ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
《ᠢᠨᠲ᠋ᠧᠷ ᠰᠦᠯᠵᠢᠶ᠎ᠡ + ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ》 ᠠᠵᠢᠯᠯᠠᠭ᠎ᠠ᠎ᠳᠤ ᠣᠷᠣᠯᠴᠠᠬᠤ ᠵᠢ ᠬᠦᠰᠡᠵᠦ ᠪᠠᠶ᠋ᠢᠨ᠎ᠠ
ᠨᠡᠶ᠋ᠢᠲᠡᠯᠡᠭᠰᠡᠨ ᠴᠠᠭ᠄ 2024-03-07

  
   ᠠᠯᠪᠠᠨ ᠵᠢᠷᠤᠮ᠎ᠤᠨ ᠮᠣᠳᠣ ᠳᠠᠷᠢᠬᠤ ᠪᠣᠯ ᠪᠥᠬᠥ ᠠᠷᠠᠳ ᠵᠶ᠋ᠠᠷ ᠵᠶ᠋ᠠᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠣᠷᠣᠯᠴᠠᠬᠤ ᠵᠢᠨ ᠨᠢᠭᠡᠨ ᠴᠢᠬᠤᠯᠠ ᠠᠵᠢᠯᠯᠠᠭ᠎ᠠ ᠪᠣᠯᠤᠨ᠎ᠠ᠂ ᠡᠨᠡ ᠵᠢᠯ᠎ᠤᠨ 3 ᠰᠠᠷ᠎ᠠ ᠵᠢᠨ 12᠎ᠤᠨ ᠡᠳᠦᠷ᠎ᠤᠨ ᠮᠣᠳᠣ ᠳᠠᠷᠢᠬᠤ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯ᠎ᠢ ᠰᠠᠶ᠋ᠢᠲᠤᠷ ᠬᠢᠵᠦ᠂ ᠮᠠᠨ᠎ᠤ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠤ ᠮᠣᠳᠣ ᠳᠠᠷᠢᠬᠤ ᠡᠭᠦᠷᠭᠡ᠎ᠪᠠᠨ ᠭᠦᠢ᠍ᠴᠡᠳᠬᠡᠬᠦ᠎ᠳᠤ ᠲᠥᠬᠥᠮ ᠦᠵᠡᠭᠦᠯᠬᠦ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠭᠣᠭ᠋ᠠᠷᠠᠭᠤᠯᠤᠯᠲᠠ ᠵᠢᠨ ᠵᠥᠪᠯᠡᠯ᠎ᠤᠨ ᠠᠯᠪᠠᠨ ᠬᠡᠷ᠎ᠠᠴᠠ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ ᠬᠣᠲᠠ ᠲᠣᠭᠣᠷᠢᠭ᠎ᠢ ᠵᠣᠬᠢᠶᠠᠨ ᠪᠠᠶ᠋ᠢᠭᠤᠯᠵᠤ ᠤᠷᠢᠳ ᠬᠣᠵᠢᠳ 《ᠢᠨᠲ᠋ᠧᠷ ᠰᠦᠯᠵᠢᠶ᠎ᠡ + ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ》  ᠠᠵᠢᠯᠯᠠᠭ᠎ᠠ ᠵᠢ ᠰᠦᠯᠵᠢᠶᠡᠨ᠎ᠳᠤ ᠶᠠᠪᠤᠭᠳᠠᠭᠤᠯᠵᠤ᠂ ᠠᠵᠢᠯᠯᠠᠭ᠎ᠠ ᠵᠢᠨ ᠬᠡᠪᠴᠢᠶ᠎ᠡ ᠵᠢ ᠪᠥᠬᠥ ᠣᠷᠣᠨ᠎ᠤ ᠡᠯ᠎ᠡ ᠭᠠᠵᠠᠷ᠎ᠲᠤ ᠦᠷᠨᠢᠬᠦᠯᠬᠦ ᠪᠣᠯᠤᠨ᠎ᠠ᠃
    ᠮᠣᠳᠣ ᠳᠠᠷᠢᠬᠤ ᠡᠭᠦᠷᠭᠡ᠎ᠪᠠᠨ  ᠭᠦᠢ᠍ᠴᠡᠳᠬᠡᠵᠦ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ ᠵᠶ᠋ᠠᠨ ᠬᠠᠮᠲᠤ᠎ᠪᠠᠷ ᠪᠥᠲᠥᠭᠡᠨ ᠪᠠᠢ᠌ᠭᠤᠯᠤᠶ᠎ᠠ᠃ ᠥᠷᠭᠡᠨ ᠣᠯᠠᠨ ᠺᠠᠳ᠋ᠷ ᠣᠯᠠᠨ ᠲᠦᠮᠡᠨ ᠥᠪᠥᠷ ᠮᠣᠩᠭᠣᠯ᠎ᠤᠨ ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠰᠦᠯᠵᠢᠶ᠎ᠡ (http᠄// neimenggu.yiwuzhishu.cn/) ᠎ᠳᠤ ᠭᠠᠷᠴᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠣᠶ᠋ᠢᠷ᠎ᠠ ᠬᠠᠪᠢ ᠵᠢᠨ ᠵᠶ᠋ᠡᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠵᠤ ᠪᠣᠯᠤᠨ᠎ᠠ᠃


