ᠳᠡᠷᠪᠡᠯᠵᠢ
ᠵᠢᠵᠢᠭ ᠪᠤᠲᠠ ᠮᠤᠳᠤ᠃ ᠲᠠᠯ᠎ᠠ ᠨᠤᠳᠤᠭ᠎ᠤᠨ ᠡᠯᠡᠰᠦᠨ ᠳᠤᠪᠤ ᠵᠢᠴᠢ ᠡᠯᠡᠰᠦᠷᠭᠡᠭ ᠭᠠᠵᠠᠷ ᠵᠶ᠋ᠠᠷ ᠤᠷᠭᠤᠳᠠᠭ᠃ ᠭᠠᠩ᠎ᠳᠤ ᠳᠡᠰᠪᠦᠷᠢᠳᠡᠢ᠃ ᠮᠠᠨ᠎ᠤ ᠤᠷᠤᠨ᠎ᠤ ᠳᠠᠪᠠᠭ᠋ᠠᠨ᠎ᠤ ᠪᠠᠷᠠᠭᠤᠨ ᠲᠤᠭᠤᠷᠢᠭ᠂ ᠬᠢᠩᠭ᠋ᠠᠨ᠎ᠤ ᠡᠮᠦᠨᠠᠲᠤ ᠬᠡᠰᠡᠭ᠂ ᠬᠤᠷᠴᠢᠨ ᠲᠤᠭᠤᠷᠢᠭ᠂ ᠬᠦᠯᠦᠨ ᠪᠤᠢ᠌ᠷ — ᠰᠢᠯᠢ ᠵᠢᠨ ᠭᠤᠤᠯ᠎ᠤᠨ ᠦᠨᠳᠦᠷᠯᠢᠭ᠎ᠤᠨ ᠪᠠᠷᠠᠭᠤᠨ ᠬᠡᠰᠡᠭ ᠵᠶ᠋ᠡᠷ ᠤᠷᠭᠤᠨ᠎ᠠ᠃ ᠮᠠᠨ᠎ᠤ ᠤᠯᠤᠰ᠎ᠤᠨ ᠵᠡᠬᠦᠨ ᠬᠤᠢ᠌ᠲᠤ ᠤᠷᠤᠨ ᠵᠶ᠋ᠠᠷ ᠳᠠᠷᠬᠠᠵᠤ᠂ ᠮᠤᠩᠭᠤᠯ ᠤᠯᠤᠰ᠂ ᠤᠷᠤᠰ ᠵᠶ᠋ᠠᠷ ᠴᠤ᠌ ᠳᠠᠷᠬᠠᠵᠤ ᠪᠠᠢ᠌ᠳᠠᠭ᠃ ᠰᠢᠯᠢᠳᠡᠭ ᠲᠡᠵᠢᠭᠡᠯᠲᠤ ᠤᠷᠭᠤᠮᠠᠯ᠃ ᠬᠤᠨᠢ᠂ ᠢᠮᠠᠭ᠎ᠠ᠂ ᠲᠡᠮᠡᠭᠡ ᠠᠮᠳᠠᠷᠠᠬᠠᠨ ᠢᠳᠡᠳᠡᠭ᠃
