ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠬᠤᠪᠢᠶᠠᠷᠢ ᠬᠤᠷᠠᠯ᠎ᠤᠨ ᠲᠠᠯᠠᠪᠠᠶ᠎ᠳᠤ ᠪᠥᠬᠥ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠬᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠲᠤᠷᠰᠢᠯᠲᠠ ᠵᠢᠨ ᠴᠢᠭ᠎ᠤᠨ ᠠᠵᠢᠯ᠎ᠤᠨ ᠪᠣᠯᠪᠠᠰᠤᠷᠠᠭᠤᠯᠤᠯ᠎ᠤᠨ ᠬᠤᠷᠠᠯ᠎ᠳᠤ ᠤᠷᠤᠯᠴᠠᠪᠠ
ᠨᠡᠶ᠋ᠢᠲᠡᠯᠡᠭᠰᠡᠨ ᠴᠠᠭ᠄ 2024-05-24

 
    5 ᠰᠠᠷ᠎ᠠ ᠵᠢᠨ 20᠎ᠤ ᠡᠳᠦᠷ᠂ ᠪᠦᠬᠦ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠲᠤᠷᠰᠢᠯᠲᠠ ᠵᠢᠨ ᠴᠢᠭ᠎ᠤᠨ ᠠᠵᠢᠯ᠎ᠤᠨ ᠪᠤᠯᠪᠠᠰᠤᠷᠠᠭᠤᠯᠤᠯ᠎ᠤᠨ ᠬᠤᠷᠠᠯ ᠸᠢᠳᠢᠣ᠋ ᠬᠡᠯᠪᠡᠷᠢ᠎ᠪᠠᠷ ᠪᠡᠭᠡᠵᠢᠩ᠎ᠳᠤ ᠬᠤᠷᠠᠯᠳᠤᠪᠠ᠃ ᠬᠤᠷᠠᠯ᠎ᠠᠴᠠ 5 ᠰᠠᠷ᠎ᠠ ᠵᠢᠨ 8᠎ᠤ ᠡᠳᠦᠷ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠶ᠋ᠢᠳ ᠸᠠᠩ ᠭᠤᠸᠠᠩ ᠬᠤᠸᠠ ᠵᠢᠨ ᠪᠦᠬᠦ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠡᠬᠢᠯᠡᠯᠲᠡ ᠵᠢᠨ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠵᠤ᠂ ᠥᠪᠥᠷ ᠮᠣᠩᠭᠣᠯ᠂ ᠵᠧᠵᠢᠶᠠᠩ᠂ ᠱᠠᠨᠳᠦ᠋ᠩ᠂ ᠾᠧᠨᠠᠨ᠂ ᠬᠤᠨᠠᠨ᠂ ᠭᠤᠸᠠᠩᠳᠦ᠋ᠩ᠂ ᠴᠦᠩᠴᠢᠩ᠂ ᠰᠸᠴᠤᠸᠠᠨ᠂ ᠶᠦᠨᠨᠠᠨ᠂ ᠱᠠᠨᠰᠢ᠂ ᠨᠢᠩᠰᠢᠶᠠ᠂ ᠰᠢᠨᠵᠢᠶᠠᠩ ᠵᠡᠷᠭᠡ 12 ᠲᠤᠷᠰᠢᠯᠲᠠ ᠵᠢᠨ ᠮᠤᠵᠢ (ᠣᠷᠣᠨ᠂ ᠬᠤᠳᠠ) ᠲᠤᠬᠠᠢ ᠵᠢᠨ ᠲᠠᠯᠠᠪᠠᠢ᠎ᠳᠤ ᠬᠠᠷᠢᠭᠤ ᠮᠡᠳᠡᠭᠦᠯᠦᠯᠲᠡ ᠬᠢᠪᠡ᠃ ᠡᠯ᠎ᠡ ᠲᠤᠷᠰᠢᠯᠲᠠ ᠵᠢᠨ ᠴᠢᠭ᠎ᠤᠨ ᠮᠤᠵᠢ ᠵᠢᠨ ᠣᠶ ᠰᠢᠭᠤᠶ ᠨᠤᠲᠤᠭ ᠪᠡᠯᠴᠢᠭᠡᠷ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠨᠥᠬᠥᠳ᠂ ᠡᠯ᠎ᠡ ᠬᠠᠮᠢᠶ᠎ᠠ ᠪᠥᠬᠥᠶ ᠭᠠᠵᠠᠷ᠂ ᠬᠣᠶᠠᠳᠤᠭ᠋ᠠᠷ ᠳᠡᠰ᠎ᠤᠨ ᠨᠢᠭᠡᠴᠢ ᠵᠢᠴᠢ ᠲᠤᠷᠰᠢᠯᠲᠠ ᠵᠢᠨ ᠴᠢᠭ᠎ᠤᠨ ᠬᠣᠰᠢᠭᠤ ᠰᠢᠶᠠᠨ᠎ᠤ ᠭᠤᠤᠯ ᠬᠠᠷᠢᠭᠤᠴᠠᠯᠭ᠋ᠠᠲᠠᠨ ᠨᠥᠬᠥᠳ᠂ ᠮᠡᠷᠭᠡᠵᠢᠯ᠎ᠤᠨ ᠭᠤᠤᠯᠯᠠᠭᠴᠢ ᠬᠦᠴᠦᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠠᠶ᠃ ᠬᠤᠷᠠᠯ᠎ᠠᠴᠠ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠲᠤᠰ ᠤᠳᠠᠭ᠎ᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠡᠭᠦᠷᠭᠡ ᠬᠦᠨᠳᠦ᠂ ᠣᠷᠣᠯᠴᠠᠬᠤ ᠬᠥᠮᠦᠨ ᠤᠯᠠᠨ ᠪᠠᠶ᠋ᠢᠨ᠎ᠠ᠂ ᠪᠠᠶ᠋ᠢᠭ᠋ᠠᠯᠢ ᠵᠢᠨ ᠡᠬᠢ ᠪᠠᠶᠠᠯᠢᠭ ᠪᠣᠯᠤᠨ ᠤᠢ ᠰᠢᠭᠤᠢ ᠨᠤᠲᠤᠭ ᠪᠡᠯᠴᠢᠭᠡᠷ᠎ᠤᠨ ᠬᠣᠶᠠᠷ ᠰᠠᠯᠠᠭ᠎ᠠ ᠮᠥᠴᠢᠷ ᠬᠠᠮᠵᠢᠯᠴᠠᠨ ᠠᠬᠢᠭᠤᠯᠬᠤ ᠪᠠ ᠬᠠᠮᠲᠤ᠎ᠪᠠᠷ ᠮᠠᠭ᠋ᠠᠳᠯᠠᠨ ᠲᠣᠭᠲᠠᠭ᠋ᠠᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠰᠠᠶ᠋ᠢᠲᠤᠷ ᠬᠢᠵᠦ᠂ ᠲᠤᠷᠰᠢᠯᠲᠠ᠎ᠪᠠᠷ ᠳᠠᠮᠵᠢᠭᠤᠯᠤᠨ ᠪᠦᠬᠦ ᠲᠠᠯ᠎ᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠰᠠᠭᠤᠷᠢ ᠵᠢ ᠰᠠᠶ᠋ᠢᠲᠤᠷ ᠲᠠᠯᠪᠢᠬᠤ ᠬᠡᠷᠡᠭᠳᠡᠢ ᠭᠡᠵᠡᠢ᠃


W020240521611138894497_ORIGIN.jpg