    ᠣᠯᠠᠨ ᠨᠡᠶ᠋ᠢᠲᠡ᠎ᠪᠠᠷ ᠵᠶ᠋ᠠᠨ 《ᠢᠨᠲ᠋ᠤᠷ ᠰᠦᠯᠵᠢᠶ᠎ᠡ + ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ》 ᠰᠦᠯᠵᠢᠶ᠎ᠡ᠎ᠳᠤ ᠬᠡᠷᠬᠢᠨ ᠨᠡᠷ᠎ᠡ ᠮᠡᠳᠡᠭᠦᠯᠬᠦ ᠪᠣᠶ?


    1 . ᠬᠠᠶ᠋ᠢᠭᠤᠷ ᠵᠶ᠋ᠠᠷ 《ᠥᠪᠥᠷ ᠮᠣᠩᠭᠣᠯ᠎ᠤᠨ ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠰᠦᠯᠵᠢᠶ᠎ᠡ》 ᠵᠢ ᠬᠠᠶ᠋ᠢᠵᠤ ᠰᠦᠯᠵᠢᠶᠡᠨ᠎ᠳᠤ ᠨᠡᠪᠳᠡᠷᠡᠬᠦ ᠪᠤᠶᠤ ᠰᠦᠯᠵᠢᠶᠡᠨ᠎ᠤ ᠬᠠᠶᠢᠭ http᠄//neimenggu.yiwuzhishu.cn᠎ᠪᠠᠷ ᠰᠦᠯᠵᠢᠶᠡᠨ᠎ᠳᠤ ᠨᠡᠪᠳᠡᠷᠡᠵᠦ ᠪᠤᠯᠤᠨ᠎ᠠ᠃


640.png




    2 . ᠰᠦᠯᠵᠢᠶᠡᠨ ᠥᠷᠲᠡᠭᠡ᠎ᠳᠤ ᠤᠷᠤᠭᠰᠠᠨ᠎ᠤ ᠳᠠᠷᠠᠭ᠎ᠠ᠂ ᠲᠡᠷᠢᠬᠦᠨ ᠨᠢᠭᠤᠷ᠎ᠲᠤ ᠨᠠᠢ᠍ᠮᠠᠨ ᠲᠥᠷᠥᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠯᠪᠡᠷᠢ ᠪᠤᠢ᠃ ᠬᠠᠷᠠᠭ᠋ᠠᠯᠵᠠᠭᠰᠠᠨ ᠬᠥᠳᠡᠯᠮᠦᠷᠢ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠡᠳ᠋ ᠮᠥᠩᠭᠥ ᠬᠠᠨᠳᠢᠪᠯᠠᠬᠤ ᠬᠠᠷᠢᠭᠤᠴᠠᠯᠭ᠎ᠠ᠎ᠪᠠᠨ ᠭᠦᠢ᠍ᠴᠡᠳᠭᠡᠬᠦ ᠬᠡᠯᠪᠡᠷᠢ ᠵᠢ ᠰᠣᠩᠭᠣᠨ ᠣᠷᠣᠯᠴᠠᠵᠤ ᠪᠣᠯᠤᠨ᠎ᠠ᠃ 
  

2.png

 

    3 . ᠬᠥᠳᠡᠯᠮᠦᠷᠢ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠥᠷᠥᠯ ᠵᠦᠢ᠍ᠯ᠎ᠳᠤ᠂ ᠵᠢᠱ᠌ᠢᠶᠡᠯᠡᠪᠡᠯ 《ᠡᠵᠡᠨ᠎ᠡ ᠬᠣᠰᠢᠭᠤᠨ᠎ᠤ ᠭᠠᠯᠲᠤ ᠲᠡᠷᠭᠡᠨ᠎ᠤ ᠥᠷᠲᠡᠭᠡ ᠵᠢᠨ ᠡᠮᠦᠨᠡᠬᠢ ᠣᠶ᠋ᠢᠵᠢᠭᠤᠯᠵᠤ ᠨᠣᠭᠣᠭ᠋ᠠᠷᠠᠭᠤᠯᠬᠤ ᠠᠵᠢᠯᠯᠠᠭ᠎ᠠ》 ᠵᠢ ᠰᠣᠩᠭᠣᠵᠤ 《ᠪᠢ ᠣᠷᠣᠯᠴᠠᠨ᠎ᠠ》 ᠭᠡᠵᠦ ᠲᠣᠪᠴᠢᠳᠠᠪᠠᠯ᠂  ᠨᠠᠷᠢᠨ ᠪᠠᠶ᠋ᠢᠳᠠᠯ᠎ᠤᠨ ᠬᠠᠭᠤᠳᠠᠰᠤᠨ᠎ᠳᠤ ᠣᠷᠣᠨ᠎ᠠ᠃ 
 

3.png


    4 . 《ᠡᠨᠳᠡ ᠣᠴᠢᠶ᠎ᠠ》 ᠵᠢ ᠲᠤᠪᠴᠢᠳᠠᠪᠠᠯ ᠵᠤᠷᠢᠭᠰᠠᠨ ᠭᠠᠵᠠᠷ᠎ᠤᠨ ᠵᠶ᠋ᠠᠨ ᠵᠠᠮᠴᠢᠯᠠᠭᠤᠷ᠎ᠤᠨ ᠪᠠᠢ᠌ᠳᠠᠯ᠎ᠳᠤ ᠤᠷᠤᠨ᠎ᠠ᠃ 《ᠪᠢ  ᠤᠷᠤᠯᠴᠠᠨ᠎ᠠ》 ᠭᠡᠳᠡᠭ᠎ᠢ ᠲᠣᠪᠴᠢᠳᠠᠪᠠᠯ ᠭᠠᠷ ᠤᠲᠠᠰᠤᠨ᠎ᠤ ᠸᠢᠴᠠᠲ ᠰᠢᠷᠪᠢᠬᠦ ᠬᠣᠶᠠᠷ ᠬᠡᠮᠵᠢᠯᠳᠦ ᠺᠣᠳ᠋ ᠵᠶ᠋ᠠᠷ ᠨᠡᠷ᠎ᠡ ᠮᠡᠳᠡᠭᠦᠯᠬᠦ ᠮᠡᠳᠡᠭᠡ ᠵᠠᠩᠭᠢ᠎ᠪᠠᠨ ᠲᠠᠭᠯᠠᠵᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠃ 
 

4.png

 

    5 . ᠸᠢᠴᠠᠲ ᠵᠶ᠋ᠠᠷ ᠺᠣᠳ᠋ ᠰᠢᠷᠪᠢᠭᠰᠡᠨ᠎ᠤ ᠳᠠᠷᠠᠭ᠎ᠠ ᠲᠥᠷᠥᠯ ᠵᠦᠢ᠍ᠯ᠎ᠤᠨ ᠨᠠᠷᠢᠨ ᠪᠠᠶ᠋ᠢᠳᠠᠯ᠎ᠤᠨ ᠬᠠᠭᠤᠳᠠᠰᠤ ᠭᠠᠷᠴᠤ᠂ 《ᠪᠢ ᠣᠷᠣᠯᠴᠠᠨ᠎ᠠ》 ᠭᠡᠳᠡᠭ᠎ᠢ ᠳᠠᠷᠤᠵᠤ ᠨᠡᠷ᠎ᠡ ᠮᠡᠳᠡᠭᠦᠯᠬᠦ ᠬᠠᠭᠤᠳᠠᠰᠤᠨ᠎ᠳᠤ ᠣᠷᠣᠵᠤ᠂ ᠨᠢᠭᠤᠷ᠎ᠤᠨ ᠰᠠᠨᠠᠭᠤᠯᠤᠮᠵᠢ ᠵᠢ ᠦᠨᠳᠦᠰᠦᠯᠡᠨ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠠᠷᠤ ᠵᠢᠨ ᠵᠢᠷᠭᠤᠭ᠋ᠠᠨ ᠲᠤᠭ᠎ᠠ᠂ ᠬᠠᠷᠢᠯᠴᠠᠬᠤ ᠤᠲᠠᠰᠤ ᠵᠡᠷᠭᠡ ᠵᠢ ᠲᠠᠭᠯᠠᠵᠤ᠂ ᠲᠠᠭᠯᠠᠵᠤ ᠳᠠᠭᠤᠰᠤᠭᠰᠠᠨ᠎ᠤ ᠳᠠᠷᠠᠭ᠎ᠠ 《  ᠲᠤᠰᠢᠶᠠᠬᠤ》 ᠲᠣᠪᠴᠢ ᠵᠢ ᠲᠤᠪᠴᠢᠳᠠᠵᠦ ᠨᠡᠷ᠎ᠡ ᠮᠡᠳᠡᠭᠦᠯᠦᠨ᠎ᠡ᠃ 
  

5.png


    6 . ᠡᠳ᠋ ᠮᠥᠩᠭᠥ᠎ᠪᠠᠷ ᠲᠤᠰᠠᠯᠠᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠥᠷᠥᠯ ᠬᠡᠯᠪᠡᠷᠢ᠎ᠳᠤ᠂ ᠵᠢᠱ᠌ᠢᠶᠡᠯᠡᠪᠡᠯ 《ᠠᠭᠤᠯᠠ ᠤᠰᠤ᠎ᠪᠠᠨ ᠨᠣᠭᠣᠭ᠋ᠠᠷᠠᠭᠤᠯᠵᠤ᠂ ᠤᠮᠠᠷᠠᠲᠤ ᠬᠢᠯᠢ᠎ᠪᠠᠨ ᠰᠠᠬᠢᠨ  ᠬᠠᠮᠠᠭ᠋ᠠᠯᠠᠶ᠎ᠠ》 ᠵᠢ ᠰᠣᠩᠭᠣᠨ 《ᠡᠳ᠋ ᠮᠦᠩᠬᠦ ᠬᠠᠨᠳᠢᠪᠯᠠᠬᠤ》 ᠵᠢ ᠲᠣᠪᠴᠢᠳᠠᠵᠤ᠂ ᠨᠠᠷᠢᠨ ᠪᠠᠶ᠋ᠢᠳᠠᠯ᠎ᠤᠨ ᠬᠠᠭᠤᠳᠠᠰᠤᠨ᠎ᠳᠤ ᠤᠷᠤᠨ᠎ᠠ᠃ 
  

6.png


    7 . 《ᠡᠨᠳᠡ ᠣᠴᠢᠶ᠎ᠠ》 ᠵᠢ ᠲᠤᠪᠴᠢᠳᠠᠪᠠᠯ ᠵᠤᠷᠢᠭᠰᠠᠨ ᠭᠠᠵᠠᠷ᠎ᠤᠨ ᠵᠶ᠋ᠠᠨ ᠵᠠᠮᠴᠢᠯᠠᠭᠤᠷ᠎ᠤᠨ ᠪᠠᠢ᠌ᠳᠠᠯ᠎ᠳᠤ ᠤᠷᠤᠨ᠎ᠠ᠃ 《  ᠡᠳ᠋ ᠮᠦᠩᠬᠦ ᠬᠠᠨᠳᠢᠪᠯᠠᠬᠤ》 ᠵᠢ ᠲᠣᠪᠴᠢᠳᠠᠪᠠᠯ ᠡᠳ᠋ ᠮᠦᠩᠬᠦ ᠬᠠᠨᠳᠢᠪᠯᠠᠬᠤ ᠬᠠᠭᠤᠳᠠᠰᠤᠨ᠎ᠳᠤ ᠰᠢᠯᠵᠢᠵᠦ᠂ ᠡᠳ᠋ ᠮᠦᠩᠬᠦ ᠬᠠᠨᠳᠢᠪᠯᠠᠬᠤ ᠠᠷᠭ᠎ᠠ ᠮᠠᠶᠢᠭ᠎ᠢ ᠰᠣᠩᠭᠣᠵᠤ ᠪᠣᠯᠤᠨ᠎ᠠ᠃ 
  

7.png



    8. ᠬᠡᠷᠪᠡ 《ᠰᠦᠯᠵᠢᠶᠡᠨ ᠳᠡᠭᠡᠷ᠎ᠡ ᠲᠣᠭ᠋ᠠᠴᠠᠭ᠎ᠠ ᠬᠢᠬᠦ》 ᠠᠷᠭ᠎ᠠ ᠮᠠᠶᠢᠭ᠎ᠢ ᠰᠣᠩᠭᠣᠪᠠᠯ᠂ ᠸᠢᠴᠠᠲ (微信)ᠪᠤᠶᠤ ᠲᠤᠭ᠋ᠠᠴᠢᠯᠠᠭᠤᠷ (支付宝) ᠵᠶ᠋ᠠᠷ ᠳᠡᠮᠵᠢᠨ ᠺᠣᠳ᠋ ᠰᠢᠷᠪᠢᠭᠰᠡᠨ᠎ᠤ ᠳᠠᠷᠠᠭ᠎ᠠ ᠮᠦᠩᠬᠦ ᠬᠠᠨᠳᠢᠪᠯᠠᠬᠤ ᠬᠠᠭᠤᠳᠠᠰᠤᠨ᠎ᠳᠤ ᠣᠷᠣᠵᠤ᠂ ᠬᠠᠭᠤᠳᠠᠰᠤᠨ᠎ᠤ ᠰᠠᠨᠠᠭᠤᠯᠤᠮᠵᠢ ᠵᠢ ᠦᠨᠳᠦᠰᠦᠯᠡᠨ ᠬᠠᠮᠢᠶ᠎ᠠ ᠪᠥᠬᠥᠶ ᠮᠡᠳᠡᠭᠡ ᠵᠠᠩᠭᠢ ᠵᠢ ᠲᠠᠭᠯᠠᠵᠤ᠂ ᠲᠠᠭᠯᠠᠵᠤ ᠳᠠᠭᠤᠰᠤᠭᠰᠠᠨ᠎ᠤ ᠳᠠᠷᠠᠭ᠎ᠠ 《  ᠪᠠᠲᠤᠯᠠᠬᠤ》 ᠳᠠᠷᠤᠪᠴᠢ ᠵᠢ ᠳᠠᠷᠤᠵᠤ ᠮᠦᠩᠬᠦ ᠬᠠᠨᠳᠢᠪᠯᠠᠵᠤ ᠳᠠᠭᠤᠰᠤᠨ᠎ᠠ᠃


8.png



ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠰᠢᠯᠢ ᠵᠢᠨ ᠭᠤᠤᠯ ᠠᠶ᠋ᠢᠮᠠᠭ᠎ᠲᠤ ᠬᠦᠷᠴᠦ ᠤᠮᠠᠷᠠᠲᠤ ᠵᠢᠨ ᠭᠤᠷᠪᠠᠨ ᠤᠷᠤᠨ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠢ᠌ᠴᠠᠭ᠋ᠠᠨ ᠰᠢᠨᠵᠢᠯᠡᠪᠡ
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
ᠥᠪᠥᠷ ᠮᠣᠩᠭᠣᠯ᠄ 2023 ᠣᠨ᠎ᠳᠤ 3700 ᠭᠠᠷᠤᠶ ᠲᠦᠮᠡᠨ ᠰᠠᠭᠤᠷᠢ ᠮᠣᠳᠣ ᠳᠠᠷᠢᠪᠠ
ᠥᠪᠥᠷ ᠮᠣᠩᠭᠣᠯ 2024 ᠣᠨ᠎ᠤ 2 ᠳ᠋ᠤᠭ᠋ᠠᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠪᠡ
ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠡᠯᠡᠰᠦ ᠵᠢ ᠠᠷᠭ᠎ᠠ ᠳᠡᠮᠲᠡᠢ ᠵᠠᠰᠠᠰᠤᠭ᠋ᠠᠢ
 
             蒙ICP备05000248号