ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠳᠤᠷᠠᠨ ᠬᠠᠷᠠᠭ᠎ᠠ   -   ᠨᠡᠷᠡᠲᠦ᠍ ᠮᠣᠳᠣ
ᠬᠠᠶ᠋ᠢᠯᠠᠰᠤᠨ ᠮᠣᠳᠣ
ᠨᠡᠶ᠋ᠢᠲᠡᠯᠡᠭᠰᠡᠨ ᠴᠠᠭ᠄ 2023-12-26

     ᠲᠣᠮᠣ ᠵᠢᠮᠢᠰᠲᠦ ᠬᠠᠶ᠋ᠢᠯᠠᠰᠤᠨ ᠮᠣᠳᠣᠨ᠎ᠤ ᠨᠠᠰᠤ ᠵᠢᠯ᠎ᠨᠢ ᠵᠠᠭᠤᠨ ᠵᠢᠯ᠎ᠠᠴᠠ ᠳᠡᠭᠡᠭᠰᠢ ᠪᠠᠶ᠋ᠢᠵᠤ᠂ ᠭᠠᠵᠠᠷ ᠪᠣᠯᠭ᠋ᠠᠨ᠎ᠳᠤ ᠬᠠᠷᠠᠭᠳᠠᠳᠠᠭ᠃ ᠵᠢᠱ᠌ᠢᠶᠡᠯᠡᠪᠡᠯ ᠨᠢᠭᠡ ᠬᠥᠭᠰᠢᠨ ᠬᠠᠶ᠋ᠢᠯᠠᠰᠤᠨ ᠮᠣᠳᠣᠨ᠎ᠤ ᠳ᠋ᠢᠶᠠᠮᠧᠲᠷ᠎ᠨᠢ 51.1 ᠰᠠᠨᠲ᠋ᠢᠮᠧᠲᠷ᠂ ᠥᠨᠳᠥᠷ᠎ᠨᠢ 20 ᠮᠧᠲᠷ᠃ ᠡᠯᠡᠰᠦᠷᠬᠡᠭ ᠭᠠᠵᠠᠷ᠎ᠤᠨ ᠬᠠᠶ᠋ᠢᠯᠠᠰᠤ ᠪᠣᠯ ᠰᠡᠶ᠋ᠢᠷᠡᠭ ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢᠨ ᠦᠵᠡᠮᠵᠢ  ᠪᠤᠯᠤᠨ᠎ᠠ᠃ ᠨᠡᠶ᠋ᠢᠲᠡᠯᠢᠭ ᠲᠠᠯ᠎ᠠ ᠨᠤᠲᠤᠭ᠎ᠤᠨ ᠦᠵᠡᠮᠵᠢ ᠵᠢᠨ ᠤᠷᠤᠨ᠎ᠤ ᠡᠬᠢ ᠪᠠᠶᠠᠯᠢᠭ ᠪᠠ ᠰᠡᠷᠢᠭᠦᠨ ᠪᠦᠰᠡᠨ᠎ᠤ ᠰᠡᠶ᠋ᠢᠷᠡᠭ ᠤᠢ᠌ᠲᠤ ᠲᠠᠯ᠎ᠠ ᠨᠤᠲᠤᠭ᠎ᠤᠨ ᠨᠦᠬᠦᠴᠡᠯ ᠲᠤᠤᠷ᠎ᠠ ᠪᠦᠷᠢᠯᠳᠦᠭᠰᠡᠨ ᠣᠶ ᠰᠢᠭᠤᠶ ᠵᠢᠨ ᠠᠮᠢ ᠠᠬᠤᠶ ᠵᠢᠨ ᠰᠢᠰᠲ᠋ᠧᠮ᠎ᠠᠴᠠ ᠲᠠᠯ᠎ᠠ ᠨᠤᠲᠤᠭ᠎ᠤᠨ ᠠᠮᠢ ᠠᠬᠤᠶ ᠵᠢᠨ ᠰᠢᠰᠲ᠋ᠧᠮ᠎ᠳᠤ ᠰᠢᠯᠵᠢᠬᠦ ᠰᠢᠯᠵᠢᠯᠲᠡ ᠵᠢᠨ ᠤᠷᠤᠨ ᠪᠦᠰᠡ ᠵᠢᠨ ᠦᠵᠡᠮᠦᠷᠢ ᠵᠢᠨ ᠮᠤᠳᠤ ᠪᠤᠯᠤᠨ᠎ᠠ᠃ ᠨᠠᠪᠴᠢ ᠵᠤᠯᠭ᠋ᠠᠷᠠᠬᠤ ᠥᠷᠭᠡᠨ ᠨᠠᠪᠴᠢᠲᠤ ᠣᠶ ᠪᠠ ᠲᠠᠯ᠎ᠠ ᠨᠤᠲᠤᠭ᠎ᠤᠨ ᠬᠣᠭᠣᠷᠣᠨᠳᠣᠬᠢ ᠨᠢᠭᠡ ᠵᠦᠢ᠍ᠯ᠎ᠤᠨ ᠠᠮᠢ ᠠᠬᠤᠶ ᠵᠢᠨ ᠰᠢᠰᠲ᠋ᠧᠮ᠎ᠤᠨ ᠲᠥᠷᠥᠯ ᠬᠡᠯᠪᠡᠷᠢ ᠪᠣᠯᠤᠨ᠎ᠠ᠃

