ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠎ ᠶᠢᠨ ᠠᠷᠭ᠎ᠠ ᠶᠢ ᠬᠡᠷᠡᠭᠵᠢᠭᠦᠯᠬᠦ ᠲᠤᠬᠠᠢ
ᠨᠡᠶᠢᠲᠡᠯᠡᠭᠰᠡᠨ ᠴᠠᠭ᠄
2018/10/19
     ︵1991ᠣᠨ ᠤ12 ᠰᠠᠷ᠎ᠠ ᠶᠢᠨ 24᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠬᠤᠷᠠᠯᠳᠤᠭᠠᠨ ᠠᠴᠠ ᠪᠠᠲᠤᠯᠠᠵᠤ᠂ ᠨᠡᠶᠢᠲᠡᠯᠡᠨ ᠬᠡᠷᠡᠭᠵᠢᠭᠦᠯᠪᠡ︶      ᠨᠢᠭᠡᠳᠦᠭᠡᠷ ᠪᠦᠯᠦᠭ     ᠶᠡᠷᠦᠩᠬᠡᠶ ᠳᠦᠷᠢᠮ      ᠨᠢᠭᠡᠳᠦᠭᠡᠷ ᠵᠣᠷᠪᠣᠰ   ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠠᠭᠠᠯᠠᠡ ᠬᠥᠭᠵᠢᠭᠦᠯᠵᠦ ᠵᠣᠬᠢᠰᠲᠠᠶ ᠠᠰᠢᠭᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠎ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠣᠷᠪᠣᠰ    ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷ᠎ᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠮᠢᠶᠠᠷᠤᠯᠲᠠ ᠬᠢᠬᠦ᠂ ᠲᠡᠵᠢᠭᠡᠵᠦ ᠦᠷᠡᠵᠢᠭᠦᠯᠬᠦ᠂ ᠨᠡᠭᠡᠭᠡᠨ ᠠᠰᠢᠭᠯᠠᠬᠤ ᠠᠵᠢᠯᠯᠠᠭ᠎ᠠ ᠬᠢᠬᠦ ᠶᠢ ᠡᠷᠬᠢᠯᠡᠬᠦ ᠳᠤ ᠡᠷᠬᠡᠪᠰᠢ ᠲᠤᠰ ᠠᠷᠭ᠎ᠠ ᠶᠢ ᠵᠢᠷᠤᠮᠯᠠᠬᠤ ᠬᠡᠷᠡᠭᠲᠡᠶ᠃ᠲᠤᠰ ᠠᠷᠭ᠎ᠠ ᠶᠢᠨ ᠲᠣᠭᠲᠠᠭᠠᠯ ᠳᠠᠬᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠭᠡᠳᠡᠭ ᠨᠢ᠄      ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠭᠰᠡᠨ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠡᠬᠡ ᠬᠠᠭᠤᠷᠠᠶ ᠶᠢᠨ ᠪᠠ ᠤᠰᠤᠨ ᠤ ᠬᠡᠭᠡᠷ᠎ᠡ ᠶᠢᠨ ᠠᠮᠢᠲᠠᠨ︔      ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠭᠦᠯᠦᠭᠰᠡᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠡᠬᠡ ᠬᠠᠭᠤᠷᠠᠶ ᠶᠢᠨ ᠪᠠ ᠤᠰᠤᠨ ᠤ ᠬᠡᠭᠡᠷ᠎ᠡ ᠶᠢᠨ ᠠᠮᠢᠲᠠᠨ︔      ︵ᠭᠤᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠠᠭᠠᠯᠠᠬᠤ ᠳᠤ ᠠᠰᠢᠭᠲᠠᠶ ᠪᠤᠶᠤ ᠴᠢᠬᠤᠯᠠ ᠠᠵᠤ ᠠᠬᠤᠶ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨ᠎ᠡ ᠴᠠᠨ᠎ᠠ ᠲᠠᠢ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠨᠡᠶᠢᠲᠡᠯᠡᠨ᠎ᠡ᠃      ᠭᠤᠷᠪᠠᠳᠤᠭᠠᠷ ᠵᠣᠷᠪᠣᠰ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠠᠵᠣ ᠦᠢᠯᠡᠰ᠂ ᠵᠢᠭᠠᠰᠤᠨ ᠠᠵᠤ ᠦᠢᠯᠡᠰ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ  ᠡᠬᠡ ᠬᠠᠭᠤᠷᠠᠶ ᠶᠢᠨ ᠪᠠ ᠤᠰᠤᠨ ᠤ ᠬᠡᠭᠡᠷ᠎ᠡ ᠶᠢᠨ ᠠᠮᠢᠲᠠᠨ ᠢ ᠬᠠᠮᠢᠶᠠᠷᠬᠤ ᠠᠵᠢᠯ ᠢ ᠲᠣᠰ ᠲᠣᠰ ᠬᠠᠷᠢᠭᠤᠴᠠᠨ᠎ᠠ᠃      ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠠᠴᠠ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠠᠭᠠᠯᠠᠬᠤ ᠡᠭᠦᠷᠭᠡ ᠶᠢ ᠬᠡᠷᠡᠭᠵᠢᠭᠦᠯᠦᠨ᠎ᠡ᠃      ᠳᠥᠷᠪᠡᠳᠦᠭᠡᠷ ᠵᠣᠷᠪᠣᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠪᠠ ᠵᠦᠢ ᠵᠣᠬᠢᠰᠲᠠᠶ ᠪᠠᠷ ᠠᠰᠢᠭᠯᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠳᠤ ᠬᠠᠮᠤᠷᠠᠭᠤᠯᠤᠨ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠬᠠᠮᠢᠶᠠᠷᠤᠯᠲᠠ ᠪᠠᠨ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢ ᠠᠵᠢᠯ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号