠪᠠᠨ ᠤᠷᠤᠨ》᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠠᠬᠢᠭᠤᠯᠤᠨ᠎ᠠ᠃
ᠪᠥᠬᠥ ᠣᠷᠣᠨ᠎ᠤ 《ᠤᠮᠠᠷᠠᠲᠤ ᠵᠢᠨ ᠭᠤᠷᠪᠠᠨ ᠤᠷᠤᠨ 》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠥᠳᠡᠯᠮᠦᠷᠢ ᠵᠢᠨ ᠤᠷᠤᠯᠳᠤᠭ᠋ᠠᠨ ᠡᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠬᠤᠪᠢᠶᠠᠷᠢ ᠬᠤᠷᠠᠯ᠎ᠤᠨ ᠲᠠᠯᠠᠪᠠᠶ᠎ᠳᠤ ᠪᠥᠬᠥ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠬᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠲᠤᠷᠰᠢᠯᠲᠠ ᠵᠢᠨ ᠴᠢᠭ᠎ᠤᠨ ᠠᠵᠢᠯ᠎ᠤᠨ ᠪᠣᠯᠪᠠᠰᠤᠷᠠᠭᠤᠯᠤᠯ᠎ᠤᠨ ᠬᠤᠷᠠᠯ᠎ᠳᠤ ᠤᠷᠤᠯᠴᠠᠪᠠ
 
             蒙ICP备05000248号