ᠲᠤᠮᠳᠠᠰᠠᠭ ᠪᠤᠲᠠ ᠮᠤᠳᠤ᠃ ᠤᠢ᠌ᠲᠤ ᠤᠷᠤᠨ᠂ ᠠᠭᠤᠯᠠᠨ ᠬᠦᠲᠦᠯ᠂ ᠡᠯᠡᠰᠦᠷᠬᠡᠭ ᠭᠠᠵᠠᠷ ᠵᠶ᠋ᠡᠷ ᠤᠷᠭᠤᠳᠠᠭ᠃ ᠮᠠᠨ᠎ᠤ ᠤᠷᠤᠨ᠎ᠤ ᠬᠢᠩᠭ᠋ᠠᠨ᠎ᠤ ᠬᠤᠢ᠌ᠲᠦ ᠬᠡᠰᠡᠭ᠂ ᠬᠢᠩᠭ᠋ᠠᠨ᠎ᠤ ᠡᠮᠦᠨᠡᠲᠦ ᠬᠡᠰᠡᠭ᠂ ᠳᠠᠪᠠᠭ᠋ᠠᠨ᠎ᠤ ᠪᠠᠷᠠᠭᠤᠨ ᠲᠤᠭᠤᠷᠢᠭ᠂ ᠯᠢᠶᠤᠤ ᠡᠾᠸ ᠭᠤᠤᠯ᠎ᠤᠨ ᠲᠠᠯ᠎ᠠ ᠭᠠᠵᠠᠷ᠂ ᠬᠤᠷᠴᠢᠨ ᠲᠤᠭᠤᠷᠢᠭ᠂ ᠤᠯᠠᠭ᠋ᠠᠨᠬᠠᠳᠠ ᠵᠢᠨ ᠲᠤᠪᠤ ᠲᠤᠪᠤᠷᠴᠠᠭ᠂ ᠶᠠᠨᠱ᠌ᠠᠨ ᠠᠭᠤᠯᠠᠨ᠎ᠤ ᠬᠤᠢ᠌ᠲᠦ ᠬᠡᠰᠡᠭ᠂ ᠬᠦᠯᠦᠨ ᠪᠤᠢ᠌ᠷ- ᠰᠢᠯᠢ ᠵᠢᠨ ᠭᠤᠤᠯ᠎ᠤᠨ ᠦᠨᠳᠦᠷᠯᠢᠭ᠎ᠤᠨ ᠵᠡᠬᠦᠨ ᠬᠡᠰᠡᠭ ᠪᠠ ᠡᠮᠦᠨᠡᠲᠦ ᠬᠡᠰᠡᠭ᠂ ᠤᠯᠠᠭ᠋ᠠᠨᠴᠠᠪ ᠲᠤᠭᠤᠷᠢᠭ᠎ᠤᠨ ᠡᠮᠦᠨᠡᠲᠦ ᠬᠡᠰᠡᠭ᠎ᠤᠨ ᠲᠤᠪᠤ ᠲᠤᠪᠤᠷᠴᠠᠭ᠂ ᠮᠤᠨᠢ ᠠᠭᠤᠯᠠ ᠵᠢᠨ ᠲᠤᠭᠤᠷᠢᠭ᠂ ᠠᠯᠠᠱ᠌ᠠ ᠠᠭᠤᠯᠠ ᠵᠢᠨ ᠲᠤᠭᠤᠷᠢᠭ ᠵᠶ᠋ᠠᠷ ᠤᠷᠭᠤᠨ᠎ᠠ᠃ ᠮᠠᠨ᠎ᠤ ᠤᠯᠤᠰ᠎ᠤᠨ ᠤᠮᠠᠷᠠᠲᠦ ᠤᠷᠤᠨ᠂ ᠵᠡᠬᠦᠨ ᠬᠤᠢ᠌ᠲᠦ ᠤᠷᠤᠨ ᠵᠶ᠋ᠡᠷ ᠳᠠᠷᠬᠠᠨ᠂ ᠤᠷᠤᠰ᠎ᠤᠨ ᠰᠢᠪᠸᠷᠢᠶ᠎ᠠ ᠪᠤᠯᠤᠨ ᠠᠯᠤᠰ ᠲᠤᠷᠤᠨᠠᠲᠦ᠂ ᠰᠤᠯᠤᠩᠭᠤᠰ᠎ᠤᠨ ᠬᠤᠢ᠌ᠲᠦ ᠬᠡᠰᠡᠭ ᠵᠶ᠋ᠡᠷ ᠪᠠᠰᠠ ᠲᠠᠷᠬᠠᠵᠤ ᠪᠠᠢ᠌ᠳᠠᠭ᠃ ᠵᠢᠮᠢᠰ᠎ᠨᠢ ᠤᠯᠠᠨ ᠵᠦᠢ᠍ᠯ᠎ᠤᠨ ᠸᠢᠲ᠋ᠠᠮᠢᠨ ᠠᠭᠤᠯᠠᠬᠤ ᠲᠤᠯᠠ ᠵᠢᠮᠢᠰ᠎ᠢ ᠡᠭᠡᠳᠡᠩ ᠪᠠ ᠠᠷᠢᠬᠢ ᠨᠡᠷᠡᠵᠦ ᠪᠤᠯᠳᠠᠭ᠃ ᠴᠡᠴᠡᠭᠠᠴᠠᠨᠢ ᠲᠣᠰᠣ ᠰᠢᠬᠠᠵᠤ ᠪᠤᠯᠳᠠᠭ ᠮᠦᠷᠳᠡᠭᠡᠨ ᠦᠨᠳᠦᠰᠦ᠂ ᠡᠰᠢ᠎ᠠᠴᠠ᠎ᠨᠢ ᠴᠠᠪᠠᠣ ᠭᠠᠷᠭ᠋ᠠᠨ ᠠᠪᠴᠤ ᠪᠤᠯᠳᠠᠭ᠃ ᠡᠮ᠎ᠳᠤ ᠤᠷᠤᠬᠤ ᠮᠦᠷᠳᠡᠭᠡᠨ ᠤᠳᠠᠭ᠋ᠠᠨ ᠴᠢᠨᠠᠷᠳᠠᠢ ᠰᠠᠯᠪᠤᠷᠢ ᠮᠦᠬᠡᠷᠡᠰᠦᠨ ᠬᠤᠭᠤᠯᠠᠢ ᠵᠢᠨ ᠦᠷᠪᠢᠰᠦᠯ᠂ ᠭᠡᠳᠡᠰᠦᠨ ᠦᠷᠪᠢᠰᠦᠯ᠂ ᠠᠵᠢᠯᠯᠠᠭ᠋ᠠᠨ᠎ᠤ ᠴᠢᠨᠠᠷᠳᠠᠢ ᠬᠡᠦᠬᠡᠨ ᠬᠡᠪᠳᠡᠰᠢ᠎ᠠᠴᠠ ᠴᠢᠰᠦ ᠭᠠᠷᠬᠤ᠂ ᠭᠠᠳᠠᠷ ᠰᠢᠷᠬ᠎ᠠ ᠵᠡᠷᠭᠡ ᠵᠢ ᠡᠮᠨᠡᠨ ᠵᠠᠰᠠᠳᠠᠭ᠃
