ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ 2 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠥᠶ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠴᠢ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ᠎ᠳᠤ ᠣᠷᠣᠯᠴᠠᠪᠠ᠃ ᠬᠤᠷᠠᠯ ᠳᠡᠭᠡᠷ᠎ᠡ᠂ ᠬᠣᠯᠪᠣᠭᠳᠠᠯ ᠪᠥᠬᠥᠶ ᠨᠢᠭᠡᠴᠢ᠂ ᠭᠠᠵᠠᠷ ᠣᠷᠣᠨ᠎ᠤ ᠬᠠᠷᠢᠭᠤᠴᠠᠯᠭ᠋ᠠᠲᠠᠨ ᠭᠠᠯ᠎ᠢ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠦᠨᠳᠦᠰᠦᠨ ᠪᠠᠶ᠋ᠢᠳᠠᠯ᠂ ᠠᠵᠢᠯ᠎ᠢ ᠠᠬᠢᠭᠤᠯᠤᠭᠰᠠᠨ ᠪᠠᠶ᠋ᠢᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠴᠡᠭᠴᠡᠯᠡᠨ ᠰᠠᠶ᠋ᠢᠵᠢᠷᠠᠭᠤᠯᠬᠤ ᠲᠥᠯᠥᠪᠯᠡᠭᠡ᠎ᠪᠠᠨ ᠬᠠᠷᠢᠭᠤ ᠮᠡᠳᠡᠭᠦᠯᠪᠡ᠃
ᠬᠤᠷᠠᠯ᠎ᠠᠴᠠ ᠡᠯ᠎ᠡ ᠭᠠᠵᠠᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ᠎ᠪᠠᠨ ᠴᠢᠩᠭ᠋ᠠᠳᠬᠠᠨ᠂ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠦᠢ᠍ᠯᠡᠳᠦᠯ᠎ᠢ ᠭᠦᠶᠴᠡᠳ ᠪᠠᠳᠠᠷᠠᠭᠤᠯᠵᠤ᠂ ᠱᠠᠲᠤ ᠱᠠᠲᠤ᠎ᠪᠠᠷ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠡᠭᠴᠡᠯᠡᠨ ᠰᠠᠶ᠋ᠢᠵᠢᠷᠠᠭᠤᠯᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠰᠠᠨᠠᠭ᠋ᠠᠴᠢᠯᠠᠭ᠎ᠠ᠎ᠠᠴᠠ᠎ᠪᠠᠨ ᠨᠢᠭᠡ᠎ᠠᠴᠠ ᠨᠥᠭᠥᠭᠡ ᠵᠢ ᠵᠦᠢ᠍ᠴᠢᠯᠡᠨ ᠮᠡᠳᠡᠵᠦ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠴᠡᠭᠴᠡᠯᠡᠨ ᠰᠠᠶ᠋ᠢᠵᠢᠷᠠᠭᠤᠯᠬᠤ ᠬᠤᠭᠤᠴᠠᠭ᠋ᠠᠨ᠎ᠳᠤ ᠴᠡᠭᠴᠡᠯᠡᠨ ᠰᠠᠶ᠋ᠢᠵᠢᠷᠠᠭᠤᠯᠬᠤ ᠵᠢ ᠡᠷᠬᠡᠪᠰᠢ ᠪᠡᠶᠡᠯᠡᠭᠦᠯᠵᠦ᠂ ᠬᠤᠭᠤᠴᠠᠭ᠎ᠠ᠎ᠠᠴᠠ ᠬᠡᠲᠦᠷᠡᠭᠰᠡᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ 2025 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠬᠡᠷᠡᠭᠲᠡᠶ ᠭᠡᠵᠡᠢ᠃