ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠥᠪᠥᠷ ᠮᠣᠩᠭᠣᠯ 2024 ᠣᠨ᠎ᠤ 2 ᠳ᠋ᠤᠭ᠋ᠠᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2024-03-22

 
    3 ᠰᠠᠷ᠎ᠠ ᠵᠢᠨ 18᠎ᠤ ᠡᠳᠦᠷ᠂ ᠥᠪᠥᠷ ᠮᠣᠩᠭᠣᠯ 2024 ᠣᠨ᠎ᠤ 2 ᠳ᠋ᠤᠭ᠋ᠠᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠵᠦ᠂ 《ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠲᠦᠷᠭᠡᠳᠬᠡᠨ ᠠᠬᠢᠭᠤᠯᠤᠨ᠎ᠠ᠃ 
      ᠶᠡᠷᠦᠩᠬᠡᠶ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ᠂ ᠪᠥᠬᠥ ᠣᠷᠣᠨ᠎ᠤ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠣᠯᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ 1500 ᠲᠦᠮᠡᠨ ᠮᠥ᠍ ᠡᠯᠡᠰᠦᠷᠬᠡᠭᠵᠢᠭᠰᠡᠨ ᠭᠠᠵᠠᠷ ᠰᠢᠷᠣᠶ ᠵᠢ ᠶᠡᠷᠦᠩᠬᠡᠶ᠋ᠢᠯᠡᠨ ᠵᠠᠰᠠᠬᠤ ᠵᠢ ᠴᠢᠨᠠᠷ ᠰᠠᠶ᠋ᠢᠲᠠᠶ ᠪᠡᠶᠡᠯᠡᠭᠦᠯᠵᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ 1320 ᠲᠦᠮᠡᠨ ᠬᠢᠯᠦᠸᠠᠲ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ ᠨᠡᠮᠡᠭᠳᠡᠭᠦᠯᠵᠦ᠂ 230 ᠲᠦᠮᠡᠨ ᠮᠥ᠍ ᠡᠯᠡᠰᠦᠷᠬᠡᠭᠵᠢᠭᠰᠡᠨ ᠭᠠᠵᠠᠷ ᠰᠢᠷᠣᠶ ᠵᠢ ᠶᠡᠷᠦᠩᠬᠡᠶ᠋ᠢᠯᠡᠨ ᠵᠠᠰᠠᠬᠤ ᠵᠢ ᠪᠡᠶᠡᠯᠡᠬᠦᠯᠦᠨ᠎ᠡ᠃
     ᠶᠡᠷᠦᠩᠬᠡᠶ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠱᠠᠭ᠋ᠠᠷᠳᠠᠭᠰᠠᠨ᠎ᠨᠢ᠂ ᠡᠯ᠎ᠡ ᠭᠠᠵᠠᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ 3 ᠰᠠᠷ᠎ᠠ ᠵᠢᠨ 20᠎ᠤ ᠡᠳᠦᠷ᠎ᠠᠴᠠ ᠡᠮᠦᠨ᠎ᠡ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠳᠥᠯᠭᠢᠨ ᠠᠬᠢᠭᠤᠯᠵᠤ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠡᠬᠢᠯᠡᠭᠦᠯᠵᠦ᠂ ᠪᠥᠬᠥ ᠲᠠᠯ᠎ᠠ᠎ᠪᠠᠷ ᠶᠠᠪᠤᠭᠳᠠᠭᠤᠯᠬᠤ ᠬᠡᠷᠡᠭᠲᠡᠶ᠃ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠠᠳᠠᠯᠢ ᠪᠤᠰᠤ ᠲᠦᠷᠦᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠵᠠᠭᠪᠤᠷ᠎ᠢ ᠬᠡᠷᠡᠭᠯᠡᠵᠦ᠂ ᠭᠤᠤᠯ ᠪᠣᠯᠬᠤ ᠰᠠᠯᠬᠢ ᠡᠯᠡᠰᠦᠨ᠎ᠤ ᠠᠮᠠ᠂ ᠡᠯᠡᠰᠦᠨ᠎ᠤ ᠡᠬᠢ ᠵᠢᠨ ᠣᠷᠣᠨ ᠪᠣᠯᠤᠨ ᠵᠠᠮ ᠱᠤᠭᠤᠮ ᠵᠶ᠋ᠠᠷ ᠰᠡᠷᠭᠡᠶ᠋ᠢᠯᠡᠯᠲᠡ ᠬᠢᠵᠦ᠂ ᠠᠯᠬᠤᠮ ᠠᠯᠬᠤᠮ ᠵᠶ᠋ᠠᠷ ᠤᠷᠤᠭᠰᠢᠯᠠᠵᠤ᠂ ᠣᠯᠠᠨ ᠳᠡᠰ ᠳᠠᠪᠬᠤᠷᠭ᠎ᠠ᠎ᠲᠠᠢ᠂ ᠪᠦᠬᠦ ᠲᠠᠯ᠎ᠠ ᠵᠢᠨ ᠠᠮᠢ ᠠᠬᠤᠶ ᠵᠢᠨ ᠬᠠᠮᠠᠭ᠋ᠠᠯᠠᠯᠲᠠ ᠵᠢᠨ ᠲᠤᠤᠷ ᠎ᠢ ᠴᠢᠷᠮᠠᠶ᠋ᠢᠨ ᠪᠠᠶ᠋ᠢᠭᠤᠯᠬᠤ ᠬᠡᠷᠡᠭᠲᠡᠶ᠃ ᠡᠯᠡᠰᠦᠷᠬᠡᠭᠵᠢᠭᠰᠡᠨ ᠭᠠᠵᠠᠷ ᠰᠢᠷᠣᠶ ᠵᠢ ᠶᠡᠷᠦᠩᠬᠡᠶ᠋ᠢᠯᠡᠨ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠥᠬᠥ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠡᠰᠡᠭ ᠬᠡᠰᠡᠭ ᠵᠶ᠋ᠠᠷ ᠵᠠᠰᠠᠬᠤ᠂ ᠬᠡᠰᠡᠭ ᠬᠡᠰᠡᠭ ᠵᠶ᠋ᠠᠷ ᠨᠣᠭᠣᠭ᠋ᠠᠷᠠᠭᠤᠯᠬᠤ ᠵᠢ ᠦᠨᠡᠨᠬᠦ ᠪᠠᠲᠤᠯᠠᠵᠤ᠂ 《ᠬᠠᠭ᠋ᠠᠰ ᠳᠤᠲᠠᠭᠤ》 ᠢᠨᠵᠧᠨᠧᠷᠢᠩ᠎ᠢ ᠡᠷᠡᠰ ᠬᠣᠷᠢᠭᠯᠠᠬᠤ ᠬᠡᠷᠡᠭᠲᠡᠶ᠃ ᠵᠠᠰᠠᠭ᠎ᠤᠨ ᠣᠷᠳᠣᠨ᠎ᠤ ᠪᠡᠯᠡ ᠮᠥᠩᠭᠥ ᠵᠢᠨ ᠬᠥᠰᠢᠭᠦᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠥᠪ᠎ᠤᠨ ᠠᠵᠤ ᠠᠬᠤᠶ᠋ᠢᠯᠠᠯ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠪᠣᠯᠤᠨ ᠨᠡᠶ᠋ᠢᠭᠡᠮ᠎ᠤᠨ ᠬᠥᠷᠥᠩᠭᠡ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ᠎ᠳᠤ ᠣᠷᠣᠯᠴᠠᠭᠤᠯᠬᠤ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ  ᠵᠠᠰᠠᠨ ᠰᠡᠷᠭᠦᠭᠡᠬᠦ ᠵᠢ ᠡᠭᠦᠷᠭᠡᠯᠡᠬᠦ ᠰᠢᠨ᠎ᠡ ᠬᠡᠪ ᠵᠠᠭᠪᠤᠷ᠎ᠢ ᠡᠭᠦᠳᠴᠦ᠂ ᠢᠯᠠᠩᠭᠤᠶ᠎ᠠ ᠬᠣᠯᠪᠣᠭᠳᠠᠯ ᠪᠦᠬᠦᠢ ᠱᠠᠩᠨᠠᠵᠤ ᠲᠤᠰᠠᠯᠠᠬᠤ ᠪᠡᠯᠡ ᠮᠥᠩᠭᠥ ᠪᠠᠭᠤᠯᠭ᠋ᠠᠵᠤ ᠬᠡᠷᠡᠭᠯᠡᠭᠦᠯᠬᠦ ᠠᠷᠭ᠎ᠠ ᠬᠡᠯᠪᠡᠷᠢ ᠵᠢ ᠨᠢᠭᠡᠳᠦᠯᠲᠡᠶ ᠲᠥᠯᠥᠪᠯᠡᠨ ᠰᠠᠶ᠋ᠢᠵᠢᠷᠠᠭᠤᠯᠵᠤ᠂ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠵᠢ ᠢᠳᠡᠪᠬᠢᠲᠡᠶ ᠬᠡᠷᠡᠭᠵᠢᠬᠦᠯᠵᠦ᠂ ᠥᠷᠭᠡᠨ ᠣᠯᠠᠨ ᠲᠠᠷᠢᠶᠠᠴᠢᠨ ᠮᠠᠯᠴᠢᠳ᠎ᠢ ᠳᠠᠶ᠋ᠢᠴᠢᠯᠠᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ᠎ᠳᠤ ᠢᠳᠡᠪᠬᠢᠲᠡᠶ ᠣᠷᠣᠯᠴᠠᠭᠤᠯᠵᠤ᠂ ᠲᠠᠷᠢᠶᠠᠴᠢᠨ ᠮᠠᠯᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠶ᠃
     ᠶᠡᠷᠦᠩᠬᠡᠶ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠱᠠᠭ᠋ᠠᠷᠳᠠᠭᠰᠠᠨ᠎ᠨᠢ᠂ ᠡᠯ᠎ᠡ ᠭᠠᠵᠠᠷ᠎ᠤᠨ᠎ᠬᠢᠨ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ  ᠵᠦᠢ᠍ᠯ᠎ᠤᠨ ᠭᠠᠵᠠᠷ ᠰᠣᠩᠭᠣᠬᠤ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠶᠡᠷᠦᠩᠬᠡᠶ᠋ᠢᠯᠡᠨ ᠵᠠᠰᠠᠬᠤ ᠭᠠᠵᠠᠷ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠬᠡᠷᠡᠭᠯᠡᠬᠦ ᠭᠠᠵᠠᠷ᠎ᠤᠨ ᠬᠠᠩᠭ᠋ᠠᠯᠭ᠎ᠠ ᠵᠢ ᠪᠠᠲᠤᠯᠠᠬᠤ ᠬᠡᠷᠡᠭᠲᠡᠶ᠃ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠣᠭᠣᠮᠲᠠ ᠰᠢᠪᠲᠤᠯᠬᠤ ᠡᠷᠴᠢᠮ ᠵᠶ᠋ᠠᠨ ᠨᠡᠮᠡᠭᠳᠡᠭᠦᠯᠵᠦ᠂ ᠰᠢᠯᠢᠳᠡᠭ ᠦᠷ᠎ᠡ ᠵᠢᠨ ᠡᠬᠢ ᠪᠠᠶᠠᠯᠢᠭ᠎ᠢ ᠰᠣᠩᠭᠣᠨ ᠪᠣᠶ᠋ᠢᠵᠢᠭᠤᠯᠬᠤ᠂ ᠡᠯ᠎ᠡ ᠵᠦᠢ᠍ᠯ᠎ᠤᠨ ᠠᠵᠢᠯᠯᠠᠭ᠋ᠠᠨ᠎ᠤ ᠮᠠᠰᠢᠨ ᠮᠸᠬᠠᠨᠢᠭ ᠵᠡᠷᠭᠡ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠬᠤ ᠬᠡᠷᠡᠭᠲᠡᠶ᠃ ᠤᠰᠣ᠎ᠪᠠᠷ ᠨᠤᠭᠤᠭ᠋ᠠᠷᠠᠭᠤᠯᠤᠯᠳᠠ ᠵᠢ ᠠᠬᠢᠭᠤᠯᠬᠤ᠂ ᠤᠰᠤᠨ᠎ᠤ ᠬᠡᠮᠵᠢᠶ᠎ᠡ᠎ᠪᠠᠷ ᠨᠤᠭᠤᠭ᠋ᠠᠷᠠᠭᠤᠯᠤᠯᠳᠠ ᠵᠢ ᠠᠬᠢᠭᠤᠯᠬᠤ ᠵᠢ ᠪᠠᠷᠢᠮᠲᠠᠯᠠᠵᠤ᠂ ᠪᠤᠷᠤᠭ᠋ᠠᠨ᠎ᠤ ᠤᠰᠤ᠎ᠪᠠᠷ ᠣᠶ ᠰᠢᠭᠤᠶ ᠨᠤᠲᠤᠭ ᠪᠡᠯᠴᠢᠭᠡᠷ᠎ᠢ ᠤᠮᠳᠠᠯᠠᠬᠤ ᠵᠢ ᠬᠥᠭᠵᠢᠭᠦᠯᠬᠦ ᠬᠡᠷᠡᠭᠲᠡᠶ᠃ ᠲᠤᠰ ᠭᠠᠵᠠᠷ ᠣᠷᠣᠨ᠎ᠤ ᠣᠶ ᠰᠢᠭᠤᠶ  ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ ᠲᠣᠳᠣᠷᠬᠠᠶ ᠣᠶ᠋ᠢᠯᠠᠭ᠋ᠠᠵᠤ᠂ ᠬᠠᠮᠢᠶ᠎ᠠ ᠪᠦᠬᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠦᠢ᠍ᠯᠡᠳᠪᠦᠷᠢᠯᠡᠬᠦ ᠴᠢᠳᠠᠪᠤᠷᠢ ᠵᠢ᠎ᠨᠢ ᠵᠣᠬᠢᠬᠤ ᠬᠡᠮᠵᠢᠶ᠎ᠡ᠎ᠪᠠᠷ ᠤᠷᠢᠳᠴᠢᠯᠠᠨ ᠨᠡᠮᠡᠭᠳᠡᠭᠦᠯᠵᠦ᠂ ᠦᠷ᠎ᠡ ᠪᠣᠶ᠋ᠢᠵᠢᠭᠤᠯᠬᠤ ᠪᠦᠲᠦᠴᠡ᠎ᠳᠤᠨᠢ ᠲᠣᠬᠢᠷᠠᠭᠤᠯᠤᠯᠲᠠ ᠬᠢᠵᠦ᠂ ᠲᠣᠣᠷ ᠬᠦᠷᠢᠶ᠎ᠡ᠂ ᠡᠯᠡᠰᠦᠨ᠎ᠤ ᠬᠠᠯᠬᠠᠪᠴᠢ᠂ ᠰᠠᠯᠬᠢᠨ ᠴᠠᠬᠢᠯᠭ᠋ᠠᠨ ᠭᠡᠷᠡᠯ᠎ᠤᠨ ᠲᠣᠨᠣᠭ ᠲᠥᠬᠥᠭᠡᠷᠦᠮᠵᠢ ᠵᠢᠴᠢ ᠤᠭᠰᠠᠷᠠᠭ᠎ᠠ ᠲᠣᠨᠣᠭ ᠵᠡᠷᠭᠡ ᠡᠳ᠋ ᠪᠠᠷᠠᠭ᠎ᠠ ᠵᠢᠨ ᠪᠡᠯᠡᠳᠬᠡᠯ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ᠎ᠳᠤ ᠪᠦᠬᠦ ᠲᠠᠯ᠎ᠠ ᠵᠢᠨ ᠪᠠᠲᠤᠯᠠᠭ᠎ᠠ ᠬᠠᠩᠭ᠋ᠠᠬᠤ ᠬᠡᠷᠡᠭᠲᠡᠶ᠃ ᠡᠯ᠎ᠡ ᠱᠠᠲᠤᠨ᠎ᠤ ᠤᠬᠠᠭᠤᠯᠬᠤ ᠰᠠᠯᠠᠭ᠎ᠠ ᠮᠥᠴᠢᠷ᠎ᠤᠳ ᠪᠦᠬᠦ ᠲᠠᠯ᠎ᠠ᠎ᠪᠠᠷ ᠠᠵᠢᠯ ᠡᠬᠢᠯᠡᠭᠦᠯᠦᠨ᠂ ᠪᠦᠲᠦᠭᠡᠨ ᠪᠠᠢ᠌ᠭᠤᠯᠤᠯᠳᠠ ᠵᠢᠨ ᠤᠬᠠᠭᠤᠯᠭ᠎ᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠠᠳᠬᠤᠵᠤ᠂ ᠲᠡᠷᠢᠭᠦᠨ᠎ᠤ᠎ᠬᠢ ᠵᠢ ᠰᠣᠩᠭᠣᠨ᠂ ᠨᠡᠶ᠋ᠢᠲᠡᠯᠢᠭ ᠵᠢᠱ᠌ᠢᠶ᠎ᠡ ᠵᠢ ᠪᠣᠶ ᠪᠣᠯᠭ᠋ᠠᠵᠤ᠂ ᠲᠤᠷᠰᠢᠯᠭ᠎ᠠ ᠳᠡᠯᠭᠡᠷᠡᠭᠦᠯᠦᠨ᠂ ᠦᠷ᠎ᠡ ᠪᠦᠲᠦᠮᠵᠢ᠎ᠪᠠᠨ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠭᠰᠠᠨ ᠦᠯᠢᠭᠡᠷ ᠳᠠᠭᠤᠷᠢᠶᠠᠯ᠎ᠢ ᠪᠤᠢ ᠪᠤᠯᠭ᠋ᠠᠬᠤ ᠬᠡᠷᠡᠭᠳᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
             蒙ICP备05000248号