ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠪᠥᠬᠥ ᠣᠷᠣᠨ᠎ᠤ 《ᠤᠮᠠᠷᠠᠲᠤ ᠵᠢᠨ ᠭᠤᠷᠪᠠᠨ ᠤᠷᠤᠨ 》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠥᠳᠡᠯᠮᠦᠷᠢ ᠵᠢᠨ ᠤᠷᠤᠯᠳᠤᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2024-05-06


    4 ᠰᠠᠷ᠎ᠠ ᠵᠢᠨ 29᠎ᠤ ᠡᠳᠦᠷ᠂ ᠪᠥᠬᠥ ᠣᠷᠣᠨ᠎ᠤ 《ᠤᠮᠠᠷᠠᠲᠤ ᠵᠢᠨ ᠭᠤᠷᠪᠠᠨ ᠤᠷᠤᠨ 》᠎ᠤ  ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠳᠡᠯᠮᠦᠷᠢ ᠵᠢᠨ ᠤᠷᠤᠯᠳᠤᠭ᠋ᠠᠨ᠎ᠢ ᠡᠬᠢᠯᠡᠭᠦᠯᠬᠦ ᠶᠣᠰᠣᠯᠠᠯ ᠪᠠᠶᠠᠨᠨᠠᠭᠤᠷ ᠬᠣᠲᠠ ᠵᠢᠨ ᠳ᠋ᠸᠩᠺᠸᠦ ᠰᠢᠶᠠᠨ᠎ᠤ ᠤᠯᠠᠭ᠋ᠠᠨᠪᠤᠬ᠎ᠠ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠤᠨ ᠲᠥᠷᠥᠯ ᠵᠦᠢ᠍ᠯ᠎ᠤᠨ ᠲᠣᠭᠣᠷᠢᠭ᠎ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠡᠳ᠋ ᠲᠡᠷᠢᠭᠦᠯᠡᠭᠴᠢ ᠵᠠᠩ ᠬᠣᠶ ᠢᠦᠶ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠠᠵᠢᠯᠯᠠᠭ᠎ᠠ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠬᠢᠨᠠᠨ ᠪᠠᠶ᠋ᠢᠴᠠᠭ᠋ᠠᠬᠤ ᠵᠥᠪᠯᠡᠯ᠎ᠤᠨ ᠡᠷᠬᠢᠯᠡᠭᠴᠢ ᠯᠢ ᠹᠸᠩ ᠵᠢᠶᠧ ᠡᠬᠢᠯᠡᠯᠲᠡ ᠵᠢᠨ ᠶᠣᠰᠣᠯᠠᠯ᠎ᠢ ᠡᠷᠭᠢᠯᠡᠪᠡ᠃


W020240430350870765929_ORIGIN.jpg



W020240430350870797137_ORIGIN.jpg


      ᠲᠤᠰ ᠤᠳᠠᠭ᠋ᠠᠨ᠎ᠤ ᠬᠥᠳᠡᠯᠮᠦᠷᠢ ᠵᠢᠨ ᠤᠷᠤᠯᠳᠤᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠠᠴᠠ ᠬᠠᠮᠲᠤᠪᠠᠷ ᠭᠤᠤᠯᠯᠠᠨ ᠡᠷᠬᠢᠯᠡᠪᠡ᠃ 《〈ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ〉 ᠵᠢ ᠶᠡᠬᠡᠪᠡᠷ ᠪᠠᠳᠠᠷᠠᠭᠤᠯᠵᠤ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ》᠎ᠪᠠᠷ ᠭᠣᠣᠯ ᠰᠡᠳᠦᠪ ᠪᠣᠯᠭ᠋ᠠᠭᠰᠠᠨ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠳᠤᠮᠳᠠᠬᠢ ᠭᠣᠣᠯ ᠬᠦᠴᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠳᠦᠭᠡᠨ ᠪᠠᠶ᠋ᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠠᠢ᠌ᠵᠢᠷᠠᠯᠲᠠ ᠵᠢ ᠠᠬᠢᠭᠤᠯᠬᠤ᠎ᠳᠤ ᠭᠠᠪᠢᠶ᠎ᠠ ᠵᠢᠳᠬᠦᠯ ᠦᠵᠡᠭᠦᠯᠬᠦ ᠵᠢᠨ ᠲᠥᠯᠥᠭᠡ ᠶᠤᠮ᠃



