ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 232 | ᠳ᠋ᠤᠭᠠᠷ ᠲᠤᠭᠠᠳᠤ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠭᠠᠳ ᠦᠬᠡᠢ ᠤᠷᠴᠢᠨ ᠲᠤᠭᠤᠷᠢᠨ ᠢ | ᠪᠦᠳᠦᠬᠡᠨ ᠪᠠᠶᠢᠭᠤᠯᠬᠤ ᠠᠷᠭ᠎ᠠ︾ ᠶᠢ 2018 ᠤᠨ ᠤ 5 ᠰᠠᠷ᠎ᠠ ᠶᠢᠨ 11 ᠤ ᠡᠳᠦᠷ ᠦᠪᠡᠷᠳᠡᠬᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ | ᠵᠦᠪᠯᠡᠵᠦ ᠪᠠᠳᠤᠯᠠᠭᠠᠳ᠂ ᠡᠳᠦᠬᠡ ᠨᠡᠶᠢᠳᠡᠯᠡᠪᠡ᠂ 2018 ᠤᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠬᠦᠯᠦᠨ᠎ᠠ᠃ | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠣᠣ ᠯᠢᠨ 2018 ᠣᠨ ᠤ 5 ᠰᠠᠷ᠎ᠠ ᠶᠢᠨ 31 ᠤ ᠡᠳᠦᠷ | ᠨᠢᠬᠡᠳᠦᠬᠡᠷ ᠪᠦᠯᠦᠭ ᠶᠡᠷᠦᠩᠬᠡᠢ ᠲᠦᠷᠢᠮ | ᠨᠢᠬᠡᠳᠦᠬᠡᠷ ᠵᠦᠢᠯ ᠰᠠᠭᠠᠳ ᠦᠬᠡᠢ ᠤᠷᠴᠢᠨ ᠲᠤᠭᠤᠷᠢᠨ ᠢ ᠡᠭᠦᠳᠴᠤ᠂ ᠨᠡᠶᠢᠬᠡᠮ ᠤᠨ ᠠᠮᠢᠳᠤᠷᠠᠯ ᠳᠤ | ᠵᠡᠮᠳᠡᠭᠴᠦᠳ ᠵᠡᠷᠬᠡ ᠨᠡᠶᠢᠬᠡᠮ ᠤᠨ ᠪᠦᠷᠢᠯᠳᠦᠭᠦᠨ ᠨᠦᠭᠦᠳ ᠤᠨ ᠨᠡᠶᠢᠬᠡᠮ ᠤᠨ ᠠᠮᠢᠳᠤᠷᠠᠯ ᠳᠤ ᠡᠷᠬᠡ ᠲᠡᠭᠰᠢ ᠪᠠᠷ | ᠤᠷᠤᠯᠴᠠᠬᠤ ᠶᠢ ᠪᠠᠳᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠵᠡᠮᠳᠡᠭᠴᠦᠳ ᠤᠨ ᠪᠠᠳᠤᠯᠠᠭ᠎ᠠ ᠶᠢᠨ ᠬᠠᠤᠯᠢ︾ ︽ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ | ᠲᠦᠷᠢᠮ︾ ᠪᠠ ︽ᠪᠦᠳᠦᠬᠡᠨ ᠪᠠᠶᠢᠭᠤᠯᠬᠤ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠦᠷᠢᠮ︾ ᠵᠡᠷᠬᠡ | ᠬᠠᠤᠯᠢ ᠴᠠᠭᠠᠵᠠ᠂ ᠬᠠᠤᠯᠢ ᠲᠤᠨᠨᠳᠠᠭᠠᠯ ᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ | ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃ | ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠲᠤᠳᠤᠷᠠᠬᠢ | ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠵᠢᠴᠢ ᠬᠠᠮᠢᠶ᠎ᠠ ᠪᠦᠭᠦᠢ ᠬᠠᠮᠢᠶᠠᠷᠤᠯᠳᠠ ᠶᠢᠨ | ᠠᠵᠢᠯᠯᠠᠭ᠎ᠠ ᠳᠤ ᠲᠤᠰ ᠠᠷᠭ᠎ᠠ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠰᠠᠭᠠᠳ ᠦᠬᠡᠢ ᠤᠷᠴᠢᠨ ᠲᠤᠭᠤᠷᠢᠨ ᠢ | ᠪᠦᠳᠦᠬᠡᠨ ᠪᠠᠶᠢᠭᠤᠯᠬᠤ ᠬᠡᠳᠡᠭ ᠨᠢ ᠵᠡᠮᠳᠡᠭᠴᠦᠳ᠂ ᠨᠠᠰᠤᠳᠠᠶᠢᠴᠦᠳ᠂ ᠰᠢᠷᠬᠠᠳᠤᠨᠨᠰᠠᠳ ᠡᠪᠡᠳᠴᠢᠯᠡᠭᠰᠡᠳ᠂ | ᠵᠢᠷᠮᠤᠰᠦᠨ ᠪᠦᠰᠡᠭᠦ᠋ᠢᠴᠦᠳ ᠪᠠ ᠬᠡᠤᠬᠡᠳ ᠵᠡᠷᠬᠡ ᠨᠡᠶᠢᠬᠡᠮ ᠤᠨ ᠪᠦᠷᠢᠯᠳᠦᠬᠦᠨ ᠨᠦᠭᠦᠳ ᠤᠨ ᠪᠡᠶ᠎ᠡ ᠪᠠᠨ ᠲᠠᠭᠠᠭᠠᠵᠦ | ᠠᠮᠤᠷ ᠲᠦᠪᠰᠢᠨ ᠢᠶᠠᠷ ᠵᠠᠮ ᠦᠩᠬᠡᠷᠡᠬᠦ᠂ ᠬᠠᠮᠢᠶ᠎ᠠ ᠪᠦᠭᠦᠢ ᠬᠡᠷ ᠪᠠᠷᠢᠯᠭ᠎ᠠ ᠪᠠᠷ ᠤᠷᠤᠵᠦ ᠭᠠᠷᠬᠤ᠂ ᠤᠯᠠᠨ | ᠨᠡᠶᠢᠳᠡ ᠶᠢᠨ ᠵᠠᠮ ᠬᠠᠷᠢᠯᠴᠠᠭᠠᠨ ᠤ ᠲᠡᠷᠬᠡ ᠭᠦᠰᠬᠡ ᠳᠤ ᠰᠠᠭᠤᠬᠤ᠂ ᠮᠡᠳᠡᠭᠡ ᠵᠠᠩᠬᠢ ᠰᠤᠯᠢᠯᠴᠠᠬᠤ᠂ ᠨᠡᠶᠢᠬᠡᠮ | ᠲᠤᠭᠤᠷᠢᠭ ᠤᠨ ᠦᠢᠯᠡᠴᠢᠯᠡᠬᠡᠨ ᠢ ᠤᠯᠵᠦ ᠭᠦᠷᠳᠡᠬᠦ ᠳᠤ ᠲᠦᠭᠦᠮ ᠦᠵᠡᠬᠦᠯᠬᠦ ᠶᠢᠨ ᠲᠤᠰᠠᠳᠠ ᠶᠠᠪᠤᠨᠨᠳᠠᠭᠤᠯᠤᠨᠨᠰᠠᠨ | ᠪᠦᠳᠦᠬᠡᠨ ᠪᠠᠶᠢᠭᠤᠯᠬᠤ ᠠᠵᠢᠯᠯᠠᠭ᠎ᠠ ᠶᠢ ᠵᠢᠭᠠᠵᠦ ᠪᠠᠶᠢᠨ᠎ᠠ᠃ | ᠲᠦᠷᠪᠡᠳᠦᠬᠡᠷ ᠵᠦᠢᠯ ᠰᠠᠭᠠᠳ ᠦᠬᠡᠢ ᠤᠷᠴᠢᠨ ᠲᠤᠭᠤᠷᠢᠨ ᠢ ᠪᠠᠶᠢᠭᠤᠯᠬᠤ ᠳᠤ ᠵᠠᠪᠠᠯ ᠦᠪᠡᠷᠳᠡᠬᠡᠨ | ᠵᠠᠰᠠᠬᠤ ᠤᠷᠤᠨ ᠤ ᠠᠵᠦ ᠠᠬᠤᠢ ᠪᠠ ᠨᠡᠶᠢᠬᠡᠮ ᠤᠨ ᠭᠦᠭᠵᠢᠯᠳᠡ ᠶᠢᠨ ᠬᠢᠷᠢ ᠲᠦᠪᠰᠢᠨ ᠲᠠᠢ ᠲᠤᠬᠢᠷᠠᠯᠴᠠᠭᠤᠯᠤᠨ᠂ | ᠵᠡᠮᠳᠡᠭᠴᠦᠳ ᠵᠡᠷᠬᠡ ᠨᠡᠶᠢᠬᠡᠮ ᠤᠨ ᠪᠦᠷᠢᠯᠳᠦᠬᠦᠨ ᠤ ᠪᠤᠳᠠᠳᠠᠢ ᠬᠡᠷᠡᠭᠴᠡᠭᠡ ᠳᠤ ᠨᠡᠶᠢᠴᠡᠬᠦᠯᠵᠦ᠂ ᠪᠤᠳᠠᠳᠤ | ᠬᠡᠷᠡᠭᠴᠡᠭᠡ ᠲᠠᠢ᠂ ᠬᠡᠷᠡᠭᠯᠡᠬᠦ ᠳᠤ ᠬᠢᠯᠪᠡᠷ᠂ ᠦᠷᠬᠡᠨ ᠢᠶᠠᠷ ᠠᠰᠢᠭ ᠭᠦᠷᠳᠡᠬᠦ ᠵᠠᠷᠴᠢᠮ ᠢ ᠵᠢᠷᠤᠮᠯᠠᠬᠤ ᠬᠡᠷᠡᠭᠳᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ | ᠤᠷᠳᠤᠨ ᠨᠢ ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠭᠦᠭᠵᠢᠯᠳᠡ ᠶᠢᠨ | ᠲᠦᠯᠦᠪᠵᠢᠬᠦᠯᠬᠡ ᠶᠢ ᠵᠤᠬᠢᠶᠠᠨ ᠪᠠᠶᠢᠭᠤᠯᠵᠦ ᠨᠠᠶᠢᠷᠠᠭᠤᠯᠤᠨ ᠵᠤᠬᠢᠶᠠᠬᠤ ᠶᠢᠨ ᠬᠠᠮᠳᠤ ᠵᠤᠬᠢᠶᠠᠨ ᠪᠠᠶᠢᠭᠤᠯᠤᠨ | ᠬᠡᠷᠡᠭᠵᠢᠬᠦᠯᠬᠦ ᠶᠢ ᠬᠠᠷᠢᠭᠤᠴᠠᠬᠤ ᠬᠡᠷᠡᠭᠳᠡᠢ᠃ ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ | ᠭᠦᠭᠵᠢᠯᠳᠡ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠳᠤ᠂ ᠵᠡᠮᠳᠡᠭᠴᠦᠳ ᠤᠨ ᠵᠤᠬᠢᠶᠠᠨ ᠪᠠᠶᠢᠭᠤᠯᠤᠯᠳᠠ | ᠂ ᠨᠠᠰᠤᠳᠠᠶᠢᠴᠦᠳ ᠤᠨ ᠵᠤᠬᠢᠶᠠᠨ ᠪᠠᠶᠢᠭᠤᠯᠤᠯᠳᠠ ᠪᠠ ᠡᠮᠡᠭᠳᠡᠶᠢᠴᠦᠳ ᠤᠨ ᠵᠤᠬᠢᠶᠠᠨ ᠪᠠᠶᠢᠭᠤᠯᠤᠯᠳᠠ ᠵᠡᠷᠬᠡ | ᠨᠡᠶᠢᠬᠡᠮ ᠤᠨ ᠵᠤᠬᠢᠶᠠᠨ ᠪᠠᠶᠢᠭᠤᠯᠤᠯᠳᠠ ᠠᠴᠠ ᠰᠠᠨᠠᠯ ᠬᠤᠷᠢᠶᠠᠬᠤ ᠬᠡᠷᠡᠭᠳᠡᠢ᠃ ᠰᠠᠭᠠᠳ ᠦᠬᠡᠢ ᠤᠷᠴᠢᠨ | ᠲᠤᠭᠤᠷᠢᠨ ᠢ ᠪᠦᠳᠦᠬᠡᠨ ᠪᠠᠶᠢᠭᠤᠯᠬᠤ ᠭᠦᠭᠵᠢᠯᠳᠡ ᠶᠢᠨ ᠲᠦᠯᠦᠪᠵᠢᠬᠦᠯᠬᠡ ᠶᠢ ᠤᠯᠤᠰ ᠠᠷᠠᠳ ᠤᠨ ᠠᠵᠦ ᠠᠬᠤᠢ | ᠪᠠ ᠨᠡᠶᠢᠬᠡᠮ ᠤᠨ ᠭᠦᠭᠵᠢᠯᠳᠡ ᠶᠢᠨ ᠲᠦᠯᠦᠪᠵᠢᠬᠦᠯᠬᠡ ᠵᠢᠴᠢ ᠬᠤᠳᠠ ᠭᠦᠳᠡᠭᠡ ᠶᠢᠨ ᠲᠦᠯᠦᠪᠵᠢᠬᠦᠯᠬᠡ ᠳᠤ | ᠤᠷᠤᠭᠤᠯᠬᠤ ᠬᠡᠷᠡᠭᠳᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ | ᠤᠷᠳᠤᠨ ᠤ ᠵᠡᠮᠳᠡᠭᠴᠦᠳ ᠤᠨ ᠠᠵᠢᠯ ᠤᠨ ᠵᠦᠪᠯᠡᠯ ᠨᠢ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠰᠠᠭᠠᠳ | ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠬᠢᠬᠡᠳ ᠬᠠᠮᠢᠶᠠᠷᠤᠯᠳᠠ ᠶᠢᠨ ᠠᠵᠢᠯ ᠳᠤ ᠵᠤᠬᠢᠴᠠᠭᠤᠯᠭ᠎ᠠ | ᠬᠢᠬᠦ ᠶᠢ ᠬᠠᠷᠢᠭᠤᠴᠠᠬᠤ ᠬᠡᠷᠡᠭᠳᠡᠢ᠃ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ | ᠤᠷᠳᠤᠨ ᠤ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠰᠠᠭᠠᠳ ᠦᠬᠡᠢ ᠶᠢᠨ ᠪᠡᠯᠡᠳᠬᠡᠮᠵᠢ ᠶᠢᠨ | ᠪᠠᠷᠢᠯᠭ᠎ᠠ ᠪᠦᠳᠦᠬᠡᠨ ᠪᠠᠶᠢᠭᠤᠯᠬᠤ ᠠᠵᠢᠯᠯᠠᠭᠠᠨ ᠤ ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠬᠤ ᠬᠡᠷᠡᠭᠳᠡᠢ᠃ | ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠭᠦᠭᠵᠢᠬᠦᠯᠦᠯᠳᠡ | ᠦᠬᠡᠷᠡᠴᠢᠯᠡᠯᠳᠡ᠂ ᠠᠵᠦ ᠠᠬᠤᠢ ᠪᠠ ᠮᠡᠳᠡᠭᠡ ᠵᠠᠩᠬᠢᠵᠢᠯᠳᠠ᠂ ᠠᠷᠠᠳ ᠤᠨ ᠶᠠᠪᠤᠳᠠᠯ᠂ ᠲᠤᠳᠤᠭᠠᠳᠤ ᠶᠢ ᠬᠠᠮᠠᠭᠠᠯᠠᠬᠤ | ᠂ ᠲᠦᠯᠦᠪᠵᠢᠬᠦᠯᠬᠡ᠂ ᠮᠦᠩᠭᠦᠨ ᠭᠦᠢᠯᠬᠡᠬᠡ᠂ ᠴᠢᠮᠡᠭᠡ ᠬᠤᠯᠪᠤᠭ᠎ᠠ᠂ ᠰᠢᠤᠳᠠᠨ᠂ ᠲᠡᠮᠦᠷ ᠵᠠᠮ᠂ ᠠᠷᠠᠳ ᠤᠨ | ᠠᠭᠠᠷ ᠤᠨ ᠲᠡᠬᠡᠬᠡᠪᠦᠷᠢ ᠵᠡᠷᠬᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠬᠡ | ᠬᠠᠷᠢᠭᠤᠴᠠᠯᠭ᠎ᠠ ᠶᠢᠨ ᠬᠡᠪᠴᠢᠶᠡᠨ ᠳᠠᠬᠢ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠬᠢᠬᠡᠳ | ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ | ᠬᠠᠮᠵᠢᠯᠴᠠᠵᠦ ᠪᠠᠶᠢᠭᠠᠳ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠬᠢᠬᠡᠳ | ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ | ᠲᠤᠯᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ | ᠤᠷᠳᠤᠨ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠷᠠᠳᠢᠤ᠋᠂ ᠲᠧᠯᠸᠢᠰ᠂ ᠰᠤᠨᠢᠨ ᠰᠡᠳᠬᠦᠯ᠂ ᠢᠨᠲ᠋ᠧᠷ | ᠰᠦᠯᠵᠢᠶ᠎ᠡ ᠵᠡᠷᠬᠡ ᠵᠠᠭᠤᠴᠢᠯᠠᠭᠤᠷ ᠢ ᠠᠰᠢᠨᠨᠯᠠᠵᠦ᠂ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ | ᠪᠠᠶᠢᠭᠤᠯᠤᠯᠳᠠ ᠶᠢᠨ ᠲᠠᠯ᠎ᠠ ᠪᠠᠷ ᠬᠢ ᠤᠬᠠᠭᠤᠯᠭ᠎ᠠ ᠶᠢ ᠴᠢᠩᠭᠠᠳᠬᠠᠨ᠂ ᠰᠠᠭᠠᠳ ᠦᠬᠡᠢ ᠤᠷᠴᠢᠨ ᠲᠤᠭᠤᠷᠢᠨ ᠢ | ᠪᠦᠳᠦᠬᠡᠨ ᠪᠠᠶᠢᠭᠤᠯᠬᠤ ᠲᠠᠯ᠎ᠠ ᠪᠠᠷ ᠬᠢ ᠪᠦᠭᠦ ᠨᠡᠶᠢᠬᠡᠮ ᠤᠨ ᠪᠦᠷᠢᠯᠳᠦᠬᠦᠨ ᠤ ᠦᠵᠡᠯ ᠤᠬᠠᠮᠰᠠᠷ ᠢ ᠲᠡᠬᠡᠭᠰᠢᠯᠡᠬᠦᠯᠬᠦ | ᠬᠡᠷᠡᠭᠳᠡᠢ᠃ ᠪᠠᠶᠢᠭᠠᠯᠢᠭ ᠭᠦᠮᠦᠨ᠂ ᠬᠠᠤᠯᠢ ᠶᠢᠨ ᠡᠷᠬᠡᠳᠡᠨ᠂ ᠬᠠᠤᠯᠢ ᠶᠢᠨ ᠡᠷᠬᠡᠳᠡᠨ ᠤ ᠪᠤᠰᠤ ᠵᠤᠬᠢᠶᠠᠨ | ᠪᠠᠶᠢᠭᠤᠯᠤᠯᠳᠠ ᠨᠤᠭᠤᠳ ᠢ ᠵᠤᠷᠢᠨᠨᠵᠢᠭᠤᠯᠵᠦ ᠪᠠᠶᠢᠭᠠᠳ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ | ᠪᠠᠶᠢᠭᠤᠯᠤᠯᠳᠠ ᠳᠤ ᠬᠠᠨᠳᠢᠪ ᠲᠤᠰᠠᠯᠠᠮᠵᠢ ᠵᠢᠴᠢ ᠰᠠᠶᠢᠨ ᠲᠤᠷ᠎ᠠ ᠶᠢᠨ ᠦᠢᠯᠡᠴᠢᠯᠡᠭᠡ ᠬᠠᠩᠭᠠᠬᠤ ᠬᠡᠷᠡᠭᠳᠡᠢ᠃ | ᠨᠠᠢᠮᠠᠳᠣᠭᠠᠷ ᠵᠦᠢᠯ ᠤᠯᠠᠨ ᠨᠡᠶᠢᠳᠡ ᠶᠢᠨ ᠦᠢᠯᠡᠴᠢᠯᠡᠭᠡ ᠬᠠᠩᠭᠠᠵᠦ ᠪᠠᠶᠢᠭ᠎ᠠ ᠲᠦᠷᠦ ᠶᠢᠨ | ᠪᠠᠶᠢᠭᠤᠯᠭ᠎ᠠ᠂ ᠨᠡᠶᠢᠬᠡᠮ ᠤᠨ ᠪᠦᠯᠭᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ ᠪᠠ ᠦᠨᠳᠦᠰᠦᠨ | ᠱᠠᠳᠤᠨ ᠤ ᠤᠯᠠᠨ ᠲᠦᠮᠡᠨᠴᠢ ᠴᠢᠨᠠᠷᠳᠠᠢ ᠦᠪᠡᠰᠦᠪᠡᠨ ᠵᠠᠰᠠᠬᠤ ᠵᠤᠬᠢᠶᠠᠨ ᠪᠠᠶᠢᠭᠤᠯᠤᠯᠳᠠ ᠨᠤᠭᠤᠳ ᠨᠢ ᠬᠠᠮᠢᠶ᠎ᠠ | ᠪᠦᠭᠦᠢ ᠠᠵᠢᠯᠳᠠᠳ ᠲᠤ ᠰᠠᠭᠠᠳ ᠦᠬᠡᠢ ᠶᠢᠨ ᠮᠡᠳᠡᠯᠬᠡ ᠶᠢᠨ ᠭᠦᠮᠦᠵᠢᠯ ᠪᠠ ᠪᠤᠯᠪᠠᠰᠤᠷᠠᠭᠤᠯᠤᠯ ᠭᠦᠷᠳᠡᠬᠡᠬᠦ ᠬᠡᠷᠡᠭᠳᠡᠢ | ᠃ | ᠶᠢᠰᠦᠳᠦᠬᠡᠷ ᠵᠦᠢᠯ ᠶᠠᠮᠠᠷᠪᠠ ᠨᠢᠬᠡᠴᠡ ᠪᠠ ᠬᠤᠪᠢ ᠭᠦᠮᠦᠨ ᠬᠡᠳ ᠬᠤᠯᠪᠤᠨᠨᠳᠠᠯ ᠪᠦᠭᠦᠢ ᠰᠠᠯᠠᠭ᠎ᠠ | ᠮᠦᠴᠢᠷ ᠲᠤ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ | ᠪᠠᠶᠢᠳᠠᠯ ᠤᠨ ᠲᠠᠯ᠎ᠠ ᠪᠠᠷ ᠬᠢ ᠰᠠᠨᠠᠯ ᠪᠤᠶᠤ ᠰᠠᠨᠠᠭᠤᠯᠭ᠎ᠠ ᠲᠤᠷᠠᠳᠴᠤ ᠪᠤᠯᠤᠨ᠎ᠠ᠂ ᠬᠤᠯᠪᠤᠨᠨᠳᠠᠯ ᠪᠦᠭᠦᠢ ᠰᠠᠯᠠᠭ᠎ᠠ | ᠮᠦᠴᠢᠷ ᠨᠢ ᠵᠠᠪᠠᠯ ᠴᠠᠭ ᠲᠤᠬᠠᠢ ᠳᠤᠨᠢ ᠭᠦᠢᠴᠡᠳᠬᠡᠬᠦ ᠶᠢᠨ ᠬᠠᠮᠳᠤ ᠬᠠᠷᠢᠭᠤ ᠦᠭᠭᠦ ᠬᠡᠷᠡᠭᠳᠡᠢ᠃ | ᠠᠷᠪᠠᠳᠤᠭᠠᠷ ᠵᠦᠢᠯ ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠠᠵᠢᠯ ᠤᠨ | ᠶᠠᠪᠤᠴᠠ ᠳᠤ ᠮᠡᠳᠡᠭᠳᠡᠭᠦ᠋ᠢᠴᠡ ᠬᠢᠷᠢ ᠪᠦᠳᠦᠮᠵᠢ ᠭᠠᠷᠭᠠᠨᠨᠰᠠᠨ ᠨᠢᠬᠡᠴᠡ ᠪᠠ ᠬᠤᠪᠢ ᠭᠦᠮᠦᠨ ᠢ ᠤᠯᠤᠰ ᠤᠨ | ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠰᠠᠶᠢᠰᠢᠶᠠᠨ ᠭᠦᠬᠢᠭᠦᠯᠬᠦ ᠪᠠ ᠱᠠᠩᠨᠠᠬᠤ ᠬᠡᠷᠡᠭᠳᠡᠢ᠃ | ᠬᠤᠶᠠᠳᠤᠭᠠᠷ ᠪᠦᠯᠦᠭ ᠰᠠᠭᠠᠳ ᠦᠬᠡᠢ ᠶᠢᠨ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ | ᠠᠷᠪᠠᠨ ᠨᠢᠬᠡᠳᠦᠬᠡᠷ ᠵᠦᠢᠯ ᠬᠤᠳᠠ ᠪᠠᠯᠭᠠᠰᠤᠨ ᠤ ᠰᠢᠨ᠎ᠠ ᠪᠠᠷ ᠪᠠᠶᠢᠭᠤᠯᠤᠨᠨᠰᠠᠨ᠂ ᠦᠬᠡᠷᠡᠴᠢᠯᠡᠨ | ᠪᠠᠶᠢᠭᠤᠯᠤᠨᠨᠰᠠᠨ᠂ ᠦᠷᠬᠡᠳᠬᠡᠨ ᠪᠠᠶᠢᠭᠤᠯᠤᠨᠨᠰᠠᠨ ᠵᠠᠮ᠂ ᠬᠤᠳᠠ ᠶᠢᠨ ᠠᠭᠤᠳᠠᠮ ᠲᠠᠯᠠᠪᠠᠢ᠂ ᠬᠤᠳᠠ ᠶᠢᠨ ᠵᠦᠯᠬᠡ | ᠭᠠᠵᠠᠷ᠂ ᠤᠯᠠᠨ ᠨᠡᠶᠢᠳᠡ ᠶᠢᠨ ᠪᠠᠷᠢᠯᠭ᠎ᠠ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠡᠯᠡᠳᠬᠡᠮᠵᠢ᠂ ᠤᠷᠤᠨ | ᠰᠠᠭᠤᠴᠠ ᠶᠢᠨ ᠪᠠᠷᠢᠯᠭ᠎ᠠ᠂ ᠤᠷᠤᠨ ᠰᠠᠭᠤᠴᠠ ᠶᠢᠨ ᠲᠤᠭᠤᠷᠢᠭ ᠢ ᠵᠠᠪᠠᠯ ᠰᠠᠭᠠᠳ ᠦᠬᠡᠢ ᠶᠢᠨ ᠪᠡᠯᠡᠳᠬᠡᠮᠵᠢ ᠶᠢᠨ | ᠪᠠᠷᠢᠯᠭ᠎ᠠ ᠪᠠᠶᠢᠭᠤᠯᠬᠤ ᠪᠠᠷᠢᠮᠵᠢᠶ᠎ᠠ ᠳᠤ ᠨᠡᠶᠢᠴᠡᠬᠦᠯᠬᠦ ᠬᠡᠷᠡᠭᠳᠡᠢ᠃ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ | ᠪᠦᠳᠦᠬᠡᠨ ᠪᠠᠶᠢᠭᠤᠯᠤᠯᠳᠠ ᠶᠢ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠠᠶᠢᠭᠤᠯᠬᠤ ᠪᠠᠷᠢᠮᠵᠢᠶ᠎ᠠ ᠳᠤ | ᠠᠯᠬᠤᠮ ᠠᠯᠬᠤᠮ ᠢᠶᠠᠷ ᠭᠦᠷᠬᠡᠬᠦ ᠬᠡᠷᠡᠭᠳᠡᠢ᠃ | ᠠᠷᠪᠠᠨ ᠬᠤᠶᠠᠳᠤᠭᠠᠷ ᠵᠦᠢᠯ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠵᠠᠪᠠᠯ ᠭᠤᠤᠯ | ᠴᠤᠨᠨᠴᠠᠳᠤ ᠪᠠᠷᠢᠯᠭ᠎ᠠ ᠲᠠᠢ ᠵᠡᠷᠬᠡ ᠳᠤᠨᠢ ᠵᠢᠷᠤᠵᠦ ᠲᠦᠯᠦᠪᠯᠡᠨ᠂ ᠵᠡᠷᠬᠡ ᠳᠤᠨᠢ ᠪᠠᠷᠢᠵᠦ ᠪᠠᠶᠢᠭᠤᠯᠤᠨ᠂ ᠵᠡᠷᠬᠡ ᠳᠤᠨᠢ | ᠰᠢᠯᠭᠠᠵᠦ ᠬᠤᠷᠢᠶᠠᠨ ᠠᠪᠴᠤ ᠬᠡᠷᠡᠭᠯᠡᠬᠡᠨ ᠳᠤ ᠤᠷᠤᠭᠤᠯᠬᠤ ᠬᠡᠷᠡᠭᠳᠡᠢ᠃ ᠰᠢᠨ᠎ᠠ ᠪᠠᠷ ᠪᠠᠶᠢᠭᠤᠯᠤᠨᠨᠰᠠᠨ ᠰᠠᠭᠠᠳ | ᠦᠬᠡᠢ ᠶᠢᠨ ᠪᠡᠯᠡᠳᠬᠡᠮᠵᠢ ᠶᠢ ᠤᠶᠢᠷ᠎ᠠ ᠬᠠᠪᠢ ᠶᠢᠨ ᠰᠠᠭᠠᠳ ᠦᠬᠡᠢ ᠶᠢᠨ ᠪᠡᠯᠡᠳᠬᠡᠮᠵᠢ ᠲᠠᠢ ᠬᠠᠷᠢᠯᠴᠠᠨ ᠵᠤᠯᠭᠠᠭᠤᠯᠬᠤ | ᠬᠡᠷᠡᠭᠳᠡᠢ᠃ | ᠠᠷᠪᠠᠨ ᠭᠤᠷᠪᠠᠳᠤᠭᠠᠷ ᠵᠦᠢᠯ ᠵᠢᠷᠤᠵᠦ ᠲᠦᠯᠦᠪᠯᠡᠬᠦ ᠨᠢᠬᠡᠴᠡ ᠨᠢ ᠵᠠᠪᠠᠯ ︽ᠰᠠᠭᠠᠳ ᠦᠬᠡᠢ ᠶᠢᠨ | ᠵᠦᠢᠯᠡᠰ ᠢ ᠵᠢᠷᠤᠵᠦ ᠲᠦᠯᠦᠪᠯᠡᠬᠦ ᠵᠢᠷᠤᠮᠵᠢᠯ︾ ᠵᠡᠷᠬᠡ ᠪᠠᠷᠢᠮᠵᠢᠶᠠᠳᠤ ᠵᠢᠷᠤᠮᠵᠢᠯ ᠤᠨ ᠱᠠᠭᠠᠷᠳᠠᠯᠭ᠎ᠠ ᠶᠤᠰᠤᠭᠠᠷ᠂ | ᠰᠠᠭᠠᠳ ᠦᠬᠡᠢ ᠶᠢᠨ ᠲᠦᠭᠦᠷ ᠪᠡᠯᠡᠳᠬᠡᠮᠵᠢ ᠶᠢ ᠵᠢᠷᠤᠵᠦ ᠲᠦᠯᠦᠪᠯᠡᠬᠦ ᠬᠡᠷᠡᠭᠳᠡᠢ᠃ ᠪᠠᠷᠢᠯᠭ᠎ᠠ ᠪᠠᠷᠢᠬᠤ ᠵᠢᠷᠤᠭ ᠤᠨ | ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠵᠠᠪᠠᠯ ᠵᠤᠬᠢᠬᠤ | ᠪᠠᠷᠢᠮᠵᠢᠶᠠᠳᠤ ᠵᠢᠷᠤᠮᠵᠢᠯ ᠶᠤᠰᠤᠭᠠᠷ ᠬᠢᠨᠠᠨ ᠪᠠᠶᠢᠴᠠᠭᠠᠬᠤ ᠬᠡᠷᠡᠭᠳᠡᠢ᠃ ᠪᠠᠷᠢᠯᠭ᠎ᠠ ᠪᠠᠷᠢᠬᠤ ᠨᠢᠬᠡᠴᠡ ᠨᠢ ᠬᠢᠨᠠᠨ | ᠪᠠᠶᠢᠴᠠᠭᠠᠯᠳᠠ ᠳᠤ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ | ᠪᠠ ︽ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠪᠠ ᠬᠠᠮᠠᠭᠠᠯᠠᠬᠤ | ᠵᠢᠷᠤᠮᠵᠢᠯ︾ ᠵᠡᠷᠬᠡ ᠪᠠᠷᠢᠯᠭ᠎ᠠ ᠪᠠᠷᠢᠬᠤ ᠬᠠᠮᠢᠶ᠎ᠠ ᠪᠦᠭᠦᠢ ᠮᠡᠷᠬᠡᠵᠢᠯ ᠤᠨ ᠪᠠᠷᠢᠮᠵᠢᠶ᠎ᠠ ᠶᠢ ᠦᠨᠳᠦᠰᠦᠯᠡᠵᠦ᠂ ᠰᠠᠭᠠᠳ | ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠪᠠᠷᠢᠬᠤ ᠶᠢᠨ ᠬᠠᠮᠳᠤ᠂ ᠪᠠᠷᠢᠯᠭ᠎ᠠ ᠪᠠᠷᠢᠬᠤ ᠶᠠᠰᠤ ᠴᠢᠨᠠᠷ ᠲᠤ | ᠬᠠᠷᠢᠭᠤᠴᠠᠬᠤ ᠬᠡᠷᠡᠭᠳᠡᠢ᠃ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠨᠢ ᠵᠠᠪᠠᠯ ᠬᠢᠨᠠᠨ ᠪᠠᠶᠢᠴᠠᠭᠠᠯᠳᠠ ᠳᠤ ᠬᠢᠷᠢ | ᠲᠡᠩᠴᠡᠭᠰᠡᠨ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ ︽ᠰᠠᠭᠠᠳ | ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠪᠠ ᠬᠠᠮᠠᠭᠠᠯᠠᠬᠤ ᠵᠢᠷᠤᠮᠵᠢᠯ︾ ᠵᠡᠷᠬᠡ | ᠪᠠᠷᠢᠯᠭ᠎ᠠ ᠪᠠᠷᠢᠬᠤ᠂ ᠰᠢᠯᠭᠠᠵᠦ ᠬᠤᠷᠢᠶᠠᠨ ᠠᠪᠬᠤ ᠬᠠᠮᠢᠶ᠎ᠠ ᠪᠦᠭᠦᠢ ᠲᠦᠷᠢᠮᠯᠡᠯ ᠢ ᠦᠨᠳᠦᠰᠦᠯᠡᠨ᠂ ᠰᠠᠭᠠᠳ | ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠠᠷᠢᠨᠨᠰᠠᠨ ᠶᠠᠰᠤ ᠴᠢᠨᠠᠷ ᠢ ᠬᠢᠨᠠᠨ ᠬᠠᠮᠢᠶᠠᠷᠬᠤ ᠶᠢᠨ ᠬᠠᠮᠳᠤ᠂ ᠪᠠᠷᠢᠯᠭ᠎ᠠ | ᠪᠠᠷᠢᠬᠤ ᠶᠠᠰᠤ ᠴᠢᠨᠠᠷ ᠲᠤ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃ ᠪᠦᠳᠦᠬᠡᠨ ᠪᠠᠶᠢᠭᠤᠯᠬᠤ | ᠨᠢᠬᠡᠴᠡ ᠨᠢ ᠪᠦᠳᠦᠬᠡᠨ ᠪᠠᠶᠢᠭᠤᠯᠵᠦ ᠲᠠᠭᠤᠰᠤᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠶᠢ ᠵᠤᠬᠢᠶᠠᠨ | ᠪᠠᠶᠢᠭᠤᠯᠬᠤ ᠳᠤ᠂ ᠰᠠᠭᠠᠳ ᠦᠬᠡᠢ ᠶᠢᠨ ᠪᠡᠯᠡᠳᠬᠡᠮᠵᠢ ᠶᠢ ᠵᠡᠷᠬᠡ ᠳᠤᠨᠢ ᠰᠢᠯᠭᠠᠵᠦ ᠬᠤᠷᠢᠶᠠᠨ ᠠᠪᠬᠤ ᠬᠡᠷᠡᠭᠳᠡᠢ᠃ | ᠰᠠᠭᠠᠳ ᠦᠬᠡᠢ ᠶᠢᠨ ᠪᠡᠯᠡᠳᠬᠡᠮᠵᠢ ᠨᠢ ᠬᠢᠨᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ ᠤᠨ | ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ ︽ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠰᠢᠯᠭᠠᠵᠦ | ᠬᠤᠷᠢᠶᠠᠨ ᠠᠪᠬᠤ ᠪᠠ ᠬᠠᠮᠠᠭᠠᠯᠠᠬᠤ ᠵᠢᠷᠤᠮᠵᠢᠯ︾ ᠵᠡᠷᠬᠡ ᠪᠠᠷᠢᠯᠭ᠎ᠠ ᠪᠠᠷᠢᠬᠤ ᠬᠠᠮᠢᠶ᠎ᠠ ᠪᠦᠭᠦᠢ ᠮᠡᠷᠬᠡᠵᠢᠯ ᠤᠨ | ᠪᠠᠷᠢᠮᠵᠢᠶ᠎ᠠ ᠶᠢ ᠦᠨᠳᠦᠰᠦᠯᠡᠭᠰᠡᠨ ᠦᠬᠡᠢ ᠪᠠᠶᠢᠪᠠᠯ᠂ ᠪᠠᠷᠢᠯᠭ᠎ᠠ ᠲᠠᠭᠤᠰᠤᠨᠨᠰᠠᠨ ᠢ ᠨᠢ ᠰᠢᠯᠭᠠᠵᠦ ᠬᠤᠷᠢᠶᠠᠨ | ᠠᠪᠬᠤ ᠪᠠᠷ ᠦᠩᠬᠡᠷᠡᠬᠡᠵᠦ ᠪᠤᠯᠬᠤ ᠦᠬᠡᠢ᠃ | ᠠᠷᠪᠠᠨ ᠲᠦᠷᠪᠡᠳᠦᠬᠡᠷ ᠵᠦᠢᠯ ᠰᠠᠭᠠᠳ ᠦᠬᠡᠢ ᠶᠢᠨ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ | ᠵᠠᠪᠠᠯ ᠠᠮᠤᠷ ᠲᠦᠪᠰᠢᠨ᠂ ᠬᠡᠷᠡᠭᠯᠡᠬᠦ ᠳᠤ ᠲᠤᠬᠢᠷᠠᠮᠵᠢᠳᠠᠢ ᠪᠠ ᠬᠢᠯᠪᠡᠷ ᠲᠦᠭᠦᠮ ᠪᠠᠶᠢᠯᠭᠠᠬᠤ ᠦᠨᠳᠦᠰᠦᠨ | ᠱᠠᠭᠠᠷᠳᠠᠯᠭ᠎ᠠ ᠳᠤ ᠨᠡᠶᠢᠴᠡᠬᠦᠯᠬᠦ ᠶᠢᠨ ᠬᠠᠮᠳᠤ᠂ ᠲᠤᠤᠷᠠᠬᠢ ᠲᠤᠨᠨᠳᠠᠭᠠᠯ ᠢ ᠵᠢᠷᠤᠮᠯᠠᠬᠤ ᠬᠡᠷᠡᠭᠳᠡᠢ᠄ | ︵ᠨᠢᠬᠡ︶ ᠬᠤᠳᠠ ᠶᠢᠨ ᠭᠤᠤᠯ ᠵᠠᠮ᠂ ᠬᠤᠳᠠᠯᠳᠤᠭᠠᠨ ᠤ ᠭᠤᠤᠯ ᠲᠤᠭᠤᠷᠢᠭ᠂ ᠤᠷᠤᠨ ᠰᠠᠭᠤᠴᠠ ᠶᠢᠨ | ᠲᠤᠮᠤ ᠲᠤᠭᠤᠷᠢᠭ ᠲᠠᠬᠢ ᠵᠤᠷᠴᠢᠬᠤ ᠵᠦᠷᠢᠯᠬᠡ ᠭᠦᠭᠦᠷᠬᠡ ᠪᠠ ᠭᠠᠵᠠᠷ ᠲᠤᠤᠷᠠᠬᠢ ᠬᠤᠩᠬᠢᠯ ᠵᠠᠮ ᠳᠤ ᠵᠠᠪᠠᠯ ᠰᠠᠭᠠᠳ | ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠠᠶᠢᠭᠤᠯᠬᠤ ᠪᠠᠷᠢᠮᠵᠢᠶ᠎ᠠ ᠶᠤᠰᠤᠭᠠᠷ ᠰᠠᠭᠠᠳ ᠦᠬᠡᠢ ᠶᠢᠨ ᠪᠡᠯᠡᠳᠬᠡᠮᠵᠢ | ᠲᠤᠬᠢᠷᠠᠭᠤᠯᠬᠤ ᠬᠡᠷᠡᠭᠳᠡᠢ᠃ ᠶᠠᠪᠠᠭᠠᠨ ᠭᠦᠮᠦᠨ ᠤ ᠵᠠᠮ ᠤᠨ ᠠᠭᠤᠯᠵᠠᠭᠤᠷ᠂ ᠤᠯᠠᠨ ᠨᠡᠶᠢᠳᠡ ᠶᠢᠨ ᠬᠡᠷ ᠪᠠᠷᠢᠯᠭ᠎ᠠ ᠶᠢᠨ | ᠭᠠᠵᠠᠷ ᠤᠨ ᠭᠠᠳᠠᠷᠭᠤ ᠶᠢ ᠲᠡᠭᠰᠢ ᠪᠠᠶᠢᠯᠭᠠᠬᠤ ᠪᠦᠬᠡᠳ ᠬᠠᠯᠳᠤᠷᠢᠬᠤ ᠠᠴᠠ ᠰᠡᠷᠬᠡᠶᠢᠯᠡᠵᠦ᠂ ᠤᠷᠤᠵᠦ ᠭᠠᠷᠬᠤ | ᠭᠠᠵᠠᠷ ᠲᠤ ᠵᠠᠪᠠᠯ ᠭᠦᠷᠳᠦᠳᠦ ᠰᠠᠨᠳᠠᠯᠢ ᠦᠩᠬᠡᠷᠡᠬᠦ ᠨᠠᠯᠠᠤ ᠵᠠᠮ ᠭᠠᠷᠭᠠᠬᠤ ᠬᠡᠷᠡᠭᠳᠡᠢ︔ | ︵ᠬᠤᠶᠠᠷ︶ ᠬᠠᠷᠠᠭ᠎ᠠ ᠠᠯᠳ᠋ᠬᠠᠰᠠᠳ ᠤᠨ ᠶᠠᠪᠤᠬᠤ ᠵᠠᠮ ᠢ ᠲᠡᠪᠢᠰᠬᠦ ᠳᠤ ᠵᠠᠪᠠᠯ ᠵᠠᠯᠭᠠᠯᠳᠤᠭᠤᠯᠵᠦ᠂ ᠤᠶᠢᠷ᠎ᠠ | ᠬᠠᠪᠢ ᠳᠠᠬᠢ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠵᠤᠨᠨᠰᠤᠬᠤ ᠦᠷᠳᠡᠭᠡ᠂ ᠵᠠᠮ ᠤᠨᠨᠳᠤᠯᠵᠦ ᠭᠠᠷᠬᠤ | ᠵᠦᠷᠢᠯᠬᠡ ᠭᠦᠭᠦᠷᠬᠡ᠂ ᠤᠯᠠᠨ ᠨᠡᠶᠢᠳᠡ ᠶᠢᠨ ᠪᠠᠷᠢᠯᠭ᠎ᠠ ᠶᠢᠨ ᠰᠠᠭᠠᠳ ᠦᠬᠡᠢ ᠶᠢᠨ ᠪᠡᠯᠡᠳᠬᠡᠮᠵᠢ ᠲᠠᠢ ᠬᠠᠷᠢᠯᠴᠠᠨ | ᠵᠠᠯᠭᠠᠯᠳᠤᠭᠤᠯᠬᠤ ᠶᠢᠨ ᠬᠠᠮᠳᠤ᠂ ᠴᠠᠬᠢᠯᠭᠠᠨ ᠤᠳᠠᠰᠤᠨ ᠤ ᠱᠤᠩ᠂ ᠤᠳᠠᠰᠤ᠂ ᠭᠠᠵᠠᠷ ᠲᠤᠤᠷᠠᠬᠢ ᠶᠢ ᠪᠠᠶᠢᠴᠠᠭᠠᠬᠤ | ᠬᠤᠳᠳᠤᠭ᠂ ᠮᠤᠳᠤ ︵ᠨᠦᠬᠡ︶ ᠵᠡᠷᠬᠡ ᠰᠠᠭᠠᠳ ᠪᠤᠯᠬᠤ ᠪᠤᠳᠠᠰ ᠠᠴᠠ ᠵᠠᠶᠢᠯᠠᠭᠤᠯᠬᠤ ᠬᠡᠷᠡᠭᠳᠡᠢ︔ | ︵ᠭᠤᠷᠪᠠ︶ ᠤᠯᠠᠨ ᠨᠡᠶᠢᠳᠡ ᠶᠢᠨ ᠪᠠᠷᠢᠯᠭ᠎ᠠ᠂ ᠲᠡᠤᠬᠡ ᠰᠤᠶᠤᠯ ᠤᠨ ᠬᠠᠮᠠᠭᠠᠯᠠᠯᠳᠠ ᠶᠢᠨ ᠨᠢᠬᠡᠴᠡ ᠶᠢᠨ | ᠪᠠᠷᠢᠯᠭ᠎ᠠ ᠳᠠᠬᠢ ᠪᠢᠯᠧᠲ ᠬᠤᠳᠠᠯᠳᠤᠬᠤ ᠭᠠᠵᠠᠷ᠂ ᠦᠢᠯᠡᠴᠢᠯᠡᠬᠦ ᠲᠠᠶᠢᠰᠠ᠂ ᠤᠯᠠᠨ ᠨᠡᠶᠢᠳᠡ ᠶᠢᠨ ᠤᠳᠠᠰᠤ᠂ | ᠤᠤᠭᠤᠬᠤ ᠤᠰᠤᠨ ᠤ ᠰᠠᠪᠠ ᠵᠡᠷᠬᠡ ᠤᠠᠯᠨ ᠨᠡᠶᠢᠳᠡ ᠶᠢᠨ ᠪᠡᠯᠡᠳᠬᠡᠮᠵᠢ ᠳᠤ ᠵᠠᠪᠠᠯ ᠦᠢᠯᠡᠴᠢᠯᠡᠬᠡᠨ ᠤ ᠪᠤᠭᠤᠨᠢᠬᠠᠨ | ᠪᠡᠯᠡᠳᠬᠡᠮᠵᠢ ᠲᠤᠬᠢᠷᠠᠭᠤᠯᠬᠤ ᠬᠡᠷᠡᠭᠳᠡᠢ︔ | ︵ᠲᠦᠷᠪᠡ︶ ᠤᠯᠠᠨ ᠨᠡᠶᠢᠳᠡ ᠶᠢᠨ ᠪᠠᠷᠢᠯᠭ᠎ᠠ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ | ᠪᠡᠯᠡᠳᠬᠡᠮᠵᠢ ᠶᠢᠨ ᠰᠢᠯ ᠡᠭᠦᠳᠡ᠂ ᠰᠢᠯ ᠬᠡᠷᠡᠮ᠂ ᠠᠰᠠᠷ ᠤᠨ ᠱᠠᠳᠤ᠂ ᠴᠠᠬᠢᠯᠭᠠᠨ ᠱᠠᠳᠤᠨ ᠤ ᠡᠭᠦᠳᠡ ᠪᠠ ᠨᠡᠪᠳᠡᠷᠡᠬᠦ | ᠬᠤᠩᠬᠢᠯ ᠵᠡᠷᠬᠡ ᠭᠠᠵᠠᠷ ᠲᠤ ᠵᠠᠪᠠᠯ ᠰᠡᠷᠡᠮᠵᠢᠯᠡᠬᠦᠯᠬᠦ ᠲᠡᠮᠳᠡᠭ᠂ ᠲᠤᠬᠢᠶ᠎ᠠ ᠪᠤᠶᠤ ᠵᠢᠭᠠᠯᠳᠠ ᠶᠢᠨ ᠲᠤᠨᠤᠨᠨᠯᠠᠯ | ᠲᠤᠬᠢᠷᠠᠭᠤᠯᠬᠤ ᠬᠡᠷᠡᠭᠳᠡᠢ︔ | ︵ᠲᠠᠪᠤ︶ ᠬᠤᠳᠠ ᠶᠢᠨ ᠭᠤᠤᠯ ᠵᠠᠮ᠂ ᠬᠤᠳᠠᠯᠳᠤᠭᠠᠨ ᠤ ᠭᠤᠤᠯ ᠲᠤᠭᠤᠷᠢᠭ ᠪᠠ ᠤᠷᠤᠨ ᠰᠠᠭᠤᠴᠠ ᠶᠢᠨ | ᠲᠤᠮᠤ ᠲᠤᠭᠤᠷᠢᠭ ᠲᠠᠬᠢ ᠶᠠᠪᠠᠭᠠᠨ ᠭᠦᠮᠦᠨ ᠤ ᠵᠤᠷᠴᠢᠬᠤ ᠵᠠᠮ ᠤᠨ ᠲᠤᠬᠢᠶᠠᠨ ᠳ᠋ᠧᠩ ᠳᠤ ᠵᠠᠪᠠᠯ ᠵᠠᠮ ᠤᠨᠨᠳᠤᠯᠵᠦ | ᠭᠠᠷᠬᠤ ᠶᠢ ᠲᠠᠭᠤᠨ ᠢᠶᠠᠷ ᠰᠠᠨᠠᠭᠤᠯᠬᠤ ᠲᠤᠨᠤᠨᠨᠯᠠᠯ ᠲᠤᠬᠢᠷᠠᠭᠤᠯᠬᠤ ᠬᠡᠷᠡᠭᠳᠡᠢ᠃ ᠰᠢᠨ᠎ᠠ ᠪᠠᠷ ᠪᠠᠶᠢᠭᠤᠯᠤᠨᠨᠰᠠᠨ ᠵᠠᠮ | ᠬᠠᠷᠢᠯᠴᠠᠭᠠᠨ ᠤ ᠲᠤᠬᠢᠶᠠᠨ ᠳ᠋ᠧᠩ ᠳᠤ ᠵᠠᠪᠠᠯ ᠵᠠᠮ ᠤᠨᠨᠳᠤᠯᠵᠦ ᠭᠠᠷᠬᠤ ᠶᠢ ᠲᠠᠭᠤᠨ ᠢᠶᠠᠷ ᠰᠠᠨᠠᠭᠤᠯᠬᠤ ᠲᠤᠨᠤᠨᠨᠯᠠᠯ | ᠲᠤᠬᠢᠷᠠᠭᠤᠯᠬᠤ ᠬᠡᠷᠡᠭᠳᠡᠢ᠃ ᠰᠠᠭᠠᠳ ᠦᠬᠡᠢ ᠶᠢᠨ ᠪᠡᠯᠡᠳᠬᠡᠮᠵᠢ ᠶᠢ ᠵᠠᠪᠠᠯ ᠤᠯᠠᠨ ᠤᠯᠤᠰ ᠲᠤ ᠨᠡᠶᠢᠳᠡᠮ | ᠬᠡᠷᠡᠭᠯᠡᠭᠳᠡᠵᠦ ᠪᠠᠶᠢᠭ᠎ᠠ ᠰᠠᠭᠠᠳ ᠦᠬᠡᠢ ᠶᠢᠨ ᠲᠡᠮᠳᠡᠭ ᠶᠤᠰᠤᠭᠠᠷ ᠲᠤᠬᠢᠷᠠᠭᠤᠯᠵᠦ᠂ ᠵᠠᠮ᠂ ᠤᠯᠠᠨ ᠨᠡᠶᠢᠳᠡ ᠶᠢᠨ | ᠲᠠᠯᠠᠪᠤᠷ ᠭᠠᠵᠠᠷ ᠲᠠᠬᠢ ᠰᠠᠭᠠᠳ ᠦᠬᠡᠢ ᠶᠢᠨ ᠪᠡᠯᠡᠳᠬᠡᠮᠵᠢ ᠶᠢᠨ ᠵᠢᠷᠤᠭ ᠲᠦᠷᠰᠦᠳᠦ ᠢᠯᠭᠠᠬᠤ ᠲᠡᠮᠳᠡᠭ᠂ ᠲᠡᠮᠳᠡᠭ ᠢ | ᠵᠠᠪᠠᠯ ᠤᠯᠤᠰ ᠵᠢᠴᠢ ᠤᠷᠤᠨ ᠨᠤᠳᠤᠭ ᠤᠨ ᠪᠠᠷᠢᠮᠵᠢᠶ᠎ᠠ ᠶᠤᠰᠤᠭᠠᠷ ᠲᠤᠬᠢᠷᠠᠭᠤᠯᠬᠤ ᠬᠡᠷᠡᠭᠳᠡᠢ᠃ ᠰᠠᠭᠠᠳ ᠦᠬᠡᠢ ᠶᠢᠨ | ᠲᠡᠮᠳᠡᠭ ᠢ ᠵᠠᠪᠠᠯ ᠢᠯᠡ ᠪᠠᠶᠢᠷᠢᠨ ᠳᠤ ᠲᠤᠬᠢᠷᠠᠭᠤᠯᠵᠦ᠂ ᠠᠭᠤᠯᠭ᠎ᠠ ᠶᠢ ᠨᠢ ᠢᠯᠡ ᠲᠤᠳᠤ᠂ ᠵᠢᠷᠤᠮᠵᠢᠯ ᠲᠠᠢ | ᠪᠠᠶᠢᠯᠭᠠᠬᠤ ᠬᠡᠷᠡᠭᠳᠡᠢ᠃ | ᠠᠷᠪᠠᠨ ᠲᠠᠪᠤᠳᠤᠭᠠᠷ ᠵᠦᠢᠯ ᠰᠠᠭᠠᠳ ᠦᠬᠡᠢ ᠶᠢᠨ ᠪᠡᠯᠡᠳᠬᠡᠮᠵᠢ ᠶᠢᠨ ᠦᠮᠴᠢᠯᠡᠬᠦ ᠡᠷᠬᠡ ᠲᠠᠢ | ᠭᠦᠮᠦᠨ ᠪᠠ ᠬᠠᠮᠢᠶᠠᠷᠬᠤ ᠭᠦᠮᠦᠨ ᠨᠢ ᠵᠠᠪᠠᠯ ᠰᠠᠭᠠᠳ ᠦᠬᠡᠢ ᠶᠢᠨ ᠪᠡᠯᠡᠳᠬᠡᠮᠵᠢ ᠶᠢ ᠬᠠᠮᠠᠭᠠᠯᠠᠨ᠂ ᠡᠪᠳᠡᠨ | ᠰᠦᠢᠳᠬᠡᠭᠳᠡᠬᠦ ᠪᠤᠶᠤ ᠰᠠᠭᠠᠳ ᠲᠤᠳᠬᠠᠷ ᠭᠠᠷᠪᠠᠯ ᠴᠠᠭ ᠲᠤᠬᠠᠢ ᠳᠤᠨᠢ ᠰᠡᠯᠪᠢᠨ ᠵᠠᠰᠠᠵᠦ᠂ ᠰᠠᠭᠠᠳ ᠦᠬᠡᠢ ᠶᠢᠨ | ᠪᠡᠯᠡᠳᠬᠡᠮᠵᠢ ᠶᠢᠨ ᠬᠡᠪ ᠢᠶᠠᠷ ᠬᠡᠷᠡᠭᠯᠡᠭᠳᠡᠬᠦ ᠶᠢ ᠦᠨᠡᠨᠬᠦ ᠪᠠᠳᠤᠯᠠᠬᠤ ᠬᠡᠷᠡᠭᠳᠡᠢ᠃ | ᠠᠷᠪᠠᠨ ᠵᠢᠷᠭᠤᠳᠤᠭᠠᠷ ᠵᠦᠢᠯ ᠰᠠᠭᠠᠳ ᠦᠬᠡᠢ ᠶᠢᠨ ᠪᠡᠯᠡᠳᠬᠡᠮᠵᠢ ᠶᠢ ᠡᠪᠳᠡᠨ ᠰᠦᠢᠳᠬᠡᠬᠦ᠂ | ᠲᠤᠷ᠎ᠠ ᠪᠠᠷ ᠡᠵᠡᠯᠡᠵᠦ ᠬᠡᠷᠡᠭᠯᠡᠬᠦ ᠪᠤᠶᠤ ᠬᠡᠷᠡᠭᠯᠡᠬᠡᠨ ᠢ ᠨᠢ ᠦᠬᠡᠷᠡᠴᠢᠯᠡᠬᠦ ᠶᠢ ᠡᠷᠡᠰ ᠬᠤᠷᠢᠨᠨᠯᠠᠬᠤ ᠬᠡᠷᠡᠭᠳᠡᠢ᠃ | ᠬᠤᠳᠠ ᠶᠢᠨ ᠪᠦᠳᠦᠬᠡᠨ ᠪᠠᠶᠢᠭᠤᠯᠤᠯᠳᠠ᠂ ᠨᠡᠶᠢᠬᠡᠮ ᠤᠨ ᠠᠰᠠᠷᠠᠮᠵᠢ ᠶᠢᠨ ᠠᠵᠢᠯᠯᠠᠭ᠎ᠠ ᠵᠡᠷᠬᠡ ᠰᠢᠯᠳᠠᠭᠠᠨ ᠠᠴᠠ ᠪᠤᠯᠵᠦ | ᠬᠤᠳᠠ ᠶᠢᠨ ᠵᠠᠮ ᠢ ᠲᠦᠷ ᠴᠠᠭ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠪᠠᠯ᠂ ᠰᠠᠭᠠᠳ ᠦᠬᠡᠢ ᠶᠢᠨ ᠪᠡᠯᠡᠳᠬᠡᠮᠵᠢ ᠶᠢ | ᠡᠵᠡᠯᠡᠵᠦ ᠬᠡᠷᠡᠭᠯᠡᠬᠦ ᠠᠴᠠ ᠵᠠᠶᠢᠯᠠᠰᠬᠢᠬᠤ ᠬᠡᠷᠡᠭᠳᠡᠢ︔ ᠡᠷᠬᠡᠪᠰᠢ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠪᠠᠯ᠂ ᠰᠠᠭᠠᠳ | ᠦᠬᠡᠢ ᠶᠢᠨ ᠪᠡᠯᠡᠳᠬᠡᠮᠵᠢ ᠶᠢᠨ ᠦᠮᠴᠢᠯᠡᠬᠦ ᠡᠷᠬᠡ ᠲᠠᠢ ᠭᠦᠮᠦᠨ ᠪᠤᠶᠤ ᠬᠠᠮᠢᠶᠠᠷᠬᠤ ᠭᠦᠮᠦᠨ ᠨᠢ ᠵᠦᠪᠰᠢᠶᠡᠷᠡᠭᠰᠡᠨ | ᠪᠠᠶᠢᠬᠤ ᠬᠡᠷᠡᠭᠳᠡᠢ︔ ᠬᠠᠤᠯᠢ ᠶᠤᠰᠤᠭᠠᠷ ᠬᠤᠯᠪᠤᠨᠨᠳᠠᠯ ᠪᠦᠭᠦᠢ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ | ᠴᠢᠬᠤᠯᠠ ᠲᠠᠢ ᠪᠠᠶᠢᠪᠠᠯ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠤ ᠮᠡᠳᠡᠭᠦᠯᠦᠨ ᠵᠦᠪᠰᠢᠶᠡᠷᠡᠭᠦᠯᠬᠦ ᠶᠢᠨ ᠬᠠᠮᠳᠤ᠂ | ᠬᠠᠯᠬᠠᠪᠴᠢ ᠬᠡᠷᠡᠰᠬᠡ᠂ ᠰᠡᠷᠡᠮᠵᠢᠯᠡᠬᠦᠯᠬᠦ ᠲᠡᠮᠳᠡᠭ ᠪᠤᠶᠤ ᠲᠤᠬᠢᠶᠠᠨ ᠤ ᠪᠡᠯᠡᠳᠬᠡᠮᠵᠢ ᠲᠤᠬᠢᠷᠠᠭᠤᠯᠵᠦ᠂ ᠴᠢᠬᠤᠯᠠ | ᠪᠦᠭᠦᠢ ᠤᠷᠤᠯᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠳᠡᠢ᠃ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠨᠢ | ᠲᠤᠯᠪᠠᠯ᠂ ᠰᠠᠭᠠᠳ ᠦᠬᠡᠢ ᠶᠢᠨ ᠪᠡᠯᠡᠳᠬᠡᠮᠵᠢ ᠶᠢ ᠬᠡᠷᠡᠭᠯᠡᠬᠦ ᠦᠢᠯᠡᠳᠦᠯ ᠴᠢᠳᠠᠮᠵᠢ ᠶᠢ ᠨᠢ ᠴᠠᠭ ᠲᠤᠬᠠᠢ ᠳᠤᠨᠢ | ᠰᠡᠷᠭᠦᠬᠡᠬᠦ ᠬᠡᠷᠡᠭᠳᠡᠢ᠃ | ᠠᠷᠪᠠᠨ ᠲᠤᠯᠤᠳᠤᠭᠠᠷ ᠵᠦᠢᠯ ᠬᠤᠳᠠ ᠪᠠᠯᠭᠠᠰᠤᠨ ᠳᠤ ᠨᠢᠬᠡᠨᠳᠡ ᠪᠠᠶᠢᠭᠤᠯᠤᠨᠨᠰᠠᠨ ᠰᠠᠭᠠᠳ | ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠠᠶᠢᠭᠤᠯᠬᠤ ᠪᠠᠷᠢᠮᠵᠢᠶᠠᠨ ᠳᠤ ᠦᠯᠦ ᠨᠡᠶᠢᠴᠡᠬᠦ ᠵᠠᠮ᠂ ᠬᠤᠳᠠ ᠶᠢᠨ | ᠠᠭᠤᠳᠠᠮ ᠲᠠᠯᠠᠪᠠᠢ᠂ ᠬᠤᠳᠠ ᠶᠢᠨ ᠵᠦᠯᠬᠡ ᠭᠠᠵᠠᠷ᠂ ᠤᠯᠠᠨ ᠨᠡᠶᠢᠳᠡ ᠶᠢᠨ ᠪᠠᠷᠢᠯᠭ᠎ᠠ᠂ ᠤᠯᠠᠨ ᠨᠡᠶᠢᠳᠡ ᠶᠢᠨ ᠵᠠᠮ | ᠬᠠᠷᠢᠯᠴᠠᠭᠠᠨ ᠤ ᠪᠡᠯᠡᠳᠬᠡᠮᠵᠢ᠂ ᠤᠷᠤᠨ ᠰᠠᠭᠤᠴᠠ ᠶᠢᠨ ᠪᠠᠷᠢᠯᠭ᠎ᠠ᠂ ᠤᠷᠤᠨ ᠰᠠᠭᠤᠴᠠ ᠶᠢᠨ ᠲᠤᠭᠤᠷᠢᠭ ᠪᠠᠶᠢᠪᠠᠯ᠂ | ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠨᠢ ᠰᠠᠭᠠᠳ ᠦᠬᠡᠢ ᠶᠢᠨ | ᠪᠡᠯᠡᠳᠬᠡᠮᠵᠢ ᠶᠢ ᠦᠬᠡᠷᠡᠴᠢᠯᠡᠨ ᠵᠠᠰᠠᠬᠤ ᠲᠦᠯᠦᠪᠯᠡᠭᠡ ᠲᠤᠨᠨᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ | ᠬᠡᠷᠡᠭᠵᠢᠬᠦᠯᠬᠦ ᠬᠡᠷᠡᠭᠳᠡᠢ᠃ ᠰᠠᠭᠠᠳ ᠦᠬᠡᠢ ᠶᠢᠨ ᠪᠡᠯᠡᠳᠬᠡᠮᠵᠢ ᠶᠢᠨ ᠦᠬᠡᠷᠡᠴᠢᠯᠡᠨ ᠰᠢᠨᠡᠳᠬᠡᠬᠦ ᠶᠢ ᠦᠮᠴᠢᠯᠡᠬᠦ | ᠡᠷᠬᠡ ᠲᠠᠢ ᠭᠦᠮᠦᠨ ᠪᠤᠶᠤ ᠬᠠᠮᠢᠶᠠᠷᠬᠤ ᠭᠦᠮᠦᠨ ᠨᠢ ᠬᠠᠷᠢᠭᠤᠴᠠᠬᠤ ᠬᠡᠷᠡᠭᠳᠡᠢ᠃ | ᠠᠷᠪᠠᠨ ᠨᠠᠢᠮᠠᠳᠣᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ | ᠤᠷᠳᠤᠨ ᠨᠢ ᠡᠩ ᠲᠡᠷᠢᠬᠦᠨ ᠳᠤ ᠲᠤᠤᠷᠠᠬᠢ ᠪᠠᠶᠢᠭᠤᠯᠤᠮᠵᠢ᠂ ᠲᠠᠯᠠᠪᠤᠷ ᠭᠠᠵᠠᠷ ᠲᠠᠬᠢ ᠰᠠᠭᠠᠳ ᠦᠬᠡᠢ ᠶᠢᠨ | ᠪᠡᠯᠡᠳᠬᠡᠮᠵᠢ ᠶᠢᠨ ᠦᠬᠡᠷᠡᠴᠢᠯᠡᠨ ᠵᠠᠰᠠᠬᠤ ᠶᠢ ᠠᠬᠢᠭᠤᠯᠬᠤ ᠬᠡᠷᠡᠭᠳᠡᠢ᠄ | ︵ᠨᠢᠬᠡ︶ ᠤᠨᠴᠤᠭᠤᠢ ᠰᠤᠷᠭᠠᠨ ᠭᠦᠮᠦᠵᠢᠯ᠂ ᠡᠷᠡᠭᠦᠯᠵᠢᠯ᠂ ᠨᠠᠶᠢᠳᠠᠨ ᠲᠡᠵᠢᠬᠡᠯᠬᠡᠬᠦ᠂ ᠨᠡᠶᠢᠬᠡᠮ ᠤᠨ | ᠠᠰᠠᠷᠠᠮᠵᠢ ᠵᠡᠷᠬᠡ ᠪᠠᠶᠢᠭᠤᠯᠤᠮᠵᠢ︔ | ︵ᠬᠤᠶᠠᠷ︶ ᠲᠦᠷᠦ ᠶᠢᠨ ᠪᠠᠶᠢᠭᠤᠯᠭ᠎ᠠ ᠶᠢᠨ ᠤᠯᠠᠨ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ︔ | ︵ᠭᠤᠷᠪᠠ︶ ᠰᠤᠷᠭᠠᠭᠤᠯᠢ᠂ ᠡᠮᠨᠡᠯᠬᠡ ᠶᠢᠨ ᠬᠤᠷᠢᠶ᠎ᠠ᠂ ᠪᠡᠶ᠎ᠡ ᠶᠢᠨ ᠲᠠᠮᠢᠷ ᠤᠨ ᠲᠠᠯᠠᠪᠠᠢ ᠤᠷᠳᠤᠨ᠂ | ᠨᠤᠮ ᠤᠨ ᠰᠠᠩ᠂ ᠰᠤᠶᠤᠯ ᠤᠨ ᠤᠷᠳᠤᠨ᠂ ᠮᠦᠽᠸᠢ᠂ ᠰᠢᠨᠵᠢᠯᠡᠬᠦ ᠤᠬᠠᠭᠠᠨ ᠮᠡᠷᠬᠡᠵᠢᠯ ᠤᠨ ᠤᠷᠳᠤᠨ᠂ ᠺᠢᠨᠤ᠋ | ᠵᠦᠴᠦᠬᠡ ᠶᠢᠨ ᠲᠢᠶᠠᠳ᠋ᠷ ᠵᠡᠷᠬᠡ ᠤᠯᠠᠨ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ︔ | ︵ᠲᠦᠷᠪᠡ︶ ᠨᠢᠰᠬᠡᠯ ᠤᠨ ᠪᠠᠭᠤᠳᠠᠯ᠂ ᠭᠠᠯᠳᠤ ᠲᠡᠷᠬᠡᠨ ᠤ ᠦᠷᠳᠡᠭᠡ᠂ ᠮᠠᠰᠢᠨ ᠲᠡᠷᠬᠡ ᠶᠢᠨ ᠠᠶᠠᠨᠴᠢᠨ ᠤ | ᠲᠡᠬᠡᠬᠡᠪᠦᠷᠢ ᠶᠢᠨ ᠦᠷᠳᠡᠭᠡ ᠵᠡᠷᠬᠡ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠦᠢᠯᠡᠴᠢᠯᠡᠬᠡᠨ ᠤ ᠲᠠᠯᠠᠪᠤᠷ ᠭᠠᠵᠠᠷ︔ | | ︵ᠲᠠᠪᠤ︶ ᠮᠦᠩᠭᠦᠨ ᠭᠦᠢᠯᠬᠡᠬᠡ᠂ ᠰᠢᠤᠳᠠᠨ᠂ ᠴᠢᠮᠡᠭᠡ ᠬᠤᠯᠪᠤᠭ᠎ᠠ᠂ ᠬᠤᠳᠠᠯᠳᠤᠭᠠᠨ ᠤ ᠦᠢᠯᠡᠰ᠂ | ᠵᠢᠭᠤᠯᠴᠢᠯᠠᠯ ᠵᠡᠷᠬᠡ ᠤᠯᠠᠨ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ︔ | ︵ᠵᠢᠷᠭᠤᠭ᠎ᠠ︶ ᠬᠤᠳᠠ ᠶᠢᠨ ᠭᠤᠤᠯ ᠵᠠᠮ᠂ ᠲᠠᠯᠠᠪᠠᠢ᠂ ᠵᠦᠯᠬᠡ ᠭᠠᠵᠠᠷ᠂ ᠴᠡᠴᠡᠷᠯᠢᠭ ᠵᠡᠷᠬᠡ ᠤᠯᠠᠨ | ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ︔ | ︵ᠲᠤᠯᠤᠭ᠎ᠠ︶ ᠵᠡᠮᠳᠡᠭᠴᠦᠳ ᠤᠨ ᠠᠵᠢᠯ᠂ ᠠᠮᠢᠳᠤᠷᠠᠯ ᠲᠠᠢ ᠨᠢᠨᠨᠳᠡ ᠬᠤᠯᠪᠤᠭ᠎ᠠ ᠪᠦᠭᠦᠢ ᠪᠤᠰᠤᠳ | ᠦᠢᠯᠡᠴᠢᠯᠡᠬᠡᠨ ᠤ ᠲᠠᠯᠠᠪᠤᠷ ᠭᠠᠵᠠᠷ︔ | ᠠᠷᠪᠠ ᠶᠢᠰᠦᠳᠦᠬᠡᠷ ᠵᠦᠢᠯ ᠤᠯᠠᠨ ᠨᠡᠶᠢᠳᠡ ᠶᠢᠨ ᠮᠠᠰᠢᠨ ᠲᠡᠷᠬᠡ᠂ ᠬᠤᠳᠠ ᠶᠢᠨ ᠵᠢᠮᠳᠤ ᠵᠠᠮ | ᠬᠠᠷᠢᠯᠴᠠᠭᠠᠨ ᠤ ᠲᠡᠷᠬᠡ ᠭᠦᠰᠬᠡ ᠶᠢᠨ ᠵᠤᠨᠨᠰᠤᠬᠤ ᠦᠷᠳᠡᠭᠡ ᠳᠤ ᠬᠠᠷᠠᠭ᠎ᠠ ᠠᠯᠳ᠋ᠬᠠᠰᠠᠳ ᠤᠨ ᠲᠡᠮᠳᠡᠷᠢᠬᠦᠯ | ᠦᠰᠦᠭ ᠲᠠᠢ ᠦᠷᠳᠡᠬᠡᠨ ᠫᠠᠶᠢᠰᠠ ᠲᠤᠬᠢᠷᠠᠭᠤᠯᠬᠤ ᠳᠤ᠂ ᠦᠷᠳᠡᠬᠡᠨ ᠫᠠᠶᠢᠰᠠ ᠶᠢᠨ ᠤᠷᠤᠨ ᠪᠠᠶᠢᠷᠢ᠂ ᠦᠨᠳᠦᠷᠴᠡ᠂ | ᠬᠡᠯᠪᠡᠷᠢ ᠪᠠ ᠠᠭᠤᠯᠭ᠎ᠠ ᠶᠢ ᠵᠠᠪᠠᠯ ᠬᠠᠷᠠᠭ᠎ᠠ ᠨᠢ ᠰᠠᠭᠠᠳ ᠲᠠᠢ ᠭᠦᠮᠦᠰ ᠤᠨ ᠬᠡᠷᠡᠭᠯᠡᠬᠦ ᠳᠤ ᠲᠤᠬᠢᠷᠠᠭᠤᠯᠤᠨᠨᠰᠠᠨ | ᠪᠠᠶᠢᠬᠤ ᠬᠡᠷᠡᠭᠳᠡᠢ᠃ ᠤᠯᠠᠨ ᠨᠡᠶᠢᠳᠡ ᠶᠢᠨ ᠮᠠᠰᠢᠨ ᠲᠡᠷᠬᠡ ᠪᠠ ᠵᠢᠮᠳᠤ ᠵᠠᠮ ᠬᠠᠷᠢᠯᠴᠠᠭᠠᠨ ᠤ ᠲᠡᠷᠬᠡ ᠭᠦᠰᠬᠡ ᠳᠤ | ᠠᠯᠬᠤᠮ ᠠᠯᠬᠤᠮ ᠢᠶᠠᠷ ᠵᠤᠨᠨᠰᠤᠭᠠᠯ ᠦᠷᠳᠡᠭᠡ ᠶᠢ ᠦᠰᠦᠭ ᠲᠠᠢ ᠲᠡᠯᠬᠡᠴᠡ ᠂ ᠠᠪᠢᠶ᠎ᠠ ᠪᠠᠷ ᠮᠡᠳᠡᠬᠡᠯᠡᠬᠦ ᠲᠤᠨᠤᠨᠨᠯᠠᠯ ᠪᠠ | ᠬᠠᠷᠠᠭ᠎ᠠ ᠨᠢ ᠰᠠᠭᠠᠳ ᠲᠠᠢ ᠭᠦᠮᠦᠰ ᠤᠨ ᠢᠯᠭᠠᠨ ᠲᠠᠨᠢᠵᠦ ᠴᠢᠳᠠᠬᠤᠶᠢᠴᠠ ᠲᠡᠷᠬᠡ ᠭᠦᠰᠬᠡ ᠶᠢᠨ ᠵᠠᠮᠴᠢᠯᠠᠬᠤ | ᠰᠢᠰᠲ᠋ᠧᠮ ᠤᠨᠨᠰᠠᠷᠠᠬᠤ ᠬᠡᠷᠡᠭᠳᠡᠢ᠃ | ᠬᠤᠷᠢᠳᠤᠭᠠᠷ ᠵᠦᠢᠯ ᠲᠤᠤᠷᠠᠬᠢ ᠲᠡᠷᠬᠡ ᠵᠤᠨᠨᠰᠤᠬᠤ ᠲᠠᠯᠠᠪᠤᠷ ᠲᠤ ᠵᠠᠪᠠᠯ ︽ᠰᠠᠭᠠᠳ ᠦᠬᠡᠢ ᠶᠢᠨ | ᠵᠦᠢᠯᠡᠰ ᠢ ᠵᠢᠷᠤᠵᠦ ᠲᠦᠯᠦᠪᠯᠡᠬᠦ ᠵᠢᠷᠤᠮᠵᠢᠯ︾᠂ ︽ᠬᠤᠳᠠ ᠶᠢᠨ ᠤᠯᠠᠨ ᠨᠡᠶᠢᠳᠡ ᠶᠢᠨ ᠲᠡᠷᠬᠡ | ᠵᠤᠨᠨᠰᠤᠬᠤ ᠲᠡᠯᠠᠪᠤᠷ ᠤᠨ ᠪᠠᠷᠢᠯᠭ᠎ᠠ ᠶᠢᠨ ᠲᠦᠷᠦᠯ ᠵᠦᠢᠯ ᠢ ᠪᠦᠳᠦᠬᠡᠨ ᠪᠠᠶᠢᠭᠤᠯᠬᠤ ᠪᠠᠷᠢᠮᠵᠢᠶ᠎ᠠ︾ ᠵᠡᠷᠬᠡ | ᠤᠯᠤᠰ ᠤᠨ ᠪᠠᠷᠢᠮᠵᠢᠶ᠎ᠠ ᠶᠤᠰᠤᠭᠠᠷ᠂ ᠶᠠᠪᠤᠵᠦ ᠵᠤᠷᠴᠢᠬᠤ ᠳᠤ ᠲᠦᠭᠦᠮ ᠪᠠᠶᠢᠬᠤ ᠤᠷᠤᠨ ᠪᠠᠶᠢᠷᠢ ᠳᠤ ᠰᠠᠭᠠᠳ | ᠦᠬᠡᠢ ᠪᠠᠷ ᠲᠡᠷᠬᠡ ᠵᠤᠨᠨᠰᠤᠬᠤ ᠤᠷᠤ ᠶᠢ ᠲᠤᠬᠢᠷᠠᠭᠤᠯᠬᠤ ᠶᠢᠨ ᠬᠠᠮᠳᠤ ᠲᠤᠳᠤᠷᠬᠠᠶᠢᠯᠠᠬᠤ ᠬᠡᠷᠡᠭᠳᠡᠢ᠄ | ︵ᠨᠢᠬᠡ︶ ᠲᠦᠷᠦ ᠶᠢᠨ ᠪᠠᠶᠢᠭᠤᠯᠭ᠎ᠠ ᠶᠢᠨ ᠤᠯᠠᠨ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ ᠲᠠᠬᠢ | ᠲᠡᠷᠬᠡ ᠵᠤᠨᠨᠰᠤᠭᠠᠬᠤ ᠲᠠᠯᠠᠪᠤᠷ︔ | ︵ᠬᠤᠶᠠᠷ︶ ᠲᠤᠮᠤ ᠬᠡᠯᠪᠡᠷᠢ ᠶᠢᠨ ᠬᠤᠳᠠᠯᠳᠤᠭᠠᠨ ᠤ ᠭᠠᠵᠠᠷ᠂ ᠬᠤᠶᠠᠳᠤᠭᠠᠷ ᠲᠡᠰ ᠠᠴᠠ ᠲᠡᠬᠡᠭᠰᠢᠬᠢ | ᠡᠮᠨᠡᠯᠬᠡ ᠶᠢᠨ ᠬᠤᠷᠢᠶ᠎ᠠ᠂ ᠭᠤᠷᠪᠠᠨ ᠤᠳᠤ ᠲᠠᠢ ᠶᠢᠨ ᠲᠡᠰ ᠠᠴᠠ ᠲᠡᠬᠡᠭᠰᠢᠬᠢ ᠪᠠᠭᠤᠳᠠᠯ ᠤᠨ ᠲᠡᠷᠬᠡ ᠵᠤᠨᠨᠰᠤᠭᠠᠬᠤ | ᠲᠠᠯᠠᠪᠤᠷ︔ | ︵ᠭᠤᠷᠪᠠ︶ ᠵᠡᠮᠳᠡᠭᠴᠦᠳ ᠤᠨ ᠦᠢᠯᠡᠴᠢᠯᠡᠭᠡ᠂ ᠤᠨᠴᠤᠭᠤᠢ ᠰᠤᠷᠭᠠᠨ ᠭᠦᠮᠦᠵᠢᠯ᠂ ᠡᠷᠡᠭᠦᠯᠵᠢᠯ᠂ ᠨᠠᠶᠢᠳᠠᠨ | ᠲᠡᠵᠢᠬᠡᠯᠬᠡᠬᠦ᠂ ᠪᠤᠯᠪᠠᠰᠤᠷᠭᠠᠤᠯᠤᠯ ᠵᠡᠷᠬᠡ ᠪᠠᠶᠢᠭᠤᠯᠤᠮᠵᠢ ᠶᠢᠨ ᠦᠢᠯᠡᠴᠢᠯᠡᠬᠡᠨ ᠤ ᠲᠠᠯᠠᠪᠤᠷ ᠭᠠᠵᠠᠷ ᠤᠨ ᠲᠡᠷᠬᠡ | ᠵᠤᠨᠨᠰᠤᠭᠠᠬᠤ ᠲᠠᠯᠠᠪᠤᠷ︔ | ︵ᠲᠦᠷᠪᠡ︶ ᠲᠡᠷᠬᠡ ᠵᠤᠨᠨᠰᠤᠬᠤ ᠤᠷᠤ ᠨᠢ ᠲᠠᠪᠢ ᠠᠴᠠ ᠲᠡᠬᠡᠭᠰᠢᠬᠢ ᠪᠠᠶᠢᠬᠤ ᠤᠯᠠᠨ ᠨᠡᠶᠢᠳᠡ ᠶᠢᠨ ᠲᠡᠷᠬᠡ | ᠵᠤᠨᠨᠰᠤᠭᠠᠬᠤ ᠲᠠᠯᠠᠪᠤᠷ︔ | ︵ᠲᠠᠪᠤ︶ ᠤᠷᠤᠨ ᠰᠠᠭᠤᠴᠠ ᠶᠢᠨ ᠲᠤᠮᠤ ᠲᠤᠭᠤᠷᠢᠭ ᠲᠠᠬᠢ ᠤᠯᠠᠨ ᠨᠡᠶᠢᠳᠡ ᠶᠢᠨ ᠲᠡᠷᠬᠡ ᠵᠤᠨᠨᠰᠤᠭᠠᠬᠤ | ᠲᠠᠯᠠᠪᠤᠷ᠃ ᠰᠠᠭᠠᠳ ᠦᠬᠡᠢ ᠪᠠᠷ ᠲᠡᠷᠬᠡ ᠵᠤᠨᠨᠰᠤᠭᠠᠬᠤ ᠤᠷᠤ ᠶᠢ ᠦᠶ᠎ᠡ ᠮᠦᠴᠢ ᠨᠢ ᠵᠡᠮᠳᠡᠭ ᠵᠢᠯᠤᠭᠤᠴᠢ ᠪᠤᠶᠤ | ᠲᠡᠳᠡᠨ ᠤ ᠰᠠᠭᠤᠨᠨᠰᠠᠨ ᠮᠠᠰᠢᠨᠳᠤ ᠲᠡᠷᠬᠡ ᠵᠤᠨᠨᠰᠤᠭᠠᠬᠤ ᠳᠤ ᠲᠤᠰᠬᠠᠢ ᠬᠡᠷᠡᠭᠯᠡᠬᠦᠯᠦᠨ᠂ ᠰᠠᠭᠠᠳ ᠦᠬᠡᠢ ᠪᠠᠷ ᠲᠡᠷᠬᠡ | ᠵᠤᠨᠨᠰᠤᠭᠠᠬᠤ ᠤᠷᠤ ᠶᠢᠨ ᠭᠠᠵᠠᠷ ᠤᠨ ᠭᠠᠳᠠᠷᠭᠤ ᠶᠢ ᠵᠡᠮᠳᠡᠭᠴᠦᠳ ᠲᠤ ᠲᠤᠰᠬᠠᠢ ᠬᠡᠷᠡᠭᠯᠡᠬᠦᠯᠬᠦ ᠲᠡᠷᠬᠡ ᠵᠤᠨᠨᠰᠤᠭᠠᠬᠤ | ᠤᠷᠤ ᠶᠢᠨ ᠲᠡᠮᠳᠡᠭᠳᠦ ᠵᠢᠷᠤᠭᠠᠰᠤ᠂ ᠭᠦᠷᠳᠦᠳᠦ ᠲᠡᠷᠬᠡ ᠨᠡᠪᠳᠡᠷᠡᠬᠦ ᠵᠢᠷᠤᠭᠠᠰᠤ ᠪᠠ ᠰᠠᠭᠠᠳ ᠦᠬᠡᠢ ᠶᠢᠨ ᠲᠡᠮᠳᠡᠭ ᠢ | ᠦᠩᠬᠡᠯᠡᠨ ᠪᠤᠳᠤᠬᠤ ᠬᠡᠷᠡᠭᠳᠡᠢ᠃ ᠦᠶ᠎ᠡ ᠮᠦᠴᠢ ᠨᠢ ᠵᠡᠮᠳᠡᠭᠴᠦᠳ ᠰᠠᠭᠠᠳ ᠦᠬᠡᠢ ᠪᠠᠷ ᠲᠡᠷᠬᠡ ᠵᠤᠨᠨᠰᠤᠭᠠᠬᠤ | ᠤᠷᠤ ᠶᠢ ᠬᠡᠷᠡᠭᠯᠡᠬᠦ ᠳᠤ᠂ ᠵᠠᠪᠠᠯ ᠲᠡᠷᠬᠡ ᠭᠦᠰᠬᠡ ᠶᠢᠨ ᠢᠯᠡ ᠪᠠᠶᠢᠷᠢᠨ ᠳᠤ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠢ ᠲᠠᠯᠪᠢᠬᠤ ᠬᠡᠷᠡᠭᠳᠡᠢ᠃ ᠲᠡᠷᠬᠡ ᠵᠤᠨᠨᠰᠤᠭᠠᠬᠤ ᠲᠠᠯᠠᠪᠤᠷ ᠤᠨ | ᠡᠵᠡᠩᠨᠡᠭᠴᠢᠳ ᠢ ᠵᠤᠷᠢᠨᠨᠵᠢᠭᠤᠯᠵᠦ ᠵᠡᠮᠳᠡᠭᠴᠦᠳ ᠤᠨ ᠲᠡᠷᠬᠡ ᠵᠤᠨᠨᠰᠤᠭᠠᠬᠤ ᠵᠠᠷᠤᠳᠠᠯ ᠢ ᠨᠢ ᠬᠡᠯᠳᠦᠷᠢᠬᠦᠯᠬᠦ ᠪᠤᠶᠤ | ᠪᠠᠭᠠᠰᠬᠠᠬᠤ ᠬᠡᠷᠡᠭᠳᠡᠢ᠃ | ᠬᠤᠷᠢᠨ ᠨᠢᠬᠡᠳᠦᠬᠡᠷ ᠵᠦᠢᠯ ᠬᠠᠷᠠᠭ᠎ᠠ ᠨᠢ ᠰᠠᠭᠠᠳ ᠲᠠᠢ ᠭᠦᠮᠦᠰ ᠭᠦᠳᠦᠴᠢ ᠨᠤᠬᠠᠢ ᠭᠦᠳᠦᠯᠵᠦ | ᠤᠯᠠᠨ ᠨᠡᠶᠢᠳᠡ ᠶᠢᠨ ᠲᠠᠯᠠᠪᠤᠷ ᠭᠠᠵᠠᠷ ᠢᠶᠠᠷ ᠤᠷᠤᠵᠦ ᠭᠠᠷᠬᠤ ᠪᠠ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠲᠡᠷᠬᠡ | ᠭᠦᠰᠬᠡ ᠳᠤ ᠰᠠᠭᠤᠪᠠᠯ᠂ ᠵᠠᠪᠠᠯ ᠤᠯᠤᠰ ᠤᠨ ᠬᠤᠯᠪᠤᠨᠨᠳᠠᠯ ᠪᠦᠭᠦᠢ ᠲᠤᠨᠨᠳᠠᠭᠠᠯ ᠢ ᠵᠢᠷᠤᠮᠯᠠᠨ᠎ᠠ᠂ ᠤᠯᠠᠨ ᠨᠡᠶᠢᠳᠡ ᠶᠢᠨ | ᠲᠠᠯᠠᠪᠤᠷ ᠭᠠᠵᠠᠷ ᠲᠠᠬᠢ ᠠᠵᠢᠯᠳᠠᠳ ᠨᠢ ᠵᠠᠪᠠᠯ ᠤᠯᠤᠰ ᠤᠨ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠰᠠᠭᠠᠳ | ᠦᠬᠡᠢ ᠶᠢᠨ ᠦᠢᠯᠡᠴᠢᠯᠡᠭᠡ ᠬᠠᠩᠭᠠᠵᠦ ᠦᠭᠭᠦ ᠬᠡᠷᠡᠭᠳᠡᠢ᠃ | ᠭᠤᠷᠪᠠᠳᠤᠭᠠᠷ ᠪᠦᠯᠦᠭ ᠰᠠᠭᠠᠳ ᠦᠬᠡᠢ ᠶᠢᠨ ᠮᠡᠳᠡᠭᠡ ᠵᠠᠩᠬᠢ ᠶᠢᠨ ᠰᠤᠯᠢᠯᠴᠠᠭ᠎ᠠ | ᠬᠤᠷᠢᠨ ᠬᠤᠶᠠᠳᠤᠭᠠᠷ ᠵᠦᠢᠯ ᠤᠯᠤᠰ ᠪᠠ ᠦᠪᠡᠷᠳᠡᠬᠡᠨ ᠵᠠᠰᠠᠬᠤ ᠤᠷᠤᠨ ᠠᠴᠠ ᠡᠷᠬᠢᠯᠡᠭᠰᠡᠨ ᠡᠯ᠎ᠡ | ᠲᠦᠷᠦᠯ ᠤᠨ ᠰᠤᠷᠭᠠᠭᠤᠯᠢ ᠳᠤ ᠲᠡᠪᠰᠢᠬᠦ᠂ ᠠᠵᠢᠯ ᠮᠡᠷᠬᠡᠵᠢᠯ ᠤᠨ ᠬᠢᠷᠢ ᠬᠡᠮ᠂ ᠲᠤᠰᠢᠶᠠᠯ ᠳᠤ ᠲᠤᠮᠢᠯᠬᠠᠳᠠᠬᠤ ᠵᠡᠷᠬᠡ | ᠰᠢᠯᠭᠠᠯᠳᠠ ᠳᠤ᠂ ᠬᠠᠷᠠᠭ᠎ᠠ ᠨᠢ ᠰᠠᠭᠠᠳ ᠲᠠᠢ ᠭᠦᠮᠦᠨ ᠤᠷᠤᠯᠴᠬᠠᠰᠠᠨ ᠪᠠᠶᠢᠪᠠᠯ᠂ ᠰᠢᠯᠭᠠᠯᠳᠠ ᠵᠤᠬᠢᠶᠠᠨ ᠪᠠᠶᠢᠭᠤᠯᠵᠦ | ᠪᠠᠶᠢᠭ᠎ᠠ ᠨᠢᠬᠡᠴᠡ ᠨᠢ ᠬᠠᠷᠠᠭ᠎ᠠ ᠨᠢ ᠰᠠᠭᠠᠳ ᠲᠠᠢ ᠭᠦᠮᠦᠰ ᠲᠤ ᠬᠠᠷᠠᠭ᠎ᠠ ᠠᠯᠳ᠋ᠬᠠᠰᠠᠳ ᠤᠨ ᠲᠡᠮᠳᠡᠷᠢᠬᠦᠯ ᠦᠰᠦᠭ ᠤᠨ | ᠰᠢᠯᠭᠠᠯᠳᠠ ᠶᠢᠨ ᠬᠠᠭᠤᠳᠠᠰᠤ᠂ ᠡᠯᠧᠺᠳ᠋ᠷᠤᠨ ᠰᠢᠯᠭᠠᠯᠳᠠ ᠶᠢᠨ ᠬᠠᠭᠤᠳᠠᠰᠤ ᠬᠠᠩᠭᠠᠬᠤ ᠪᠤᠶᠤ ᠠᠵᠢᠯᠳᠠᠳ ᠨᠢ | ᠬᠠᠮᠵᠢᠯᠴᠠᠬᠤ ᠬᠡᠷᠡᠭᠳᠡᠢ᠃ | ᠬᠤᠷᠢᠨ ᠭᠤᠷᠪᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ᠂ | ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ | ᠪᠠᠶᠢᠭᠤᠯᠤᠨᠨᠰᠠᠨ ᠲᠧᠯᠸᠢᠰ ᠬᠤᠷᠢᠶ᠎ᠠ ᠨᠢ ᠲᠤᠬᠢᠶᠠᠨ ᠤ ᠬᠡᠯᠡ ᠲᠤᠬᠢᠷᠠᠭᠤᠯᠤᠨᠨᠰᠠᠨ ᠰᠤᠨᠢᠨ ᠮᠡᠳᠡᠬᠡᠨ ᠤ ᠲᠡᠯᠬᠡᠴᠡ ᠶᠢ | ᠭᠠᠷᠠᠭ ᠲᠤ ᠨᠠᠭᠠᠳᠤ ᠵᠠᠬ᠎ᠠ ᠳᠠᠭᠠᠨ ᠨᠢᠬᠡ ᠤᠳᠠᠭ᠎ᠠ ᠨᠡᠪᠳᠡᠷᠡᠬᠦᠯᠵᠦ᠂ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠠᠴᠠ ᠪᠠᠶᠢᠭᠤᠯᠤᠨᠨᠰᠠᠨ ᠲᠧᠯᠸᠢᠰ ᠬᠤᠷᠢᠶ᠎ᠠ ᠨᠢ ᠲᠤᠬᠢᠶᠠᠨ ᠤ ᠬᠡᠯᠡ ᠲᠤᠬᠢᠷᠠᠭᠤᠯᠤᠨᠨᠰᠠᠨ ᠰᠤᠨᠢᠨ | ᠮᠡᠳᠡᠬᠡᠨ ᠤ ᠲᠡᠯᠬᠡᠴᠡ ᠶᠢ ᠠᠯᠬᠤᠮ ᠠᠯᠬᠤᠮ ᠢᠶᠠᠷ ᠨᠡᠪᠳᠡᠷᠡᠬᠦᠯᠬᠦ ᠬᠡᠷᠡᠭᠳᠡᠢ᠃ | ᠬᠤᠷᠢᠨ ᠲᠦᠷᠪᠡᠳᠦᠬᠡᠷ ᠵᠦᠢᠯ ᠰᠤᠨᠤᠷ ᠨᠢ ᠰᠠᠭᠠᠳ ᠲᠠᠢ ᠭᠦᠮᠦᠰ ᠲᠦᠪᠯᠡᠷᠡᠨ ᠤᠷᠤᠯᠴᠠᠬᠤ ᠬᠤᠷᠠᠯ | ᠪᠠ ᠠᠵᠢᠯᠯᠠᠭ᠎ᠠ ᠡᠷᠬᠢᠯᠡᠬᠦ ᠳᠤ᠂ ᠡᠷᠬᠢᠯᠡᠬᠦ ᠨᠢᠬᠡᠴᠡ ᠨᠢ ᠵᠠᠪᠠᠯ ᠲᠤᠬᠢᠶᠠᠨ ᠤ ᠬᠡᠯᠡᠨ ᠤ ᠦᠢᠯᠡᠴᠢᠯᠡᠭᠡ ᠬᠠᠩᠭᠠᠬᠤ ᠪᠤᠶᠤ | ᠦᠰᠦᠭ ᠤᠨ ᠲᠡᠯᠬᠡᠴᠡ ᠲᠤᠬᠢᠷᠠᠭᠤᠯᠬᠤ ᠬᠡᠷᠡᠭᠳᠡᠢ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ | ᠵᠠᠰᠠᠭ ᠤᠨ ᠤᠷᠳᠤᠨ ᠠᠴᠠ ᠪᠠᠶᠢᠭᠤᠯᠤᠨᠨᠰᠠᠨ ᠤᠯᠠᠨ ᠨᠡᠶᠢᠳᠡ ᠶᠢᠨ ᠨᠤᠮ ᠤᠨ ᠰᠠᠩ ᠨᠢ ᠵᠠᠪᠠᠯ ᠬᠠᠷᠠᠭ᠎ᠠ ᠨᠢ | ᠰᠠᠭᠠᠳ ᠲᠠᠢ ᠭᠦᠮᠦᠰ ᠤᠨ ᠤᠩᠰᠢᠯᠭ᠎ᠠ ᠶᠢᠨ ᠲᠠᠰᠤᠭ ᠭᠠᠷᠭᠠᠨ᠂ ᠬᠠᠷᠠᠭ᠎ᠠ ᠠᠯᠳ᠋ᠬᠠᠰᠠᠳ ᠤᠨ ᠲᠡᠮᠳᠡᠷᠢᠬᠦᠯ | ᠦᠰᠦᠭ ᠲᠠᠢ ᠤᠩᠰᠢᠬᠤ ᠪᠢᠴᠢᠭ᠂ ᠲᠠᠭᠤ ᠲᠠᠢ ᠤᠩᠰᠢᠬᠤ ᠪᠢᠴᠢᠭ ᠬᠠᠩᠭᠠᠵᠦ᠂ ᠠᠪᠢᠶᠠᠨ ᠲᠡᠯᠬᠡᠴᠡ ᠲᠠᠢ | ᠤᠩᠰᠢᠯᠭ᠎ᠠ ᠶᠢᠨ ᠵᠦᠬᠡᠯᠡᠨ ᠲᠤᠨᠤᠭ ᠲᠤᠬᠢᠷᠠᠭᠤᠯᠤᠨ᠂ ᠬᠠᠷᠠᠭ᠎ᠠ ᠨᠢ ᠰᠠᠭᠠᠳ ᠲᠠᠢ ᠭᠦᠮᠦᠰ ᠤᠨ ᠨᠤᠮ ᠪᠢᠴᠢᠭ | ᠤᠩᠰᠢᠬᠤ᠂ ᠢᠨᠲ᠋ᠧᠷ ᠰᠦᠯᠵᠢᠶ᠎ᠡ ᠬᠡᠷᠡᠭᠯᠡᠬᠦ ᠳᠤ ᠲᠦᠭᠦᠮ ᠦᠵᠡᠬᠦᠯᠬᠦ ᠬᠡᠷᠡᠭᠳᠡᠢ᠃ | ᠬᠤᠷᠢᠨ ᠵᠢᠷᠭᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ᠂ | ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ | ᠂ ᠵᠠᠰᠠᠭ ᠤᠨ ᠤᠷᠳᠤᠨ ᠤ ᠨᠡᠶᠢᠳᠡ ᠶᠢᠨ ᠠᠰᠠᠷᠠᠮᠵᠢ ᠶᠢᠨ ᠠᠵᠢᠯᠯᠠᠭᠠᠨ ᠤ ᠰᠦᠯᠵᠢᠶ᠎ᠡ᠂ ᠵᠡᠮᠳᠡᠭᠴᠦᠳ ᠤᠨ ᠵᠤᠬᠢᠶᠠᠨ | ᠪᠠᠶᠢᠭᠤᠯᠤᠨᠨᠰᠠᠨ ᠰᠦᠯᠵᠢᠶ᠎ᠡ ᠨᠢ ᠵᠠᠪᠠᠯ ᠰᠠᠭᠠᠳ ᠦᠬᠡᠢ ᠰᠦᠯᠵᠢᠶ᠎ᠡ ᠶᠢᠨ ᠵᠢᠷᠤᠭ ᠲᠦᠯᠦᠪᠯᠡᠭᠡ ᠶᠢᠨ ᠪᠠᠷᠢᠮᠵᠢᠶ᠎ᠠ ᠳᠤ | ᠭᠦᠷᠦᠭᠰᠡᠨ ᠪᠠᠶᠢᠬᠤ ᠬᠡᠷᠡᠭᠳᠡᠢ᠃ | ᠬᠤᠷᠢᠨ ᠲᠤᠯᠤᠳᠤᠭᠠᠷ ᠵᠦᠢᠯ ᠴᠢᠮᠡᠭᠡ ᠬᠤᠯᠪᠤᠭᠠᠨ ᠤ ᠲᠤᠬᠠᠶᠢᠯᠬᠠᠰᠠᠨ ᠠᠵᠢᠯ ᠤᠨ ᠡᠵᠡᠩᠨᠡᠭᠴᠢᠳ ᠨᠢ | ᠴᠢᠮᠡᠭᠡ ᠬᠤᠯᠪᠤᠭᠠᠨ ᠤ ᠦᠢᠯᠡᠴᠢᠯᠡᠭᠡ ᠬᠠᠩᠭᠠᠬᠤ ᠳᠤ᠂ ᠵᠠᠪᠠᠯ ᠨᠦᠭᠦᠴᠡᠯ ᠡᠭᠦᠳᠴᠤ ᠪᠠᠶᠢᠭᠠᠳ ᠬᠡᠷᠡᠭᠯᠡᠬᠦ | ᠱᠠᠭᠠᠷᠳᠠᠯᠭ᠎ᠠ ᠲᠠᠢ ᠰᠤᠨᠤᠷ ᠪᠠ ᠬᠡᠯᠡ ᠨᠢ ᠰᠠᠭᠠᠳ ᠲᠠᠢ ᠭᠦᠮᠦᠰ ᠲᠤ ᠦᠰᠦᠭ ᠪᠢᠴᠢᠭ ᠲᠠᠢ ᠮᠡᠳᠡᠭᠡ ᠵᠠᠩᠬᠢ ᠶᠢᠨ | ᠦᠢᠯᠡᠴᠢᠯᠡᠭᠡ ᠬᠠᠩᠭᠠᠵᠦ᠂ ᠬᠡᠷᠡᠭᠯᠡᠬᠦ ᠱᠠᠭᠠᠷᠳᠠᠯᠭ᠎ᠠ ᠲᠠᠢ ᠬᠠᠷᠠᠭ᠎ᠠ ᠨᠢ ᠰᠠᠭᠠᠳ ᠲᠠᠢ ᠭᠦᠮᠦᠰ ᠲᠤ ᠠᠪᠢᠶᠠᠨ ᠮᠡᠳᠡᠭᠡ | ᠵᠠᠩᠬᠢ ᠶᠢᠨ ᠦᠢᠯᠡᠴᠢᠯᠡᠭᠡ ᠬᠠᠩᠭᠠᠬᠤ ᠬᠡᠷᠡᠭᠳᠡᠢ᠃ | ᠲᠦᠷᠪᠡᠳᠦᠬᠡᠷ ᠪᠦᠯᠦᠭ ᠰᠠᠭᠠᠳ ᠦᠬᠡᠢ ᠶᠢᠨ ᠨᠡᠶᠢᠬᠡᠮ ᠲᠤᠭᠤᠷᠢᠭ ᠤᠨ ᠦᠢᠯᠡᠴᠢᠯᠡᠭᠡ | ᠬᠤᠷᠢᠨ ᠨᠠᠢᠮᠠᠳᠣᠭᠠᠷ ᠵᠦᠢᠯ ᠨᠡᠶᠢᠬᠡᠮ ᠲᠤᠭᠤᠷᠢᠭ ᠤᠨ ᠤᠯᠠᠨ ᠨᠡᠶᠢᠳᠡ ᠶᠢᠨ ᠦᠢᠯᠡᠴᠢᠯᠡᠬᠡᠨ ᠤ | ᠪᠡᠯᠡᠳᠬᠡᠮᠵᠢ ᠳᠤ ᠰᠠᠭᠠᠳ ᠦᠬᠡᠢ ᠶᠢᠨ ᠦᠢᠯᠡᠴᠢᠯᠡᠭᠡ ᠶᠢᠨ ᠦᠢᠯᠡᠳᠦᠯ ᠴᠢᠳᠠᠮᠵᠢ ᠶᠢ ᠠᠯᠬᠤᠮ ᠠᠯᠬᠤᠮ ᠢᠶᠠᠷ | ᠲᠡᠭᠦᠯᠳᠡᠷᠵᠢᠬᠦᠯᠵᠦ᠂ ᠨᠡᠶᠢᠬᠡᠮ ᠲᠤᠭᠤᠷᠢᠭ ᠤᠨ ᠠᠵᠢᠯᠯᠠᠭ᠎ᠠ ᠳᠤ ᠵᠡᠮᠳᠡᠭᠴᠦᠳ ᠵᠡᠷᠬᠡ ᠨᠡᠶᠢᠬᠡᠮ ᠤᠨ ᠪᠦᠷᠢᠯᠳᠦᠬᠦᠨ ᠤ | ᠤᠷᠤᠯᠴᠠᠬᠤ ᠳᠤ ᠲᠦᠭᠦᠮ ᠦᠵᠡᠬᠦᠯᠬᠦ ᠬᠡᠷᠡᠭᠳᠡᠢ᠃ | ᠬᠤᠷᠢ ᠶᠢᠰᠦᠳᠦᠬᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠵᠢᠷᠤᠭ ᠪᠠ | ᠦᠰᠦᠭ ᠪᠢᠴᠢᠭ ᠲᠠᠢ ᠮᠡᠳᠡᠭᠡ ᠵᠠᠩᠬᠢ ᠪᠠᠷ ᠲᠦᠭᠰᠢᠭᠦᠷᠢ ᠮᠡᠳᠡᠬᠡᠯᠡᠬᠦ᠂ ᠲᠠᠭᠤᠳᠠᠯᠭ᠎ᠠ ᠶᠢᠨ ᠴᠢᠳᠠᠪᠬᠢ ᠪᠠᠷ | ᠲᠦᠭᠰᠢᠭᠦᠷᠢ ᠮᠡᠳᠡᠬᠡᠯᠡᠬᠦ᠂ ᠡᠮᠴᠢᠯᠡᠬᠡᠨ ᠤ ᠪᠠᠴᠢᠮ ᠠᠪᠤᠷᠠᠯᠳᠠ ᠬᠢᠬᠦ ᠵᠡᠷᠬᠡ ᠪᠠᠴᠢᠮ ᠶᠠᠭᠠᠷᠠᠤ ᠲᠠᠭᠤᠳᠠᠯᠭ᠎ᠠ ᠶᠢᠨ | ᠰᠢᠰᠲ᠋ᠧᠮ ᠢ ᠪᠦᠷᠢᠳᠦᠭᠦᠯᠦᠭᠰᠡᠨ ᠪᠦᠳᠦᠬᠡᠨ ᠪᠠᠶᠢᠭᠤᠯᠤᠯᠳᠠ ᠪᠠᠨ ᠲᠡᠭᠦᠯᠳᠡᠷᠵᠢᠬᠦᠯᠵᠦ᠂ ᠰᠤᠨᠤᠷ ᠪᠠ ᠬᠡᠯᠡ ᠨᠢ | ᠰᠠᠭᠠᠳ ᠲᠠᠢ ᠭᠦᠮᠦᠰ ᠲᠤ ᠲᠦᠭᠰᠢᠭᠦᠷᠢ ᠮᠡᠳᠡᠬᠡᠯᠡᠬᠦ᠂ ᠠᠪᠤᠷᠠᠯᠳᠠ ᠬᠢᠯᠬᠡᠬᠦ ᠪᠠᠷ ᠲᠠᠭᠤᠳᠠᠬᠤ ᠳᠤ ᠲᠦᠭᠦᠮ | ᠦᠵᠡᠭᠦᠯᠬᠦ ᠬᠡᠷᠡᠭᠳᠡᠢ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ | ᠤᠷᠳᠤᠨ ᠨᠢ ᠶᠠᠳᠠᠭᠤ ᠭᠦᠴᠢᠷᠳᠡᠯᠳᠡᠢ ᠵᠡᠮᠳᠡᠭᠴᠦᠳ ᠤᠨ ᠬᠡᠷ ᠪᠦᠯᠢ ᠶᠢᠨ ᠰᠠᠭᠠᠳ ᠦᠬᠡᠢ ᠶᠢᠨ ᠪᠡᠯᠡᠳᠬᠡᠮᠵᠢ ᠶᠢ ᠨᠢ | ᠦᠬᠡᠷᠡᠴᠢᠯᠡᠨ ᠰᠢᠨᠡᠳᠬᠡᠬᠦ ᠶᠢ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠬᠡᠨ ᠤ ᠬᠡᠪᠴᠢᠶᠡᠨ ᠳᠤ | ᠤᠷᠤᠭᠤᠯᠬᠤ ᠶᠢᠨ ᠬᠠᠮᠳᠤ ᠵᠤᠬᠢᠬᠤ ᠨᠦᠭᠦᠪᠦᠷᠢ ᠦᠭᠭᠦ ᠬᠡᠷᠡᠭᠳᠡᠢ᠃ | ᠭᠤᠴᠢᠨ ᠨᠢᠬᠡᠳᠦᠬᠡᠷ ᠵᠦᠢᠯ ᠲᠦᠷᠦ ᠶᠢᠨ ᠪᠠᠶᠢᠭᠤᠯᠭ᠎ᠠ᠂ ᠨᠡᠶᠢᠬᠡᠮ ᠤᠨ ᠪᠦᠯᠭᠦᠮ ᠵᠢᠴᠢ ᠦᠨᠳᠦᠰᠦᠨ | ᠱᠠᠳᠤᠨ ᠤ ᠤᠯᠠᠨ ᠲᠦᠮᠡᠨ ᠤ ᠦᠪᠡᠰᠦᠪᠡᠨ ᠵᠠᠰᠠᠬᠤ ᠵᠤᠬᠢᠶᠠᠨ ᠪᠠᠶᠢᠭᠤᠯᠤᠯᠳᠠ ᠵᠡᠷᠬᠡ ᠰᠤᠩᠭᠤᠭᠤᠯᠢ ᠶᠢ ᠵᠤᠬᠢᠶᠠᠨ | ᠪᠠᠶᠢᠭᠤᠯᠬᠤ ᠨᠢᠬᠡᠴᠡ ᠨᠢ ᠵᠡᠮᠳᠡᠭᠴᠦᠳ ᠤᠨ ᠰᠤᠩᠭᠤᠭᠤᠯᠢ ᠳᠤ ᠤᠷᠤᠯᠴᠠᠬᠤ ᠳᠤ ᠲᠦᠭᠦᠮ ᠦᠵᠡᠬᠦᠯᠬᠦ ᠶᠢᠨ ᠬᠠᠮᠳᠤ᠂ | ᠬᠡᠷᠡᠭᠴᠡᠭᠡ ᠪᠠᠨ ᠦᠨᠳᠦᠰᠦᠯᠡᠨ ᠬᠠᠷᠠᠭ᠎ᠠ ᠨᠢ ᠰᠠᠭᠠᠳ ᠲᠠᠢ ᠭᠦᠮᠦᠰ ᠲᠤ ᠬᠠᠷᠠᠭ᠎ᠠ ᠠᠯᠳ᠋ᠬᠠᠰᠠᠳ ᠤᠨ ᠲᠡᠮᠳᠡᠷᠢᠬᠦᠯ | ᠦᠰᠦᠭ ᠲᠠᠢ ᠰᠤᠩᠭᠤᠭᠤᠯᠢ ᠶᠢᠨ ᠪᠢᠯᠧᠲ ᠬᠠᠩᠭᠠᠬᠤ ᠬᠡᠷᠡᠭᠳᠡᠢ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠤᠨᠨᠳᠠᠭᠠᠯ ᠢ ᠵᠦᠷᠢᠴᠡᠭᠰᠡᠨ ᠦᠢᠯᠡ | ᠠᠵᠢᠯᠯᠠᠭ᠎ᠠ ᠳᠤ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠳᠤᠯᠠᠭ᠎ᠠ ᠶᠢᠨ | ᠬᠠᠤᠯᠢ︾ ︽ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠲᠦᠷᠢᠮ︾ ᠵᠡᠷᠬᠡ ᠬᠠᠤᠯᠢ ᠴᠠᠭᠠᠵᠠ | ᠂ ᠬᠠᠤᠯᠢ ᠲᠤᠨᠨᠳᠠᠭᠠᠯ ᠢᠶᠠᠷ ᠨᠢᠬᠡᠨᠳᠡ ᠪᠤᠳᠠᠳᠠᠢ ᠰᠢᠳᠬᠡᠨ ᠲᠤᠷᠭᠠᠬᠤ ᠲᠤᠨᠨᠳᠠᠭᠠᠯ ᠭᠠᠷᠭᠠᠨᠨᠰᠠᠨ ᠪᠠᠶᠢᠪᠠᠯ᠂ ᠲᠡᠷᠡ ᠬᠦ | ᠲᠤᠨᠨᠳᠠᠭᠠᠯ ᠢ ᠵᠢᠷᠤᠮᠯᠠᠬᠤ ᠬᠡᠷᠡᠭᠳᠡᠢ᠃ | ᠭᠤᠴᠢᠨ ᠭᠤᠷᠪᠠᠳᠤᠭᠠᠷ ᠵᠦᠢᠯ ᠲᠤᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ ᠤᠨ ᠨᠢᠬᠡᠳᠦᠬᠡᠷ | ᠵᠤᠷᠪᠤᠰ ᠤᠨ ᠲᠤᠨᠨᠳᠠᠭᠠᠯ ᠢ ᠵᠦᠷᠢᠴᠡᠵᠦ᠂ ᠰᠠᠭᠠᠳ ᠦᠬᠡᠢ ᠶᠢᠨ ᠪᠡᠯᠡᠳᠬᠡᠮᠵᠢ ᠶᠢ ᠡᠪᠳᠡᠨ ᠰᠦᠢᠳᠬᠡᠭᠰᠡᠨ ᠤ ᠬᠠᠮᠳᠤ᠂ | ᠰᠠᠭᠠᠳ ᠦᠬᠡᠢ ᠶᠢᠨ ᠪᠡᠯᠡᠳᠬᠡᠮᠵᠢ ᠬᠡᠷᠡᠭᠯᠡᠬᠦ ᠶᠢ ᠨᠦᠯᠦᠬᠡᠯᠡᠪᠡᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ | ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠬᠡᠯ | ᠲᠤᠷᠭᠠᠭᠤᠯᠢ ᠶᠢᠨ ᠬᠠᠤᠯᠢ︾ ᠵᠡᠷᠬᠡ ᠬᠠᠤᠯᠢ ᠴᠠᠭᠠᠵᠠ᠂ ᠬᠠᠤᠯᠢ ᠲᠤᠨᠨᠳᠠᠭᠠᠯ ᠶᠤᠰᠤᠭᠠᠷ ᠰᠢᠳᠬᠡᠨ ᠲᠤᠷᠭᠠᠬᠤ | ᠬᠡᠷᠡᠭᠳᠡᠢ᠃ ᠰᠠᠭᠠᠳ ᠦᠬᠡᠢ ᠶᠢᠨ ᠪᠡᠯᠡᠳᠬᠡᠮᠵᠢ ᠶᠢ ᠲᠤᠷ᠎ᠠ ᠪᠠᠷ ᠡᠵᠡᠯᠡᠨ ᠬᠡᠷᠡᠭᠯᠡᠭᠰᠡᠨ ᠪᠤᠶᠤ ᠬᠡᠷᠡᠭᠴᠡᠭᠡ ᠶᠢ ᠨᠢ | ᠬᠤᠪᠢᠷᠠᠭᠤᠯᠤᠨᠨᠰᠠᠨ ᠪᠤᠯ᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠨᠢ ︽ᠪᠦᠳᠦᠬᠡᠨ ᠪᠠᠶᠢᠭᠤᠯᠬᠤ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ | ᠲᠦᠷᠢᠮ︾ ᠶᠤᠰᠤᠭᠠᠷ ᠰᠢᠳᠬᠡᠨ ᠲᠤᠷᠭᠠᠬᠤ ᠬᠡᠷᠡᠭᠳᠡᠢ᠃ ᠶᠠᠯ᠎ᠠ ᠳᠤ ᠭᠦᠷᠦᠭᠰᠡᠨ ᠪᠤᠯ᠂ ᠬᠠᠤᠯᠢ ᠶᠤᠰᠤᠭᠠᠷ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ ᠬᠡᠷᠡᠭᠯᠡᠭᠰᠡᠨ ᠭᠦᠮᠦᠨ ᠤ ᠪᠡᠶ᠎ᠡ ᠮᠠᠬᠠᠪᠤᠳ᠂ ᠡᠳ᠋ | ᠭᠦᠷᠦᠩᠬᠡ ᠳᠤ ᠬᠤᠬᠢᠷᠠᠯ ᠤᠴᠠᠷᠠᠭᠤᠯᠤᠨᠨᠰᠠᠨ ᠪᠤᠯ᠂ ᠠᠵᠦ ᠠᠬᠤᠢ ᠶᠢᠨ ᠲᠦᠯᠦᠪᠦᠷᠢ ᠶᠢᠨ ᠬᠠᠷᠢᠭᠤᠴᠠᠯᠭ᠎ᠠ ᠶᠢ | ᠵᠡᠷᠬᠡ ᠳᠤᠨᠢ ᠡᠭᠦᠷᠬᠡᠯᠡᠬᠦᠯᠬᠦ ᠬᠡᠷᠡᠭᠳᠡᠢ᠃ | ᠭᠤᠴᠢᠨ ᠲᠦᠷᠪᠡᠳᠦᠬᠡᠷ ᠵᠦᠢᠯ ᠲᠤᠰ ᠠᠷᠭ᠎ᠠ ᠶᠢᠨ ᠬᠤᠷᠢᠳᠤᠭᠠᠷ ᠵᠦᠢᠯ ᠤᠨ ᠬᠤᠶᠠᠳᠤᠭᠠᠷ | ᠵᠤᠷᠪᠤᠰ ᠤᠨ ᠲᠤᠨᠨᠳᠠᠭᠠᠯ ᠢ ᠵᠦᠷᠢᠴᠡᠭᠰᠡᠨ ᠪᠤᠯ᠂ ᠦᠶ᠎ᠡ ᠮᠦᠴᠢ ᠨᠢ ᠵᠡᠮᠳᠡᠭ ᠵᠢᠯᠤᠭᠤᠴᠢ ᠪᠤᠶᠤ ᠰᠠᠭᠤᠨᠨᠰᠠᠳ ᠤᠨ | ᠮᠠᠰᠢᠨᠳᠦ ᠲᠡᠷᠬᠡ ᠠᠴᠠ ᠪᠤᠰᠤᠳ ᠮᠠᠰᠢᠨᠳᠦ ᠲᠡᠷᠬᠡ ᠰᠠᠭᠠᠳ ᠦᠬᠡᠢ ᠪᠠᠷ ᠲᠡᠷᠬᠡ ᠵᠤᠨᠨᠰᠤᠭᠠᠬᠤ ᠤᠷᠤ ᠶᠢ ᠡᠵᠡᠯᠡᠵᠦ᠂ | ᠦᠶ᠎ᠡ ᠮᠦᠴᠢ ᠨᠢ ᠵᠡᠮᠳᠡᠭ ᠭᠦᠮᠦᠰ ᠤᠨ ᠬᠡᠷᠡᠭᠯᠡᠬᠦ ᠶᠢ ᠨᠦᠯᠦᠬᠡᠯᠡᠭᠰᠡᠨ ᠪᠤᠯ᠂ ᠲᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠠᠯᠪᠠᠳᠠᠨ ᠵᠠᠯᠠᠷᠠᠭᠤᠯᠵᠦ᠂ | ᠰᠡᠷᠡᠮᠵᠢᠯᠡᠬᠦᠯᠬᠦ ᠬᠡᠷᠡᠭᠳᠡᠢ︔ ᠵᠠᠯᠠᠷᠠᠭᠤᠯᠬᠤ ᠶᠢ ᠲᠡᠪᠴᠢᠭᠰᠡᠨ ᠪᠤᠯ᠂ 200 ᠲᠦᠭᠦᠷᠢᠭ ᠵᠤᠭᠤᠰ ᠢᠶᠠᠷ ᠲᠤᠷᠭᠠᠨ | ᠰᠢᠳᠬᠡᠬᠦ ᠬᠡᠷᠡᠭᠳᠡᠢ᠃ | ᠭᠤᠴᠢᠨ ᠲᠠᠪᠤᠳᠤᠭᠠᠷ ᠵᠦᠢᠯ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ | ᠪᠠᠶᠢᠭᠤᠯᠤᠯᠳᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠳᠠᠳ ᠨᠢ ᠲᠤᠰᠢᠶᠠᠯ ᠤᠨ ᠡᠷᠬᠡ ᠪᠠᠨ | ᠲᠤᠷ᠎ᠠ ᠪᠠᠷ ᠬᠡᠷᠡᠭᠯᠡᠵᠦ᠂ ᠡᠭᠦᠷᠬᠡ ᠲᠤᠰᠢᠶᠠᠯ ᠳᠠᠭᠠᠨ ᠠᠯᠮᠠᠶᠢᠷᠠᠨ ᠤᠰᠤᠯᠳᠠᠵᠦ᠂ ᠬᠤᠪᠢ ᠶᠢᠨ ᠨᠠᠶᠢᠷ ᠬᠠᠷᠠᠵᠤ ᠬᠠᠤᠯᠢ | ᠶᠣᠰᠣ ᠶᠢ ᠵᠦᠷᠢᠴᠡᠭᠰᠡᠨ ᠪᠤᠯ᠂ ᠬᠠᠤᠯᠢ ᠶᠤᠰᠤᠭᠠᠷ ᠰᠢᠳᠬᠡᠯ ᠦᠭᠭᠦ ᠬᠡᠷᠡᠭᠳᠡᠢ︔ ᠶᠠᠯ᠎ᠠ ᠳᠤ ᠭᠦᠷᠦᠭᠰᠡᠨ ᠪᠤᠯ᠂ | ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ | ᠵᠢᠷᠭᠤᠳᠤᠭᠠᠷ ᠪᠦᠯᠦᠭ ᠲᠠᠭᠠᠯᠳᠤᠭᠤᠯᠤᠯ ᠲᠦᠷᠢᠮ | ᠭᠤᠴᠢᠨ ᠵᠢᠷᠭᠤᠳᠤᠭᠠᠷ ᠵᠦᠢᠯ ᠲᠤᠰ ᠠᠷᠭ᠎ᠠ ᠶᠢ 2018 ᠤᠨ ᠤ 7 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠬᠦᠯᠦᠨ᠎ᠠ᠃ 2008 ᠤᠨ ᠤ 4 ᠰᠠᠷ᠎ᠠ ᠶᠢᠨ 8 ᠤ ᠡᠳᠦᠷ ᠦᠪᠦᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠡᠶᠢᠳᠡᠯᠡᠭᠰᠡᠨ ︽ᠦᠪᠦᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠰᠠᠭᠠᠳ ᠦᠬᠡᠢ ᠶᠢᠨ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠠᠷᠭ᠎ᠠ︾ ︵ᠦᠪᠦᠷ | ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 156 ᠳ᠋ᠤᠭᠠᠷ | ᠲᠤᠭᠠᠳᠤ︶ ᠶᠢ ᠵᠡᠷᠬᠡ ᠳᠤᠨᠢ ᠭᠦᠴᠦᠨ ᠦᠬᠡᠢ ᠪᠤᠯᠭᠠᠨ᠎ᠠ᠃ | ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠲᠢᠩᠬᠢᠮ 2018 ᠤᠨ ᠤ 6 ᠰᠠᠷ᠎ᠠ ᠶᠢᠨ 8 ᠤ ᠡᠳᠥᠷ ᠲᠠᠷᠤᠮᠠᠯᠯᠠᠨ ᠲᠠᠷᠬᠠᠭᠠᠪᠠ ︵ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ︶ | | |