ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ ᠡᠮᠬᠢ ᠵᠢᠷᠤᠮ᠎ᠲᠠᠢ ᠶᠠᠪᠤᠭᠳᠠᠵᠤ ᠪᠠᠢ᠌ᠨ᠎ᠠ
ᠨᠡᠶ᠋ᠢᠲᠡᠯᠡᠭᠰᠡᠨ ᠴᠠᠭ᠄ 2024-08-23


   ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠦᠷ᠎ᠡ ᠴᠢᠬᠢ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ 《2024 ᠣᠨ᠎ᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢ ᠲᠥᠯᠥᠭᠡᠯᠡᠨ ᠪᠥᠬᠥ ᠣᠷᠣᠨ᠎ᠤ ᠬᠡᠪᠴᠢᠶᠡᠨ᠎ᠳᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ᠃ ᠲᠣᠰ ᠵᠢᠯ᠎ᠤᠨ ᠰᠤᠭᠤᠴᠢᠨ ᠪᠠᠶ᠋ᠢᠴᠠᠭ᠋ᠠᠬᠤ ᠠᠵᠢᠯ᠎ᠢ 5 ᠰᠠᠷ᠎ᠠ ᠵᠢᠨ ᠡᠬᠢ᠎ᠪᠠᠷ ᠡᠬᠢᠯᠡᠭᠦᠯᠵᠦ᠂ ᠭᠤᠷᠪᠠᠨ ᠤᠮᠠᠷᠠᠲᠤ ᠵᠢᠨ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠬᠡᠰᠡᠭ ᠣᠷᠣᠨ ᠵᠶ᠋ᠠᠷ ᠭᠤᠤᠯᠳᠠᠯᠭ᠎ᠠ ᠪᠣᠯᠭ᠋ᠠᠨ᠂ ᠭᠤᠤᠯᠳᠠᠯᠭ᠎ᠠ᠎ᠲᠠᠢ ᠠᠶ᠋ᠢᠮᠠᠭ ᠬᠣᠲᠠ᠂ ᠴᠢᠬᠤᠯᠠ ᠶᠡᠬᠡ ᠲᠥᠷᠥᠯ ᠵᠦᠢ᠍ᠯ᠎ᠤᠨ ᠢᠨᠵᠧᠨᠧᠷᠢᠩ᠎ᠳᠤ ᠬᠡᠷᠡᠭᠯᠡᠵᠦ ᠪᠠᠶ᠋ᠢᠭ᠎ᠠ ᠭᠤᠤᠯ ᠪᠣᠯᠬᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ᠎ᠳᠤ ᠰᠤᠭᠤᠴᠢᠨ ᠪᠠᠶ᠋ᠢᠴᠠᠭ᠋ᠠᠯᠲᠠ ᠬᠢᠬᠦ ᠵᠢ ᠨᠠᠢ᠌ᠳᠠᠪᠤᠷᠢᠵᠢᠭᠤᠯᠤᠨ᠎ᠠ᠃ ᠣᠳᠣᠬᠠᠨ ᠪᠣᠯᠲᠠᠯ᠎ᠠ᠂ ᠪᠠᠶᠠᠨᠨᠠᠭᠤᠷ ᠬᠣᠲᠠ᠂ ᠣᠷᠳᠣᠰ ᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ᠂ ᠲᠦᠩᠯᠢᠶᠣᠤ ᠬᠣᠲᠠ᠂ ᠬᠢᠩᠭ᠋ᠠᠨ ᠠᠶ᠋ᠢᠮᠠᠭ ᠵᠡᠷᠭᠡ 6 ᠠᠶ᠋ᠢᠮᠠᠭ ᠬᠣᠲᠠ ᠵᠢᠨ 19 ᠬᠣᠰᠢᠭᠤ ᠰᠢᠶᠠᠨ ᠲᠣᠭᠣᠷᠢᠭ᠎ᠤᠨ ᠭᠠᠳᠠᠷ ᠠᠵᠢᠯ᠎ᠤᠨ ᠰᠤᠭᠤᠴᠢᠨ ᠪᠠᠶ᠋ᠢᠴᠠᠭ᠋ᠠᠬᠤ ᠡᠭᠦᠷᠭᠡ ᠵᠢ ᠨᠢᠭᠡᠨᠲᠡ ᠪᠡᠶᠡᠯᠡᠭᠦᠯᠪᠠ᠃
   ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠠᠴᠠ ᠦᠵᠡᠪᠡᠯ᠂ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠳᠤᠮᠳᠠᠬᠢ ᠰᠠᠭᠤᠷᠢ ᠪᠠᠲᠤᠯᠠᠭ᠎ᠠ ᠵᠢᠨ ᠦᠢ᠍ᠯᠡᠳᠦᠯ᠎ᠳᠤ ᠨᠠᠩ ᠭᠦᠨᠵᠡᠭᠡᠶ ᠲᠠᠨᠢᠯᠲᠠ᠎ᠲᠠᠢ ᠪᠣᠯᠵᠣ᠂ ᠡᠯ᠎ᠡ ᠭᠠᠵᠠᠷ᠎ᠤᠨ᠎ᠬᠢᠨ ᠮᠣᠳᠣ᠂ ᠡᠪᠡᠰᠦᠨ ᠦᠷ᠎ᠡ ᠰᠣᠩᠭᠣᠬᠤ ᠲᠠᠯ᠎ᠠ᠎ᠪᠠᠷ ᠦᠨᠳᠦᠰᠦᠨ᠎ᠳᠡᠭᠡᠨ ᠭᠠᠵᠠᠷ ᠣᠷᠣᠨ᠎ᠤ ᠪᠠᠶ᠋ᠢᠳᠠᠯ᠎ᠳᠠᠭᠠᠨ ᠳᠣᠭᠢᠷᠠᠭᠤᠯᠤᠨ᠂ ᠲᠤᠬᠠᠶ ᠵᠢᠨ ᠭᠠᠵᠠᠷ᠎ᠲᠤᠨᠢ ᠮᠠᠲ᠋ᠧᠷᠢᠶᠠᠯ ᠠᠪᠴᠤ᠂ ᠲᠣᠬᠢᠷᠠᠮᠵᠢᠲᠠᠶ ᠭᠠᠵᠠᠷ᠎ᠲᠤ ᠲᠣᠬᠢᠷᠠᠮᠵᠢᠲᠠᠶ ᠡᠪᠡᠰᠦ ᠮᠣᠳᠣ ᠳᠠᠷᠢᠵᠤ᠂ ᠬᠠᠮᠢᠶᠠᠷᠤᠯᠲᠠ ᠵᠢ ᠨᠠᠩ ᠵᠢᠷᠤᠮᠵᠢᠭᠤᠯᠵᠤ᠂ ᠠᠷᠭ᠎ᠠ ᠬᠡᠮᠵᠢᠶ᠎ᠡ ᠵᠢ ᠨᠠᠩ ᠰᠢᠨᠵᠢᠯᠡᠬᠦ ᠤᠬᠠᠭ᠋ᠠᠨᠴᠢ ᠪᠣᠯᠭ᠋ᠠᠵᠤ᠂ ᠲᠠᠩᠰᠠ ᠡᠪᠬᠡᠮᠡᠯ᠎ᠢ ᠨᠠᠩ ᠲᠡᠭᠦᠯᠳᠡᠷᠵᠢᠭᠦᠯᠵᠡᠶ᠃ ᠰᠤᠭᠤᠴᠢᠨ ᠪᠠᠶ᠋ᠢᠴᠠᠭ᠋ᠠᠭᠰᠠᠨ 45 ᠪᠦᠯᠦᠭ ᠤᠳᠠᠭ᠎ᠠ ᠵᠢᠨ ᠴᠢᠬᠢ ᠮᠣᠳᠣ ᠴᠥᠮ ᠬᠢᠷᠢ ᠲᠡᠩᠴᠡᠵᠦ᠂ 3 ᠪᠦᠯᠦᠭ ᠤᠳᠠᠭ᠎ᠠ ᠵᠢᠨ ᠣᠶ ᠮᠣᠳᠣᠨ᠎ᠤ ᠦᠷ᠎ᠡ᠂ 16 ᠪᠦᠯᠦᠭ ᠤᠳᠠᠭ᠎ᠠ ᠵᠢᠨ ᠡᠪᠡᠰᠦᠨ ᠦᠷ᠎ᠡ ᠶᠠᠭ ᠰᠣᠶᠣᠭ᠋ᠠᠯᠠᠵᠤ ᠪᠠᠶ᠋ᠢᠬᠤ ᠵᠢ ᠰᠢᠯᠭ᠋ᠠᠨ ᠪᠠᠶ᠋ᠢᠴᠠᠭ᠋ᠠᠵᠤ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠠᠷᠢᠭᠤᠴᠠᠯᠭ᠎ᠠ ᠎ᠪᠠᠨ ᠡᠭᠦᠷᠭᠡᠯᠡᠵᠦ᠂ ᠤᠢ ᠰᠢᠭᠤᠢ ᠵᠢᠨ ᠳᠠᠷᠤᠭ᠎ᠠ ᠤᠢ ᠰᠢᠭᠤᠢ ᠵᠢ ᠲᠣᠭᠣᠷᠢᠨ ᠪᠠᠶ᠋ᠢᠴᠠᠭ᠋ᠠᠵᠤ ᠠᠮᠢ ᠠᠬᠤᠢ ᠵᠢᠨ ᠠᠮᠤᠷ ᠲᠦᠪᠰᠢᠨ᠎ᠢ ᠰᠠᠬᠢᠨ ᠬᠠᠮᠠᠭ᠋ᠠᠯᠠᠨ᠎ᠠ
ᠭᠡᠭᠡᠨ ᠭᠤᠣᠯ ᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠠᠵᠢᠯ᠎ᠢ ᠱᠠᠯᠠᠪᠳᠠᠭᠤᠯᠤᠨ ᠵᠢᠯᠣᠭᠤᠳᠴᠤ ᠪᠠᠶ᠋ᠢᠴᠠᠭ᠋ᠠᠵᠠᠢ
ᠬᠢᠩᠭ᠋ᠠᠨ ᠠᠶ᠋ᠢᠮᠠᠭ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠴᠠᠭ᠋ᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠢ ᠪᠠᠳᠤᠯᠠᠬᠤ ᠠᠵᠢᠯ᠎ᠢ ᠰᠠᠶ᠋ᠢᠳᠤᠷ ᠬᠢᠵᠠᠢ
ᠥᠪᠥᠷ ᠮᠣᠩᠭᠣᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠥᠪᠥᠷ ᠮᠣᠩᠭᠣᠯ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠣᠳᠠᠲᠠᠶ ᠬᠡᠷᠡᠭᠵᠢᠭᠦᠯᠪᠡ
 
             蒙ICP备05000248号