ᠳᠡᠯᠭᠡᠷ ᠵᠣᠨ᠎ᠤ ᠤᠯᠠᠷᠢᠯ᠎ᠳᠤ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠵᠢᠭ᠋ᠠᠰᠤ᠎ᠲᠠᠶ ᠪᠠᠯᠭ᠋ᠠᠰᠤ ᠵᠢᠨ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠳᠤᠮᠳᠠᠬᠢ ᠬᠥᠮᠦᠨ᠎ᠤ ᠬᠦᠴᠦ᠎ᠪᠠᠷ ᠡᠪᠡᠰᠦ ᠳᠠᠷᠢᠬᠤ ᠲᠥᠷᠥᠯ ᠵᠦᠢ᠍ᠯ᠎ᠤᠨ ᠠᠵᠢᠯ ᠡᠬᠢᠯᠡᠪᠡ᠃ ᠬᠠᠭ᠋ᠠᠯᠪᠤᠷᠢᠯᠠᠬᠤ ᠦᠬᠡᠢ᠎ᠪᠠᠷ ᠦᠷ᠎ᠡ ᠰᠠᠴᠤᠬᠤ ᠮᠠᠰᠢᠨ ᠲᠠᠯ᠎ᠠ ᠨᠤᠲᠤᠭ᠎ᠲᠤ ᠨᠠᠭ᠋ᠠᠰᠢ ᠴᠠᠭ᠋ᠠᠰᠢ ᠰᠦᠯᠵᠢᠯᠳᠦᠵᠦ᠂ ᠡᠪᠡᠰᠦ ᠲᠠᠷᠢᠬᠤ ᠠᠵᠢᠯ ᠢᠳᠡ ᠬᠦᠴᠦᠳᠡᠢ ᠶᠠᠪᠤᠭᠳᠠᠵᠤ ᠪᠠᠢ᠌ᠨ᠎ᠠ᠃
ᠠᠷᠤ ᠬᠣᠷᠴᠢᠨ ᠬᠣᠰᠢᠭᠤ ᠤᠷᠢᠳᠴᠢᠯᠠᠨ ᠲᠥᠯᠥᠪᠯᠡᠵᠦ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠲᠠᠢ ᠢᠳᠡᠪᠬᠢᠲᠡᠶ ᠨᠡᠪᠲᠡᠷᠡᠯᠴᠡᠵᠦ᠂ ᠬᠤᠷ᠎ᠠ ᠪᠣᠷᠣᠭ᠋ᠠᠨ᠎ᠤ ᠤᠯᠠᠷᠢᠯ᠎ᠤᠨ ᠠᠰᠢᠭᠳᠠᠢ ᠨᠥᠬᠥᠴᠡᠯ᠎ᠢ ᠵᠠᠪᠳᠤᠨ ᠠᠳᠬᠤᠵᠤ᠂ ᠬᠥᠮᠦᠨ᠎ᠤ ᠬᠦᠴᠦ᠎ᠪᠠᠷ ᠡᠪᠡᠰᠦ ᠳᠠᠷᠢᠬᠤ ᠲᠥᠷᠥᠯ ᠵᠦᠢ᠍ᠯ᠎ᠢ ᠪᠥᠬᠥ ᠲᠠᠯ᠎ᠠ᠎ᠪᠠᠷ ᠡᠬᠢᠯᠡᠭᠦᠯᠪᠡ᠃ ᠡᠮᠦᠨᠡᠬᠢ ᠬᠤᠭᠤᠴᠠᠭ᠋ᠠᠨ᠎ᠤ ᠡᠷᠦᠬᠡ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠬᠦ᠂ ᠭᠤᠷᠪᠠᠨ ᠲᠠᠯ᠎ᠠ᠎ᠪᠠᠷ ᠵᠶ᠋ᠠᠨ ᠲᠠᠷᠢᠶᠠᠨ ᠭᠠᠵᠠᠷ᠎ᠢ ᠬᠢᠨᠠᠨ ᠬᠠᠷᠭᠤᠭᠤᠯᠬᠤ᠂ ᠮᠠᠯᠵᠢᠬᠤ ᠵᠢ ᠤᠷᠢᠳᠴᠢᠯᠠᠨ ᠵᠣᠭᠰᠣᠭ᠋ᠠᠵᠤ ᠪᠢᠲᠡᠭᠦᠮᠵᠢᠯᠡᠨ ᠪᠣᠶ᠋ᠢᠵᠢᠭᠤᠯᠬᠤ ᠵᠡᠷᠭᠡ ᠠᠷᠭ᠎ᠠ ᠬᠡᠮᠵᠢᠶ᠎ᠡ ᠵᠢ ᠦᠨᠳᠦᠰᠦᠯᠡᠨ᠂ ᠬᠢᠶᠠᠭ᠂ ᠶᠦᠷᠬᠦᠭ᠂ ᠬᠤᠵᠢᠷᠯᠢᠭ ᠡᠪᠡᠰᠦ ᠵᠡᠷᠭᠡ ᠬᠦᠢ᠍ᠲᠡᠨ᠎ᠳᠤ ᠳᠠᠭ᠋ᠠᠭ᠋ᠠᠴᠠ᠎ᠲᠠᠢ᠂ ᠭᠠᠩ᠎ᠳᠤ ᠲᠡᠰᠪᠦᠷᠢᠳᠡᠢ ᠮᠥᠷᠲᠡᠭᠡᠨ ᠣᠯᠠᠨ ᠵᠢᠯ ᠤᠷᠭᠤᠬᠤ ᠡᠪᠡᠰᠦᠨ ᠦᠷ᠎ᠡ ᠵᠢ ᠰᠣᠩᠭᠣᠨ ᠬᠡᠷᠡᠭᠯᠡᠵᠦ᠂ ᠬᠠᠭ᠋ᠠᠯᠪᠤᠷᠢᠯᠠᠬᠤ ᠦᠭᠡᠢ᠎ᠪᠠᠷ ᠲᠠᠷᠢᠬᠤ ᠠᠷᠭ᠎ᠠ ᠮᠠᠶᠢᠭ ᠵᠶ᠋ᠠᠷ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠵᠦ᠂ ᠪᠥᠬᠥ ᠵᠢᠯ᠎ᠳᠤ 1.3 ᠲᠦᠮᠡ ᠭᠠᠷᠤᠶ ᠮᠤ᠌ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠰᠠᠶ᠋ᠢᠵᠢᠷᠠᠭᠤᠯᠬᠤ᠎ᠪᠠᠷ ᠲᠥᠯᠥᠪᠯᠡᠵᠦ ᠪᠤᠢ᠃
ᠵᠢᠯ᠎ᠤᠨ ᠡᠬᠢᠨ᠎ᠠᠴᠠ ᠨᠠᠭ᠋ᠠᠰᠢ᠂ ᠠᠷᠤ ᠬᠣᠷᠴᠢᠨ ᠬᠣᠰᠢᠭᠤ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠮᠠᠨᠵᠢᠨᠮᠠᠩᠬᠠ ᠵᠢᠨ ᠲᠥᠪᠯᠡᠷᠡᠨ ᠵᠠᠯᠭ᠋ᠠᠯᠳᠤᠭᠰᠠᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠲᠦᠷᠦᠭᠦᠯᠡᠨ ᠡᠬᠢᠯᠡᠭᠦᠯᠵᠦ᠂ ᠢᠨᠵᠧᠨᠧᠷᠢᠩ᠎ᠤᠨ ᠡᠯᠡᠰᠦ ᠵᠢ ᠲᠣᠭᠲᠠᠪᠤᠷᠢᠵᠢᠭᠤᠯᠬᠤ ᠪᠠ ᠡᠪᠡᠰᠦ ᠤᠰᠤᠯᠠᠬᠤ ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠶᠡᠷᠦᠩᠬᠡᠶ᠋ᠢᠯᠡᠨ ᠬᠡᠷᠡᠭᠯᠡᠵᠦ᠂ ᠬᠠᠷᠭ᠋ᠠᠨ᠎ᠠ ᠪᠠ ᠲᠡᠵᠢᠭᠡᠯ ᠡᠪᠡᠰᠦ ᠳᠠᠷᠢᠵᠤ᠂ ᠡᠯᠡᠰᠦᠷᠬᠡᠭ ᠭᠠᠵᠠᠷ᠎ᠤᠨ ᠠᠮᠢ ᠠᠬᠤᠶ ᠵᠢ ᠰᠡᠷᠭᠦᠭᠡᠵᠦ᠂ ᠣᠳᠣᠬᠠᠨ᠎ᠳᠤ 5000 ᠮᠥ᠍ ᠲᠥᠪᠯᠡᠷᠡᠨ ᠵᠠᠯᠭ᠋ᠠᠯᠳᠤᠭᠰᠠᠨ ᠡᠯᠡᠰᠦᠷᠬᠡᠭ ᠭᠠᠵᠠᠷ᠎ᠤᠨ ᠵᠠᠰᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠡᠯᠡᠰᠦᠷᠬᠡᠭ ᠭᠠᠵᠠᠷ᠎ᠢ ᠪᠦᠲᠦᠮᠵᠢᠲᠡᠶ ᠰᠡᠷᠭᠦᠭᠡᠬᠦ᠂ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠬᠠᠮᠠᠭ᠋ᠠᠯᠠᠬᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠰᠡᠷᠭᠦᠭᠡᠬᠦ᠎ᠳᠤ ᠬᠦᠴᠦᠨ ᠴᠢᠳᠠᠯ ᠵᠶ᠋ᠠᠨ ᠡᠷᠭᠦᠪᠡ᠃