    ᠬᠤᠷᠠᠯ᠎ᠠᠴᠠ᠂ ᠠᠵᠢᠯ᠎ᠤᠨ ᠭᠣᠣᠯᠳᠠᠯᠭ᠎ᠠ ᠵᠢ ᠠᠳᠬᠤᠵᠤ᠂ ᠵᠣᠬᠢᠴᠠᠩᠭᠤᠢ ᠥᠨᠳᠥᠷ ᠪᠦᠲᠦᠮᠵᠢᠲᠡᠢ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠭᠣᠣᠯᠳᠠᠯᠭ᠎ᠠ᠎ᠲᠠᠢ ᠵᠠᠩᠭᠢᠯᠠᠭ᠎ᠠ ᠵᠢ ᠠᠳᠬᠤᠵᠤ᠂ ᠲᠤᠷᠰᠢᠯᠲᠠ ᠵᠢᠨ ᠴᠢᠭ᠎ᠤᠨ ᠠᠵᠢᠯ᠎ᠤᠨ ᠲᠡᠰ ᠳᠠᠷᠠᠭ᠋ᠠᠯᠠᠯ᠎ᠢ ᠰᠢᠯᠢᠳᠡᠭᠵᠢᠭᠦᠯᠵᠦ᠂ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠲᠤᠷᠰᠢᠯᠲᠠ ᠵᠢᠨ ᠴᠢᠭ᠎ᠤᠨ ᠠᠵᠢᠯ᠎ᠢ ᠤᠷᠢᠳ ᠵᠶ᠋ᠠᠷ ᠬᠢᠬᠦ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠷᠠᠯ᠎ᠠᠴᠠ᠂ ᠠᠵᠢᠯ᠎ᠤᠨ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠵᠤ᠂ ᠬᠠᠶ᠋ᠢᠨ ᠰᠦᠪᠡᠭᠴᠢᠯᠡᠵᠦ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠦᠨᠳᠦᠰᠦᠨ ᠪᠠᠲᠤᠯᠠᠭ᠎ᠠ ᠵᠢ ᠴᠢᠩᠭ᠋ᠠᠳᠬᠠᠵᠤ᠂ ᠲᠤᠷᠰᠢᠯᠲᠠ ᠵᠢᠨ ᠠᠵᠢᠯ ᠠᠮᠵᠢᠯᠲᠠ ᠤᠯᠬᠤ ᠵᠢ ᠪᠠᠲᠤᠯᠠᠬᠤ ᠬᠡᠷᠡᠭᠲᠡᠢ ᠬᠡᠵᠦ ᠱᠠᠭ᠋ᠠᠷᠳᠠᠪᠠ᠃ 


W020240521611138923774_ORIGIN.jpg



    5 ᠰᠠᠷ᠎ᠠ ᠵᠢᠨ 21᠎ᠤ ᠡᠳᠦᠷ᠂ ᠲᠤᠷᠰᠢᠯᠲᠠ ᠵᠢᠨ ᠴᠢᠭ᠎ᠤᠨ ᠪᠣᠯᠪᠠᠰᠤᠷᠠᠭᠤᠯᠤᠯ᠎ᠤᠨ ᠬᠤᠷᠠᠯ ᠳᠡᠭᠡᠷ᠎ᠡ ᠮᠠᠨ᠎ᠤ ᠣᠷᠣᠨ᠎ᠤ ᠬᠡᠰᠢᠭᠲᠡᠨ ᠬᠣᠰᠢᠭᠤ ᠵᠡᠷᠭᠡ 2 ᠰᠢᠶᠠᠨ᠎ᠤ ᠱᠠᠲᠤ᠎ᠪᠠᠷ ᠥᠯᠢᠭᠡᠷ ᠳᠠᠭᠤᠷᠢᠶᠠᠯ ᠪᠣᠯᠭ᠋ᠠᠵᠤ᠂ ᠪᠢᠯᠵᠤᠤᠬᠠᠶ ᠲᠤᠶᠠᠴᠢᠬᠤ ᠬᠡᠯᠪᠡᠷᠢ᠎ᠪᠠᠷ ᠨᠢᠭᠡᠳᠦᠯ ᠥᠬᠡᠶ ᠵᠢᠷᠤᠭ ᠲᠣᠯᠪᠣ ᠵᠢ ᠵᠠᠳᠠᠯᠬᠤ᠎ᠪᠠᠷ ᠳᠠᠮᠵᠢᠭᠤᠯᠤᠨ ᠪᠣᠳᠠᠲᠠᠶ ᠠᠵᠢᠯᠯᠠᠭ᠋ᠠᠨ᠎ᠤ ᠪᠣᠯᠪᠠᠰᠤᠷᠠᠭᠤᠯᠤᠯ᠎ᠢ ᠴᠢᠩᠭ᠋ᠠᠳᠬᠠᠪᠠ᠃ ᠣᠳᠣᠬᠠᠨ᠎ᠳᠤ᠂ ᠮᠠᠨ᠎ᠤ ᠣᠷᠣᠨ᠎ᠤ 3 ᠭᠠᠵᠠᠷ ᠣᠷᠣᠨ᠎ᠢ ᠪᠥᠬᠥ ᠤᠯᠤᠰ᠎ᠤᠨ ᠲᠤᠷᠰᠢᠯᠲᠠ ᠵᠢᠨ ᠴᠢᠭ᠎ᠲᠤ ᠣᠷᠣᠭᠤᠯᠪᠠ᠃ ᠲᠠᠷᠠᠭ᠋ᠠᠴᠢ ᠵᠢᠨ ᠠᠯᠬᠤᠮ᠎ᠳᠤ᠂ ᠲᠤᠷᠰᠢᠯᠲᠠ ᠵᠢᠨ ᠭᠠᠵᠠᠷ ᠣᠷᠣᠨ᠎ᠤ ᠠᠵᠢᠯ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠠᠶ᠋ᠢᠷᠢᠯᠠᠭᠤᠯᠬᠤ ᠪᠠ ᠮᠡᠷᠭᠡᠵᠢᠯ᠎ᠤᠨ ᠪᠣᠯᠪᠠᠰᠤᠷᠠᠭᠤᠯᠤᠯ ᠵᠢᠭ᠋ᠠᠨ ᠵᠢᠯᠣᠭᠣᠳᠬᠤ ᠵᠢ ᠲᠦᠷᠭᠡᠳᠬᠡᠵᠦ᠂ ᠲᠣᠭᠲᠠᠭᠰᠠᠨ ᠴᠠᠭ ᠬᠤᠭᠤᠴᠠᠭ᠎ᠠ ᠶᠣᠰᠣᠭ᠋ᠠᠷ ᠲᠤᠷᠰᠢᠯᠲᠠ ᠴᠢᠭ᠎ᠤᠨ ᠠᠵᠢᠯ᠎ᠢ ᠴᠢᠨᠠᠷ ᠰᠠᠶ᠋ᠢᠲᠠᠶ ᠥᠨᠳᠥᠷ ᠦᠷ᠎ᠡ ᠪᠦᠲᠦᠮᠵᠢᠲᠡᠶ ᠪᠡᠶᠡᠯᠡᠭᠦᠯᠵᠦ᠂ ᠲᠤᠷᠰᠢᠯᠲᠠ ᠵᠢᠨ ᠠᠵᠢᠯ᠎ᠤᠨ ᠲᠤᠷᠰᠢᠯᠭ᠎ᠠ ᠵᠢ ᠬᠢᠨᠠᠮᠠᠭ᠋ᠠᠶ ᠳ᠋ᠦᠩᠨᠡᠨ᠂ ᠢᠳᠡᠪᠬᠢᠲᠡᠶ᠎ᠪᠠᠷ ᠳᠡᠯᠭᠡᠷᠡᠭᠦᠯᠦᠨ ᠬᠡᠷᠡᠭᠯᠡᠵᠦ᠂ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠬᠦ᠎ᠳᠤ ᠰᠠᠶ᠋ᠢᠨ ᠰᠠᠶ᠋ᠢᠬᠠᠨ ᠰᠠᠭᠤᠷᠢ ᠵᠢ ᠲᠠᠯᠪᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ 《ᠤᠮᠠᠷᠠᠲᠤ ᠵᠢᠨ ᠭᠤᠷᠪᠠᠨ ᠤᠷᠤᠨ 》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠥᠳᠡᠯᠮᠦᠷᠢ ᠵᠢᠨ ᠤᠷᠤᠯᠳᠤᠭ᠋ᠠᠨ ᠡᠬᠢᠯᠡᠪᠡ
《ᠤᠮᠠᠷᠠᠲᠤ ᠵᠢᠨ ᠭᠤᠷᠪᠠᠨ ᠤᠷᠤᠨ》᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠠᠬᠢᠭᠤᠯᠤᠨ᠎ᠠ᠃
ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠡᠯᠡᠰᠦ ᠵᠢ ᠠᠷᠭ᠎ᠠ ᠳᠡᠮᠲᠡᠢ ᠵᠠᠰᠠᠰᠤᠭ᠋ᠠᠢ
ᠥᠪᠥᠷ ᠮᠣᠩᠭᠣᠯ 2024 ᠣᠨ᠎ᠤ 2 ᠳ᠋ᠤᠭ᠋ᠠᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠪᠡ
ᠥᠪᠥᠷ ᠮᠣᠩᠭᠣᠯ᠄ 2023 ᠣᠨ᠎ᠳᠤ 3700 ᠭᠠᠷᠤᠶ ᠲᠦᠮᠡᠨ ᠰᠠᠭᠤᠷᠢ ᠮᠣᠳᠣ ᠳᠠᠷᠢᠪᠠ
 
             蒙ICP备05000248号