W020240430350870821714_ORIGIN.jpg

W020240430350870867761_ORIGIN.jpg



     ᠬᠥᠳᠡᠯᠮᠦᠷᠢ ᠵᠢᠨ ᠤᠷᠤᠯᠳᠤᠭ᠋ᠠᠨ᠎ᠨᠢ 2024 ᠣᠨ᠎ᠤ 4 ᠰᠠᠷ᠎ᠠ᠎ᠠᠴᠠ 12 ᠰᠠᠷ᠎ᠠ ᠪᠣᠯᠲᠠᠯ᠎ᠠ ᠶᠠᠪᠤᠭᠳᠠᠨ᠎ᠠ᠃ 2024 ᠣᠨ᠎ᠳᠤ ᠲᠣᠭᠲᠠᠭ᠋ᠠᠭᠰᠠᠨ ᠪᠥᠬᠥ ᠣᠷᠣᠨ᠎ᠤ ᠣᠶ᠋ᠢᠵᠢᠭᠤᠯᠤᠯᠲᠠ ᠵᠢᠨ ᠡᠭᠦᠷᠭᠡ ᠬᠠᠷᠠᠯᠲᠠ ᠵᠢᠨ ᠲᠣᠭᠣᠷᠢᠨ᠎ᠳᠤ᠂ ᠪᠥᠬᠥ ᠣᠷᠣᠨ᠎ᠤ ᠬᠡᠪᠴᠢᠶᠡᠨ᠎ᠳᠤ 《ᠤᠮᠠᠷᠠᠲᠤ ᠵᠢᠨ  ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠤᠷᠤᠯᠴᠠᠬᠤ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠤᠭᠰᠠᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠪᠣᠯᠤᠨ ᠠᠵᠢᠯᠲᠠᠨ ᠠᠵᠢᠯᠴᠢᠨ᠎ᠤ ᠳᠤᠮᠳᠠ᠂ 《ᠵᠢᠷᠭᠤᠭ᠋ᠠᠨ ᠬᠠᠷᠢᠴᠠᠭᠤᠯᠤᠯ》᠎ᠢ ᠥᠷᠭᠡᠨ ᠵᠶ᠋ᠠᠷ ᠦᠷᠨᠢᠬᠦᠯᠦᠨ᠎ᠡ᠄ ᠨᠢᠭᠡ᠎ᠳᠤ ᠪᠥᠲᠥᠭᠡᠨ ᠪᠠᠶ᠋ᠢᠭᠤᠯᠤᠯᠲᠠ ᠵᠢᠨ ᠠᠬᠢᠴᠠ ᠵᠢ ᠬᠠᠷᠢᠴᠠᠭᠤᠯᠤᠨ᠎ᠠ᠂ ᠬᠣᠶᠠᠷ᠎ᠲᠤ ᠪᠠᠷᠢᠯᠭ᠎ᠠ ᠵᠢᠨ ᠶᠠᠰᠤ ᠴᠢᠨᠠᠷ᠎ᠢ ᠬᠠᠷᠢᠴᠠᠭᠤᠯᠤᠨ᠎ᠠ᠂ ᠭᠤᠷᠪᠠ᠎ᠳᠤ᠂ ᠠᠶᠤᠯ ᠥᠬᠡᠶ ᠦᠢ᠍ᠯᠡᠳᠪᠦᠷᠢᠯᠡᠯ᠎ᠢ ᠬᠠᠷᠢᠴᠠᠭᠤᠯᠤᠨ᠎ᠠ᠂ ᠳᠥᠷᠪᠡ᠎ᠳᠤ᠂ ᠰᠢᠨ᠎ᠡ ᠡᠭᠦᠳᠦᠯᠲᠡ᠎ᠲᠠᠢ ᠬᠦᠭᠵᠢᠯᠲᠡ ᠵᠢ ᠬᠠᠷᠢᠴᠠᠭᠤᠯᠤᠨ᠎ᠠ᠂ ᠲᠠᠪᠤ᠎ᠳᠤ᠂ ᠬᠢᠨᠠᠯᠲᠠ ᠬᠠᠮᠢᠶᠠᠷᠤᠯᠲᠠ ᠬᠠᠮᠠᠭ᠋ᠠᠯᠠᠯᠲᠠ ᠵᠢ ᠬᠠᠷᠢᠴᠠᠭᠤᠯᠤᠨ᠎ᠠ᠂ ᠵᠢᠷᠭᠤᠭ᠎ᠠ᠎ᠳᠤ᠂ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠬᠠᠷᠢᠴᠠᠭᠤᠯᠤᠨ᠎ᠠ᠃ ᠤᠷᠤᠯᠳᠤᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ᠂ ᠣᠶ ᠰᠢᠭᠤᠶ ᠨᠤᠲᠤᠭ ᠪᠡᠯᠴᠢᠭᠡᠷ᠎ᠤᠨ ᠨᠢᠭᠡᠳᠦᠭᠡᠷ ᠹᠷᠣᠨᠲ᠎ᠤᠨ ᠺᠠᠳ᠋ᠷ ᠠᠵᠢᠯᠲᠠᠨ ᠠᠵᠢᠯᠴᠢᠨ᠎ᠤ ᠬᠥᠳᠡᠯᠮᠦᠷᠢ ᠵᠢᠨ ᠬᠠᠯᠠᠭᠤᠨ ᠰᠡᠳᠬᠢᠯᠭᠡ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠶᠡᠬᠡᠪᠡᠷ ᠬᠥᠭᠵᠢᠭᠡᠵᠦ᠂ 《ᠤᠮᠠᠷᠠᠲᠤ ᠵᠢᠨ  ᠭᠤᠷᠪᠠᠨ ᠤᠷᠤᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠨ᠎ᠤ ᠡᠭᠦᠷᠭᠡ ᠵᠢ ᠬᠤᠭᠤᠴᠠᠭ᠎ᠠ ᠶᠣᠰᠣᠭ᠋ᠠᠷ ᠴᠢᠨᠠᠷ ᠰᠠᠶ᠋ᠢᠲᠠᠶ ᠪᠡᠶᠡᠯᠡᠭᠦᠯᠬᠦ ᠵᠢ ᠠᠬᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠤᠷᠤᠯᠳᠤᠭ᠋ᠠᠨ᠎ᠤ ᠳᠤᠮᠳᠠ ᠳᠤᠪᠤᠢ᠌ᠮ᠎ᠠ ᠢᠯᠡᠷᠡᠯ᠎ᠲᠠᠢ ᠬᠠᠮᠲᠤ ᠨᠡᠢ᠌ᠲᠡ ᠪᠠ ᠬᠤᠪᠢ ᠬᠥᠮᠦᠨ᠎ᠢ ᠰᠠᠶ᠋ᠢᠰᠢᠶᠠᠨ ᠬᠥᠬᠢᠭᠦᠯᠦᠨ᠎ᠡ᠃

W020240430350870843473_ORIGIN.jpg



ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠬᠤᠪᠢᠶᠠᠷᠢ ᠬᠤᠷᠠᠯ᠎ᠤᠨ ᠲᠠᠯᠠᠪᠠᠶ᠎ᠳᠤ ᠪᠥᠬᠥ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠬᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠲᠤᠷᠰᠢᠯᠲᠠ ᠵᠢᠨ ᠴᠢᠭ᠎ᠤᠨ ᠠᠵᠢᠯ᠎ᠤᠨ ᠪᠣᠯᠪᠠᠰᠤᠷᠠᠭᠤᠯᠤᠯ᠎ᠤᠨ ᠬᠤᠷᠠᠯ᠎ᠳᠤ ᠤᠷᠤᠯᠴᠠᠪᠠ
 
             蒙ICP备05000248号