      ᠬᠠᠶ᠋ᠢᠯᠠᠰᠤᠨ ᠮᠤᠳᠤᠨ᠎ᠤ ᠰᠡᠶ᠋ᠢᠷᠡᠭ ᠣᠶ᠋ᠢᠲᠤ ᠬᠡᠭᠡᠷ᠎ᠡ ᠲᠠᠯ᠎ᠠ ᠪᠣᠯ ᠰᠡᠷᠢᠭᠦᠨ ᠪᠦᠰᠡ ᠵᠢᠨ ᠨᠡᠶ᠋ᠢᠲᠡᠯᠢᠭ ᠬᠡᠭᠡᠷ᠎ᠡ ᠲᠠᠯ᠎ᠠ ᠵᠢᠨ ᠪᠦᠰᠡ ᠪᠠᠶ᠋ᠢᠵᠤ᠂ ᠵᠠᠷᠢᠮᠳᠤᠭ ᠭᠠᠩ ᠬᠠᠭᠤᠷᠠᠢ ᠤᠷᠤᠨ᠎ᠤ ᠬᠠᠭ᠋ᠠᠰ ᠴᠢᠭᠢᠭᠯᠢᠭ ᠠᠭᠤᠷ ᠠᠮᠢᠰᠬᠤᠯ᠎ᠳᠤ ᠵᠣᠬᠢᠴᠠᠭᠰᠠᠨ ᠡᠯᠡᠰᠦᠷᠬᠡᠭ ᠭᠠᠵᠠᠷ᠎ᠤᠨ ᠳᠡᠭᠡᠳᠦ ᠲᠠᠰ᠎ᠤᠨ ᠤᠷᠭᠤᠮᠠᠯ᠎ᠤᠨ ᠬᠦᠢ ᠪᠣᠯᠤᠨ᠎ᠠ᠃ ᠥᠪᠥᠷ ᠮᠣᠩᠭᠣᠯ᠎ᠤᠨ ᠥᠨᠳᠥᠷᠯᠢᠭ᠎ᠲᠤ ᠣᠨᠴᠠ ᠪᠠᠶ᠋ᠢᠳᠠᠭ ᠤᠷᠭᠤᠮᠠᠯ᠎ᠤᠨ ᠬᠤᠴᠢᠯᠭ᠎ᠠ ᠵᠢᠨ ᠦᠵᠡᠮᠵᠢ ᠵᠢᠨ ᠨᠢᠭᠡ ᠪᠣᠯᠤᠨ᠎ᠠ᠃ ᠬᠠᠶ᠋ᠢᠯᠠᠰᠤᠨ ᠮᠣᠳᠣᠨ᠎ᠤ ᠰᠡᠶ᠋ᠢᠷᠡᠭ ᠣᠶ᠎ᠨᠢ ᠡᠯᠡᠰᠦᠷᠬᠡᠭ ᠣᠷᠴᠢᠨ᠎ᠳᠤ ᠲᠠᠷᠬᠠᠵᠤ᠂ ᠰᠠᠯᠬᠢᠨ᠎ᠢ ᠬᠠᠯᠬᠠᠯᠠᠨ ᠡᠯᠡᠰᠦ ᠵᠢ ᠲᠣᠭᠲᠠᠪᠤᠷᠢᠵᠢᠭᠤᠯᠬᠤ᠂ ᠡᠯᠡᠰᠦᠷᠬᠡᠭ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ ᠪᠠ ᠡᠷᠭᠢᠨ ᠲᠣᠭᠣᠷᠢᠨ᠎ᠤ ᠭᠠᠵᠠᠷ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠨᠢᠭᠡ ᠵᠦᠢ᠍ᠯ᠎ᠤᠨ ᠴᠢᠬᠤᠯᠠ ᠤᠷᠭᠤᠮᠠᠯ᠎ᠤᠨ ᠲᠥᠷᠥᠯ ᠬᠡᠯᠪᠡᠷᠢ ᠪᠣᠯᠬᠤ ᠪᠥᠭᠡᠳ ᠮᠥᠨ ᠴᠦ᠍ ᠭᠠᠩ ᠬᠠᠭᠰᠠᠷᠠᠭ᠋ᠠᠨ᠎ᠳᠤ ᠲᠡᠰᠪᠦᠷᠢᠲᠡᠶ ᠡᠯᠡᠰᠦᠨ᠎ᠤ ᠤᠷᠭᠤᠮᠠᠯ᠎ᠤᠨ ᠴᠢᠬᠤᠯᠠ ᠳᠦᠷᠰᠦ ᠵᠢᠨ ᠭᠧᠨ᠎ᠤ ᠬᠥᠮᠥᠷᠭᠡ ᠪᠠ ᠲᠠᠯ᠎ᠠ ᠨᠤᠲᠤᠭ᠎ᠤᠨ ᠬᠡᠭᠡᠷ᠎ᠡ ᠵᠢᠨ ᠠᠮᠢᠲᠠᠨ᠎ᠤ ᠴᠢᠬᠤᠯᠠ  ᠤᠷᠤᠩᠨᠠᠨ ᠠᠮᠢᠳᠤᠷᠠᠬᠤ ᠭᠠᠵᠠᠷ ᠪᠣᠯᠤᠨ᠎ᠠ᠃



W020230914599344843916.jpg

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠠᠢ᠌ᠯᠠᠰᠤ
ᠬᠣᠨᠢᠨ ᠠᠷᠴᠠ
ᠲᠤᠱ᠌ᠠᠮᠠᠨ ᠵᠢᠮᠢᠰ
ᠤᠰᠤᠨ ᠴᠦᠭᠦᠷᠰᠦ
ᠴᠠᠭ᠋ᠠᠨ ᠭᠠᠯᠳᠠᠰᠤ
 
             蒙ICP备05000248号