2024 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠣᠶ ᠰᠢᠭᠤᠶ ᠵᠢ ᠬᠠᠮᠢᠶᠠᠷᠬᠤ᠂ ᠣᠶ᠋ᠢᠵᠢᠭᠤᠯᠬᠤ᠂ ᠣᠶ ᠰᠢᠭᠤᠶ ᠵᠢ ᠬᠠᠮᠠᠭ᠋ᠠᠯᠠᠬᠤ᠂ ᠣᠶ ᠰᠢᠭᠤᠶ ᠵᠢ ᠬᠥᠭᠵᠢᠭᠦᠯᠬᠦ᠂ ᠣᠶ ᠰᠢᠭᠤᠶ ᠵᠢ ᠬᠡᠷᠡᠭᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠣᠨ᠎ᠤ ᠡᠭᠦᠷᠭᠡ ᠵᠢ ᠳᠠᠪᠠᠭᠤᠯᠤᠨ ᠪᠡᠶᠡᠯᠡᠭᠦᠯᠵᠦ᠂ ᠠᠮᠢ ᠠᠬᠤᠶ ᠵᠢᠨ ᠥᠷᠲᠡᠭ᠎ᠢ ᠬᠤᠪᠢᠷᠠᠭᠤᠯᠬᠤ ᠵᠢ ᠦᠷᠭᠦᠯᠵᠢᠯᠡᠨ ᠠᠬᠢᠭᠤᠯᠵᠤ᠂ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠥᠲᠥᠭᠡᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃
《ᠣᠢ ᠰᠢᠭᠤᠶ ᠵᠢᠨ ᠬᠠᠮᠢᠶᠠᠷᠤᠯᠳᠠ》 ᠵᠢᠨ ᠰᠢᠰᠲ᠋ᠧᠮ᠎ᠤᠨ ᠠᠵᠢᠯ᠎ᠢ ᠰᠠᠢ᠌ᠲᠤᠷ ᠬᠢᠪᠠ᠃ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠬᠤᠷᠠᠯ ᠬᠤᠷᠠᠯᠳᠤᠭᠤᠯᠬᠤ᠂ ᠶᠡᠷᠦᠩᠬᠡᠶ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠭᠠᠷᠤᠨ ᠦᠰᠦᠭ ᠵᠢᠷᠤᠬᠤ᠂ ᠠᠵᠢᠯ᠎ᠤᠨ ᠭᠤᠤᠯᠳᠠᠯᠭ᠎ᠠ᠎ᠪᠠᠨ ᠨᠡᠶ᠋ᠢᠲᠡᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠨ᠂ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠣᠶ ᠰᠢᠭᠤᠶ ᠵᠢᠨ ᠳᠠᠷᠤᠭ᠎ᠠ ᠪᠣᠯᠤᠨ ᠳᠡᠳ᠋ ᠶᠡᠷᠦᠩᠬᠡᠶ ᠣᠶ ᠰᠢᠭᠤᠶ ᠵᠢᠨ ᠳᠠᠷᠤᠭ᠎ᠠ ᠲᠤᠰ ᠲᠤᠰ ᠡᠯ᠎ᠡ ᠠᠶ᠋ᠢᠮᠠᠭ ᠬᠣᠲᠠ᠎ᠳᠤ ᠬᠦᠷᠴᠦ᠂ 《 ᠤᠮᠠᠷᠠᠲᠤ ᠵᠢᠨ ᠭᠤᠷᠪᠠᠨ ᠤᠷᠤᠨ》 ᠵᠡᠷᠭᠡ ᠭᠣᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠰᠢᠮᠳᠠᠭᠤᠯᠤᠨ ᠵᠢᠯᠣᠭᠣᠳᠴᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠳᠠᠷᠤᠭ᠎ᠠ ᠵᠢᠨ ᠠᠯᠪᠠᠨ ᠭᠡᠷ᠎ᠨᠢ ᠰᠢᠮᠳᠠᠭᠤᠯᠤᠨ ᠭᠦᠢ᠍ᠴᠡᠳᠬᠡᠯᠭᠡᠬᠦ ᠵᠠᠬᠢᠳᠠᠯ ᠵᠡᠷᠭᠡ ᠬᠡᠯᠪᠡᠷᠢ᠎ᠪᠠᠷ ᠰᠢᠮᠳᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠡᠯ᠎ᠡ ᠱᠠᠲᠤ ᠡᠯ᠎ᠡ ᠭᠠᠵᠠᠷ᠎ᠤᠨ᠎ᠬᠢᠨ᠎ᠤ ᠣᠶ ᠰᠢᠭᠤᠶ ᠵᠢᠨ ᠳᠠᠷᠤᠭ᠎ᠠ ᠵᠢᠨ ᠳᠦᠷᠢᠮ᠎ᠤᠨ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠬᠦ ᠵᠢ ᠦᠨᠡᠨᠬᠦ ᠪᠠᠲᠤᠯᠠᠪᠠ᠃
ᠤᠢ᠌ᠵᠢᠭᠤᠯᠤᠯᠳᠠ ᠵᠢ ᠰᠠᠢ᠌ᠲᠤᠷ ᠬᠢᠵᠦ᠂ ᠬᠠᠯᠬᠠᠪᠴᠢ ᠤᠢ ᠪᠠᠢ᠌ᠭᠤᠯᠪᠠ᠃
ᠪᠦᠬᠦ ᠵᠢᠯ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠡᠬᠦᠷᠭᠡ 1954 ᠲᠦᠮᠡᠨ ᠮᠦ᠍᠂ ᠣᠶ᠋ᠢᠵᠢᠭᠤᠯᠤᠯᠲᠠ ᠵᠢᠨ ᠡᠭᠦᠷᠭᠡ 659 ᠲᠦᠮᠡᠨ ᠮᠦ᠍᠂ ᠡᠪᠡᠰᠦ ᠲᠠᠷᠢᠬᠤ ᠡᠭᠦᠷᠬᠡ 1923 ᠲᠦᠮᠡᠨ ᠮᠦ᠍ ᠪᠡᠶᠡᠯᠡᠭᠦᠯᠵᠦ᠂ ᠲᠤᠰ ᠲᠤᠰ ᠣᠨ᠎ᠤ ᠡᠭᠦᠷᠭᠡ ᠵᠢᠨ 113 %᠂ 211 % ᠪᠠ 148 % ᠵᠢ ᠡᠵᠡᠯᠡᠪᠡ᠃ ᠲᠠᠪᠤᠨ ᠱᠠᠲᠤᠨ᠎ᠤ ᠱᠦᠵᠢ ᠵᠢᠨ ᠡᠯᠡᠰᠦᠷᠬᠡᠭᠵᠢᠯ᠎ᠢ ᠵᠠᠰᠠᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ 《ᠤᠯᠤᠰ᠎ᠤᠨ ᠣᠷᠣᠭᠤᠯᠤᠯᠲᠠ᠎ᠪᠠᠷ ᠭᠣᠣᠯ ᠪᠣᠯᠭ᠋ᠠᠵᠤ᠂ ᠣᠷᠣᠨ ᠨᠤᠲᠤᠭ᠎ᠤᠨ᠎ᠬᠢᠨ ᠢᠵᠢ ᠪᠦᠷᠢᠳᠦᠭᠦᠯᠬᠦ᠎ᠪᠠᠷ ᠬᠠᠪᠰᠤᠷᠤᠮᠵᠢ ᠪᠣᠯᠭ᠋ᠠᠵᠤ᠂ ᠨᠡᠶ᠋ᠢᠭᠡᠮ᠎ᠤᠨ᠎ᠬᠢᠨ ᠥᠷᠭᠡᠨ ᠵᠶ᠋ᠠᠷ ᠣᠷᠣᠯᠴᠠᠬᠤ》 ᠣᠯᠠᠨ ᠡᠰᠢᠵᠢᠭᠰᠡᠨ ᠣᠷᠣᠭᠤᠯᠤᠯᠲᠠ ᠵᠢᠨ ᠲᠣᠭᠲᠠᠴᠠ ᠵᠢ ᠰᠦᠪᠡᠭᠴᠢᠯᠡᠨ ᠪᠠᠢ᠌ᠭᠤᠯᠪᠠ᠊ᠶ᠃ ᠮᠠᠰᠢᠨ ᠵᠶ᠋ᠠᠷ ᠡᠯᠡᠰᠦᠷᠬᠡᠭᠵᠢᠯ᠎ᠢ ᠵᠠᠰᠠᠬᠤ ᠪᠠ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠡᠯᠡᠰᠦᠷᠬᠡᠭᠵᠢᠯ᠎ᠢ ᠵᠠᠰᠠᠬᠤ ᠵᠢ ᠳᠡᠯᠭᠡᠷᠡᠭᠦᠯᠵᠦ᠂ 《ᠵᠠᠮ ᠵᠶ᠋ᠠᠷ ᠡᠯᠡᠰᠦᠷᠬᠡᠭᠵᠢᠯ᠎ᠢ ᠵᠠᠰᠠᠬᠤ》 