ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
《ᠤᠮᠠᠷᠠᠲᠤ ᠵᠢᠨ ᠭᠤᠷᠪᠠᠨ ᠤᠷᠤᠨ》᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠠᠬᠢᠭᠤᠯᠤᠨ᠎ᠠ᠃
ᠨᠡᠶ᠋ᠢᠲᠡᠯᠡᠭᠰᠡᠨ ᠴᠠᠭ᠄ 2024-04-29

  
   2024 ᠣᠨ᠎ᠤ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠠᠬᠢᠭᠤᠯᠬᠤ ᠵᠢᠨ ᠲᠥᠯᠥᠭᠡ᠂ ᠣᠶ᠋ᠢᠷ᠎ᠠ᠎ᠳᠤ ᠮᠠᠨ᠎ᠤ ᠲᠣᠪᠴᠢᠶ᠎ᠠ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠲᠠᠢ ᠬᠠᠷᠢᠯᠴᠠᠬᠤ᠎ᠪᠠᠷ ᠳᠡᠮᠵᠢᠨ᠂  ᠠᠮᠢ ᠠᠬᠤᠶ ᠵᠢᠨ ᠬᠠᠮᠠᠭ᠋ᠠᠯᠠᠯᠲᠠ ᠵᠢᠨ ᠰᠢᠰᠲ᠋ᠧᠮᠵᠢ ᠵᠢᠨ ᠲᠤᠰᠬᠠᠶ ᠲᠥᠷᠥᠯ ᠵᠦᠢ᠍ᠯ ᠪᠠ ᠣᠶ ᠰᠢᠭᠤᠶ ᠵᠢᠨ  ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠲᠥᠪ᠎ᠤᠨ ᠲᠥᠰᠦᠪ᠎ᠤᠨ ᠳᠣᠲᠣᠷᠠᠬᠢ 2 ᠪᠠᠯᠠ ᠣᠷᠣᠭᠤᠯᠤᠯᠲᠠ ᠵᠢᠨ ᠰᠠᠨᠠᠭᠤᠯᠭ᠎ᠠ ᠵᠢᠨ ᠲᠥᠯᠥᠪᠯᠡᠭᠡ ᠵᠢ ᠭᠤᠶᠤᠴᠢᠯᠠᠨ ᠮᠡᠳᠡᠭᠦᠯᠵᠦ᠂ ᠨᠡᠶ᠋ᠢᠲᠡ 37 ᠲᠥᠷᠥᠯ ᠵᠦᠢ᠍ᠯ ᠭᠤᠶᠤᠴᠢᠯᠠᠨ ᠮᠡᠳᠡᠭᠦᠯᠵᠦ᠂ ᠲᠥᠪ᠎ᠤᠨ ᠲᠥᠰᠦᠪ᠎ᠲᠤ 32768 ᠲᠦᠮᠡᠨ ᠲᠥᠭᠥᠷᠢᠭ ᠭᠤᠶᠤᠴᠢᠯᠠᠨ ᠮᠡᠳᠡᠭᠦᠯᠵᠡᠶ᠃ ᠡᠭᠦᠨ᠎ᠳᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠲᠥᠷᠥᠯ ᠵᠦᠢ᠍ᠯ 20 ᠵᠢ ᠭᠤᠶᠤᠴᠢᠯᠠᠨ ᠮᠡᠳᠡᠭᠦᠯᠵᠦ᠂ ᠲᠥᠪ᠎ᠤᠨ ᠲᠥᠰᠦᠪ᠎ᠲᠤ 28833 ᠲᠦᠮᠡᠨ ᠲᠥᠭᠥᠷᠢᠭ ᠪᠤᠯᠤᠨ᠎ᠠ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠯᠲᠡ᠂ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ᠂ ᠬᠠᠮᠢᠶᠠᠷᠴᠤ ᠬᠠᠮᠠᠭ᠋ᠠᠯᠠᠬᠤ ᠬᠡᠷ ᠪᠠᠶ᠋ᠢᠰᠢᠩ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠡᠷᠭᠡ ᠵᠢ ᠪᠠᠭᠲᠠᠭ᠋ᠠᠭᠰᠠᠨ ᠪᠠᠢ᠌ᠨ᠎ᠠ; ᠣᠶ ᠰᠢᠭᠤᠶ ᠵᠢᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠴᠢᠭᠯᠡᠯ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ  ᠵᠦᠢ᠍ᠯ 7᠂ ᠲᠥᠪ᠎ᠤᠨ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ 3935 ᠲᠦᠮᠡᠨ ᠲᠥᠭᠥᠷᠢᠭ ᠪᠠᠶ᠋ᠢᠵᠤ᠂ ᠤᠯᠤᠰ᠎ᠤᠨ ᠲᠠᠰ᠎ᠤᠨ ᠠᠮᠢ ᠠᠬᠤᠶ ᠵᠢᠨ ᠪᠠᠶ᠋ᠢᠷᠢ ᠲᠤᠭᠲᠠᠭ᠋ᠠᠯᠳᠠ ᠵᠢᠨ ᠠᠵᠢᠭᠯᠠᠨ ᠬᠡᠮᠵᠢᠬᠦ ᠰᠤᠳᠤᠯᠭ᠋ᠠᠨ᠎ᠤ ᠥᠷᠲᠡᠭᠡ᠂ ᠭᠤᠤᠯᠳᠠᠯᠭ᠎ᠠ᠎ᠲᠠᠢ ᠤᠯᠤᠰ᠎ᠤᠨ ᠥᠮᠴᠢᠯᠡᠯᠲᠦ ᠰᠢᠭᠤᠶ᠋ᠢᠲᠤ ᠣᠷᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠦᠨᠳᠦᠰᠦᠨ ᠱᠠᠲᠤᠨ᠎ᠤ ᠣᠶ ᠰᠢᠭᠤᠶ ᠵᠢᠨ ᠠᠵᠢᠯ᠎ᠤᠨ ᠥᠷᠲᠡᠭᠡ ᠵᠡᠷᠭᠡ᠎ᠳᠤ ᠬᠣᠯᠪᠣᠭᠳᠠᠨ᠎ᠠ᠃ ᠡᠨᠡ᠎ᠨᠢ 《  ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠪᠠᠲᠤᠯᠠᠭ᠎ᠠ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ 《ᠤᠮᠠᠷᠠᠲᠤ ᠵᠢᠨ ᠭᠤᠷᠪᠠᠨ ᠤᠷᠤᠨ 》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠥᠳᠡᠯᠮᠦᠷᠢ ᠵᠢᠨ ᠤᠷᠤᠯᠳᠤᠭ᠋ᠠᠨ ᠡᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠬᠤᠪᠢᠶᠠᠷᠢ ᠬᠤᠷᠠᠯ᠎ᠤᠨ ᠲᠠᠯᠠᠪᠠᠶ᠎ᠳᠤ ᠪᠥᠬᠥ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠬᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠲᠤᠷᠰᠢᠯᠲᠠ ᠵᠢᠨ ᠴᠢᠭ᠎ᠤᠨ ᠠᠵᠢᠯ᠎ᠤᠨ ᠪᠣᠯᠪᠠᠰᠤᠷᠠᠭᠤᠯᠤᠯ᠎ᠤᠨ ᠬᠤᠷᠠᠯ᠎ᠳᠤ ᠤᠷᠤᠯᠴᠠᠪᠠ
 
             蒙ICP备05000248号