ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
ᠨᠡᠶ᠋ᠢᠲᠡᠯᠡᠭᠰᠡᠨ ᠴᠠᠭ᠄ 2024-03-14

      2024 ᠣᠨ᠎ᠤ 3 ᠰᠠᠷ᠎ᠠ ᠵᠢᠨ 12᠎ᠤᠨ ᠡᠳᠦᠷ ᠪᠣᠯ 46᠎ᠳᠠᠬᠢ ᠮᠣᠳᠣ ᠲᠠᠷᠢᠬᠤ ᠡᠳᠦᠷ ᠪᠣᠯᠣᠨ᠎ᠠ᠃
      2023 ᠣᠨ᠎ᠳᠤ᠂ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠣᠢ᠌ᠵᠢᠭᠤᠯᠵᠤ᠂ 2857 ᠲᠦᠮᠡᠨ ᠮᠦ᠍ ᠴᠢᠯᠠᠭᠤᠵᠢᠵᠤ ᠡᠯᠡᠰᠦᠷᠭᠡᠭᠵᠢᠭᠰᠡᠨ ᠭᠠᠵᠠᠷ ᠰᠢᠷᠣᠢ ᠵᠢ ᠵᠡᠰᠠᠵᠤ᠂ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠂ ᠣᠢ ᠰᠢᠭᠤᠢ ᠵᠢᠨ ᠲᠠᠯᠠᠪᠠᠢ ᠪᠠ ᠣᠢ ᠰᠢᠭᠤᠢ ᠵᠢᠨ ᠬᠤᠷᠠᠮᠳᠤᠯ 40 ᠵᠢᠯ ᠳᠠᠷᠠᠭ᠋ᠠᠯᠠᠨ 《ᠬᠣᠣᠰ ᠨᠡᠮᠡᠭᠳᠡᠯ》᠎ᠢ ᠪᠡᠶᠡᠯᠡᠭᠦᠯᠪᠡ᠃


1.jpg  

     

      ᠬᠠᠳᠤᠨ ᠭᠣᠣᠯ᠎ᠤᠨ ᠶᠡᠬᠡ ᠲᠣᠬᠣᠢ ᠵᠢᠨ ᠬᠡᠰᠡᠭ᠎ᠤᠨ ᠪᠤᠭᠤᠮᠳᠠ ᠰᠢᠪᠳᠤᠯᠬᠤ ᠲᠠᠢ᠌ᠯᠠᠯᠳᠤᠭ᠋ᠠᠨ᠂ ᠬᠤᠷᠴᠢᠨ ᠪᠣᠯᠣᠨ ᠬᠣᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠲᠠᠢ᠌ᠯᠠᠯᠳᠤᠭ᠋ᠠᠨ᠂ ᠡᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠭᠥᠪᠡᠭᠡ ᠲᠠᠭ᠋ᠠᠤ ᠵᠢᠨ ᠬᠣᠷᠢᠭᠯᠠᠯᠲᠠ ᠵᠢᠨ ᠲᠠᠢ᠌ᠯᠠᠯᠳᠤᠭ᠋ᠠᠨ ᠵᠡᠷᠭᠡ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠲᠠᠢ᠌ᠯᠠᠯᠳᠤᠭ᠋ᠠᠨ᠎ᠢ ᠡᠬᠢᠯᠡᠭᠦᠯᠪᠡ᠃


2.jpg  

     

      《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ 68 ᠭᠣᠣᠯᠳᠠᠯᠭ᠎ᠠ᠎ᠲᠠᠢ ᠳᠦᠷᠦᠯ ᠵᠦᠢ᠍ᠯ᠎ᠢ ᠲᠦᠯᠦᠪᠵᠢᠭᠦᠯᠦᠨ ᠪᠠᠢ᠌ᠷᠢᠯᠠᠭᠤᠯᠵᠤ᠂ ᠨᠢᠭᠡᠨᠲᠡ 22 ᠳᠦᠷᠦᠯ ᠵᠦᠢ᠍ᠯ᠎ᠢ ᠠᠵᠢᠯ ᠡᠬᠢᠯᠡᠭᠦᠯᠦᠨ᠂ 1800 ᠲᠦᠮᠡᠨ ᠮᠦ᠍ ᠡᠪᠡᠰᠦ ᠮᠣᠳᠣ ᠲᠠᠷᠢᠪᠠ᠃
      ᠳᠡᠯᠡᠬᠡᠢ ᠵᠢᠨ ᠴᠢᠬᠤᠯᠠ ᠨᠤᠭᠣ ᠭᠠᠵᠠᠷ᠎ᠢ 18᠂ ᠤᠯᠤᠰ᠎ᠤᠨ ᠴᠢᠬᠤᠯᠠ ᠨᠤᠭᠣ ᠭᠠᠵᠠᠷ᠎ᠢ 29 ᠰᠢᠨ᠎ᠡ᠎ᠪᠠᠷ ᠨᠡᠮᠡᠭᠳᠡᠭᠦᠯᠵᠦ᠂ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ 14᠂ ᠨᠤᠭᠣ ᠭᠠᠵᠠᠷ᠎ᠤᠨ ᠠᠮᠢ ᠠᠭᠤᠢ ᠵᠢᠨ ᠬᠠᠮᠠᠭ᠋ᠠᠯᠠᠯᠲᠠ ᠵᠢᠨ ᠨᠥᠭᠥᠪᠦᠷᠢ ᠥᠭᠬᠦ ᠳᠦᠷᠦᠯ ᠵᠦᠢ᠍ᠯ᠎ᠢ 48᠂ ᠨᠤᠭᠤ ᠭᠠᠵᠠᠷ᠎ᠢ ᠬᠠᠮᠠᠭ᠋ᠠᠯᠠᠬᠤ ᠪᠠ ᠰᠡᠷᠭᠦᠭᠡᠬᠦ ᠳᠥᠷᠥᠯ ᠵᠦᠢ᠍ᠯ᠎ᠢ 91 ᠬᠡᠷᠡᠴᠢᠭᠦᠯᠪᠡ᠃


3.jpg   

     

      ᠪᠦᠬᠥ ᠤᠯᠤᠰ᠎ᠤᠨ ᠣᠢ ᠰᠢᠭᠤᠢ ᠵᠢᠨ ᠠᠵᠤ ᠦᠢ᠍ᠯᠡᠰ᠎ᠤᠨ ᠦᠢ᠍ᠯᠡᠳᠭᠦᠨ᠎ᠤ ᠶᠡᠷᠦᠩᠬᠡᠢ ᠦᠷᠳᠡᠭ 9.2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠠᠢ᠃ ᠠᠵᠤ ᠠᠬᠤᠢ ᠵᠢᠨ ᠣᠢ ᠵᠢᠨ ᠭᠠᠷᠤᠯᠲᠠ 2.26 ᠳ᠋ᠦᠩᠰᠢᠭᠤᠷ ᠲᠣᠨ᠎ᠳᠤ ᠬᠦᠷᠴᠦ᠂ ᠣᠢ ᠰᠢᠭᠤᠢ ᠵᠢᠨ ᠢᠲᠡᠭᠡᠨ᠎ᠨᠢ ᠠᠮᠤ ᠪᠤᠳᠠᠭ᠎ᠠ᠂ ᠢᠳᠡᠰᠢᠨ ᠨᠤᠭᠤᠭ᠎ᠠ ᠵᠢᠨ ᠳᠠᠷᠠᠭ᠋ᠠᠬᠢ ᠭᠤᠷᠪᠠᠳᠤᠭ᠋ᠠᠷ ᠲᠣᠮᠣ ᠲᠠᠷᠢᠶᠠᠯᠠᠩ᠎ᠤᠨ ᠪᠦᠲᠦᠭᠡᠭᠳᠡᠭᠦᠨ ᠪᠣᠯᠪᠠ᠃ ᠣᠢ ᠵᠢᠨ ᠳᠠᠭ᠋ᠠᠯᠲᠠ ᠠᠵᠤ ᠠᠬᠤᠢ ᠵᠢᠨ ᠵᠢᠯ᠎ᠤᠨ ᠦᠢ᠍ᠯᠡᠳᠭᠦᠨ᠎ᠤ ᠥᠷᠲᠡᠭ 1 ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃


4.jpg


 

ᠢᠷᠡᠯᠲᠡ᠄ ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ ᠵᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠄ 2023 ᠣᠨ᠎ᠳᠤ 3700 ᠭᠠᠷᠤᠶ ᠲᠦᠮᠡᠨ ᠰᠠᠭᠤᠷᠢ ᠮᠣᠳᠣ ᠳᠠᠷᠢᠪᠠ
ᠥᠪᠥᠷ ᠮᠣᠩᠭᠣᠯ 2024 ᠣᠨ᠎ᠤ 2 ᠳ᠋ᠤᠭ᠋ᠠᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠪᠡ
ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠡᠯᠡᠰᠦ ᠵᠢ ᠠᠷᠭ᠎ᠠ ᠳᠡᠮᠲᠡᠢ ᠵᠠᠰᠠᠰᠤᠭ᠋ᠠᠢ
《ᠤᠮᠠᠷᠠᠲᠤ ᠵᠢᠨ ᠭᠤᠷᠪᠠᠨ ᠤᠷᠤᠨ》᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠠᠬᠢᠭᠤᠯᠤᠨ᠎ᠠ᠃
ᠪᠥᠬᠥ ᠣᠷᠣᠨ᠎ᠤ 《ᠤᠮᠠᠷᠠᠲᠤ ᠵᠢᠨ ᠭᠤᠷᠪᠠᠨ ᠤᠷᠤᠨ 》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠥᠳᠡᠯᠮᠦᠷᠢ ᠵᠢᠨ ᠤᠷᠤᠯᠳᠤᠭ᠋ᠠᠨ ᠡᠬᠢᠯᠡᠪᠡ
 
             蒙ICP备05000248号