ᠵᠠᠭᠪᠤᠷ ᠪᠣᠯᠤᠨ ᠮᠤᠵᠢ ᠵᠢᠨ ᠬᠣᠭᠣᠷᠣᠨᠳᠣ᠂ ᠠᠶ᠋ᠢᠮᠠᠭ ᠬᠣᠲᠠ ᠵᠢᠨ ᠬᠣᠭᠣᠷᠣᠨᠳᠣ ᠵᠢᠨ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠵᠠᠰᠠᠬᠤ ᠵᠠᠭᠪᠤᠷ᠎ᠢ ᠢᠳᠡᠪᠬᠢᠲᠡᠶ᠎ᠪᠠᠷ ᠳᠡᠯᠭᠡᠷᠡᠭᠦᠯᠪᠡ᠃ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠢᠯᠡᠳᠲᠡ ᠦᠷ᠎ᠡ ᠪᠦᠲᠦᠮᠵᠢ ᠣᠯᠪᠠ᠃
《ᠣᠶ ᠰᠢᠭᠤᠶ ᠵᠢᠨ ᠬᠠᠮᠠᠭ᠋ᠠᠯᠠᠯᠳᠠ》 ᠵᠢ ᠰᠠᠢ᠌ᠲᠤᠷ ᠬᠢᠵᠦ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃
17 ᠬᠣᠰᠢᠭᠤ ᠰᠢᠶᠠᠨ᠎ᠳᠤ ᠨᠤᠲᠤᠭ ᠪᠡᠯᠴᠢᠭᠡᠷ᠎ᠤᠨ ᠪᠡᠯᠴᠢᠭᠡᠷᠯᠡᠭᠦᠯᠬᠦ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢ ᠥᠷᠨᠢᠭᠦᠯᠵᠦ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠵᠢᠭ᠋ᠠᠯᠲᠠ ᠲᠣᠭ᠎ᠠ ᠵᠢ ᠪᠦᠬᠦᠨ᠎ᠢ 10 %᠎ᠠᠴᠠ ᠳᠣᠷᠣᠭᠰᠢ ᠪᠣᠯᠲᠠᠯ᠎ᠠ ᠪᠠᠭᠤᠷᠠᠭᠤᠯᠪᠠ᠃ ᠣᠶ ᠰᠢᠭᠤᠶ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠢᠰᠲ᠋ᠧᠮᠵᠢ ᠵᠢ ᠪᠦᠷᠢᠨᠰᠢᠭᠦᠯᠵᠦ᠂ ᠡᠯ᠎ᠡ ᠭᠠᠵᠠᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠬᠠᠤᠯᠢ ᠬᠡᠷᠡᠭᠵᠢᠭᠦᠯᠬᠦ ᠳᠤᠮᠳᠠ ᠠᠩᠭᠢ ᠵᠢ 46 ᠵᠣᠬᠢᠶᠠᠨ ᠪᠠᠢ᠌ᠭᠤᠯᠪᠠ᠃ ᠠᠶᠤᠩᠭ᠎ᠠ ᠴᠠᠬᠢᠯᠭ᠋ᠠᠨ᠎ᠤ ᠪᠤᠰᠤ ᠭᠠᠯ᠎ᠤᠨ ᠠᠶᠤᠯ᠎ᠤᠨ ᠲᠣᠭ᠎ᠠ ᠪᠣᠯᠤᠨ ᠲᠠᠯᠠᠪᠠᠶ᠎ᠨᠢ ᠲᠤᠰ ᠲᠤᠰ 79 % ᠪᠠ 97 %᠎ᠪᠠᠷ ᠪᠠᠭᠤᠷᠠᠵᠤ᠂ ᠬᠢᠯᠢ ᠵᠢᠨ ᠭᠠᠳᠠᠨᠠᠬᠢ ᠭᠠᠯ᠎ᠢ ᠰᠡᠷᠭᠡᠢ᠌ᠯᠡᠵᠦ᠂ 5751 ᠲᠦᠮᠡᠨ ᠮᠦ᠍ ᠣᠶ ᠰᠢᠭᠤᠶ ᠨᠤᠲᠤᠭ ᠪᠡᠯᠴᠢᠭᠡᠷ᠎ᠤᠨ ᠬᠥᠨᠥᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠵᠢ ᠪᠡᠶᠡᠯᠡᠭᠦᠯᠵᠦ᠂ ᠣᠨ᠎ᠤ ᠡᠭᠦᠷᠭᠡ ᠵᠢᠨ 128 % ᠵᠢ ᠡᠵᠡᠯᠡᠪᠡ᠃ ᠣᠶ ᠰᠢᠭᠤᠢ ᠨᠤᠲᠤᠭ ᠪᠡᠯᠴᠢᠭᠡᠷ ᠴᠢᠭᠢᠭᠯᠢᠭ ᠭᠠᠵᠠᠷ᠎ᠢ ᠨᠡᠶ᠋ᠢᠳᠡᠮ ᠪᠠᠶ᠋ᠢᠴᠠᠭ᠋ᠠᠬᠤ ᠲᠤᠷᠰᠢᠯᠲᠠ ᠵᠢᠨ ᠠᠵᠢᠯ᠎ᠢ ᠴᠢᠨᠠᠷ ᠰᠠᠶ᠋ᠢᠲᠠᠶ ᠪᠡᠶᠡᠯᠡᠭᠦᠯᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠡᠮᠬᠢᠳᠬᠡᠨ ᠰᠢᠯᠢᠳᠡᠭᠵᠢᠭᠦᠯᠬᠦ ᠪᠠ ᠳᠠᠯᠠᠨ ᠬᠠᠷ᠎ᠠ ᠠᠭᠤᠯᠠ᠂ ᠠᠯᠠᠱ᠌ᠠ ᠠᠭᠤᠯᠠ ᠵᠢᠨ ᠤᠯᠤᠰ᠎ᠤᠨ ᠴᠡᠴᠡᠷᠯᠢᠭ᠎ᠢ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠭᠢᠭᠯᠢᠭ ᠭᠠᠵᠠᠷ᠎ᠢ ᠬᠠᠮᠠᠭ᠋ᠠᠯᠠᠬᠤ ᠳᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠢ ᠨᠠᠶ᠋ᠢᠷᠠᠭᠤᠯᠤᠨ ᠵᠣᠬᠢᠶᠠᠵᠤ ᠳᠠᠭᠤᠰᠬᠠᠪᠠ᠃
《 ᠤᠢ ᠰᠢᠭᠤᠢ ᠵᠢᠨ ᠬᠦᠭᠵᠢᠬᠦᠯᠦᠯᠲᠡ》 ᠵᠢ ᠰᠠᠢ᠌ᠲᠤᠷ ᠬᠢᠵᠤ ᠥᠭᠡᠷᠡᠴᠢᠯᠡᠯᠲᠡ ᠵᠢ ᠠᠬᠢᠭᠤᠯᠪᠠ᠃
ᠣᠶ ᠰᠢᠭᠤᠶ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠣᠶ᠋ᠢᠲᠤ ᠭᠠᠵᠠᠷ ᠨᠤᠲᠤᠭ ᠪᠡᠯᠴᠢᠭᠡᠷ᠎ᠢ ᠬᠡᠷᠡᠭᠯᠡᠬᠦ ᠠᠵᠢᠯ᠎ᠢ ᠭᠦᠢ᠍ᠴᠡᠳᠬᠡᠬᠦ ᠵᠢ ᠴᠢᠨᠠᠷ ᠰᠠᠶ᠋ᠢᠲᠠᠶ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ 933 ᠴᠢᠬᠤᠯᠠ ᠶᠡᠬᠡ ᠲᠥᠷᠥᠯ ᠵᠦᠢ᠍ᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠢ ᠪᠦᠬᠦᠨ᠎ᠢ ᠭᠦᠢ᠍ᠴᠡᠳᠬᠡᠪᠡ᠃ ᠬᠠᠮᠲᠤ ᠵᠢᠨ ᠣᠶ ᠰᠢᠭᠤᠶ ᠵᠢᠨ ᠥᠭᠡᠷᠡᠴᠢᠯᠡᠯᠲᠡ ᠵᠢᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠵᠡᠭᠦᠨᠭ᠋ᠠᠷ ᠬᠣᠰᠢᠭᠤ ᠵᠢ ᠵᠢᠯᠣᠭᠣᠳᠤᠨ ᠪᠥᠬᠥ ᠤᠯᠤᠰ᠎ᠤᠨ ᠣᠶ ᠰᠢᠭᠤᠶ ᠵᠢᠨ ᠡᠷᠬᠡ ᠵᠢᠨ ᠳᠠᠩᠰᠠᠯᠠᠯ᠎ᠤᠨ ᠶᠠᠰᠤ ᠴᠢᠨᠠᠷ ᠦᠷ᠎ᠡ ᠠᠰᠢᠭ᠎ᠢ ᠨᠡᠮᠡᠭᠳᠡᠭᠦᠯᠬᠦ ᠲᠤᠷᠰᠢᠯᠲᠠ ᠵᠢᠨ ᠠᠵᠢᠯ᠎ᠢ ᠥᠷᠨᠢᠭᠦᠯᠵᠦ᠂ ᠬᠠᠷᠠᠴᠢᠨ ᠬᠣᠰᠢᠭᠤ᠂ ᠬᠣᠷᠢᠨᠭᠡᠷ ᠰᠢᠶᠠᠨ᠎ᠢ ᠵᠢᠯᠣᠭᠣᠳᠤᠨ ᠬᠠᠮᠲᠤ ᠵᠢᠨ ᠣᠶ ᠰᠢᠭᠤᠶ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠥᠷᠨᠢᠭᠦᠯᠪᠡ᠃ ᠣᠶ ᠰᠢᠭᠤᠶ ᠵᠢᠨ ᠪᠠᠯᠠ ᠮᠥᠩᠭᠥ ᠵᠢ ᠬᠢᠨᠠᠨ ᠪᠤᠳᠤᠬᠤ ᠵᠡᠷᠭᠡ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠵᠤ᠂ ᠣᠷᠣᠨ ᠰᠠᠭᠤᠴᠠ ᠪᠠ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠭᠤᠤᠯᠳᠠᠯᠭ᠎ᠠ᠎ᠲᠠᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠪᠳᠡᠬᠦ ᠬᠠᠨᠳᠤᠰᠢ ᠵᠢ ᠪᠦᠲᠦᠮᠵᠢᠲᠡᠶ ᠬᠤᠷᠢᠭᠯᠠᠨ᠎ᠠ᠃
《ᠣᠶ ᠰᠢᠭᠤᠶ ᠵᠢ ᠠᠰᠢᠭᠯᠠᠨ》 ᠬᠥᠭᠵᠢᠯᠲᠡ ᠵᠢ ᠳᠡᠮᠵᠢᠬᠦ ᠠᠵᠢᠯ᠎ᠢ ᠰᠠᠢ᠌ᠲᠤᠷ ᠬᠢᠪᠠ᠃
ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ《146》 ᠠᠵᠢᠯ᠎ᠤᠨ ᠵᠠᠭᠪᠤᠷ᠎ᠢ ᠪᠦᠷᠢᠯᠳᠦᠭᠦᠯᠵᠦ᠂ ᠪᠥᠬᠥ ᠵᠢᠯ᠎ᠳᠤ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠷᠠᠯᠵᠢᠶ᠎ᠠ ᠵᠢ 86.1 ᠲᠦᠮᠡᠨ ᠲᠣᠨ ᠪᠡᠶᠡᠯᠡᠭᠦᠯᠵᠦ᠂ ᠨᠡᠭᠦᠷᠡᠰᠦᠲᠥ᠋ᠷᠥᠭᠴᠢ ᠵᠢ ᠬᠤᠷᠠᠭᠤᠯᠬᠤ ᠥᠷᠲᠡᠭ᠎ᠢ 3333.5 ᠲᠦᠮᠡᠨ ᠲᠥᠭᠥᠷᠢᠭ ᠪᠡᠶᠡᠯᠡᠭᠦᠯᠪᠡ᠃ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠡᠶ᠋ᠢᠲᠡᠯᠡᠵᠦ᠂ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠦᠢ᠍ᠯᠡᠳᠬᠦᠨ᠎ᠤ ᠶᠡᠷᠦᠩᠬᠡᠶ ᠥᠷᠲᠡᠭ᠎ᠢ 1000 ᠳ᠋ᠦᠩᠰᠢᠭᠤᠷ ᠲᠥᠭᠥᠷᠢᠭ᠎ᠠᠴᠠ ᠳᠠᠪᠠᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 15 %᠎ᠪᠠᠷ ᠨᠡᠮᠡᠭᠳᠡᠭᠦᠯᠦᠨ᠎ᠡ᠃ (ᠭᠦᠸᠧ ᠯᠢ ᠫᠢᠩ᠂ ᠵᠢᠶᠠᠨ ᠬᠣᠶ ᠮᠢᠨ)