ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠦᠵᠡᠯᠲᠡ ᠶᠢ ᠪᠤᠢ ᠪᠣᠯᠭᠠᠵᠤ ᠂ ᠤᠢ ᠰᠢᠭᠤᠶ ᠶᠢᠨ | ᠦᠢᠯᠡᠰ ᠤᠨ ᠰᠢᠨ᠎ᠡ ᠬᠦᠭᠵᠢᠯᠳᠡ ᠶᠢ ᠠᠬᠢᠭᠤᠯᠤᠶ᠎ᠠ — ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠮᠤ᠋ ᠶᠤᠸᠠᠨ ᠢ | ᠰᠤᠷᠪᠤᠯᠵᠢᠯᠠᠭᠰᠠᠨ ᠨᠢ | ᠵᠤᠴᠢᠨ᠄ ᠮᠤ᠋ ᠶᠤᠸᠠᠨ | ᠲᠣᠪᠴᠢ : | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠵᠢᠭᠠᠨ ᠭᠠᠷᠭᠠᠭᠰᠠᠨ ᠨᠢ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠣᠳᠤᠬᠠᠨ ᠤ ᠴᠢᠷᠮᠠᠶᠢᠯᠠᠭ᠎ᠠ ᠨᠢ ᠢᠷᠡᠭᠡᠳᠦᠢ ᠶᠢᠨ ᠠᠰᠢᠭ ᠲᠤᠰᠠ ᠲᠠᠢ ᠪᠢᠯᠡ᠃ | ᠪᠢᠳᠠ ᠨᠡᠶᠢᠭᠡᠮ ᠵᠢᠷᠤᠮ ᠤᠨᠠᠮᠢ ᠠᠬᠤᠢ ᠶᠢᠨ ᠪᠤᠯᠪᠠᠰᠤᠨ ᠤ ᠦᠵᠡᠯᠳᠠ ᠶᠢ ᠪᠠᠲᠤ ᠪᠠᠬᠢ ᠪᠤᠢ ᠪᠤᠯᠭᠠᠨ᠎ᠠ ᠁ | ᠶᠠᠷᠢᠶᠠᠨ ᠤ ᠲᠡᠮᠳᠡᠭᠯᠡᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠣᠳᠤᠬᠠᠨ ᠤ ᠴᠢᠷᠮᠠᠶᠢᠯᠠᠭ᠎ᠠ ᠨᠢ ᠢᠷᠡᠭᠡᠳᠦᠢ ᠶᠢᠨ ᠠᠰᠢᠭ ᠲᠤᠰᠠ ᠲᠠᠢ ᠪᠢᠯᠡ᠃ ᠪᠢᠳᠡ ᠨᠡᠶᠢᠭᠡᠮ | ᠵᠢᠷᠤᠮ ᠤᠨ ᠠᠮᠢ ᠠᠬᠤᠢ ᠶᠢᠨ ᠪᠣᠯᠪᠠᠰᠤᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠬᠥᠮᠦᠨ ᠪᠣᠯᠤᠨ | ᠪᠠᠶᠢᠭᠠᠯᠢ ᠶᠢᠨ ᠡᠶ᠎ᠡ ᠵᠣᠬᠢᠴᠠᠯ ᠲᠠᠢ ᠬᠦᠭᠵᠢᠬᠦ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠪᠠᠶᠢᠷᠢᠰᠢᠯ ᠢ ᠪᠦᠷᠢᠯᠳᠦᠬᠦᠯᠬᠦ ᠶᠢ ᠠᠬᠢᠭᠤᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢᠨ | ᠲᠥᠯᠥᠭᠡ ᠮᠠᠨ ᠤ ᠡᠨᠡ ᠦᠶ᠎ᠡ ᠶᠢᠨ ᠬᠥᠮᠦᠰ ᠤᠨ ᠴᠢᠷᠮᠠᠶᠢᠯᠭᠠᠪᠠᠨ ᠭᠠᠷᠭᠠᠨ᠎ᠠ᠃ ᠤᠢ ᠰᠢᠭᠤᠶ ᠶᠢᠨ ᠰᠠᠯᠠᠭ᠎ᠠ | ᠮᠥᠴᠢᠷ ᠨᠢ ᠠᠮᠢ ᠠᠬᠤᠶ ᠶᠢᠨ ᠠᠮᠤᠷ ᠲᠦᠪᠰᠢᠨ ᠤ ᠬᠠᠮᠠᠭᠠᠯᠠᠯᠳᠠ᠂ ᠦᠢᠯᠡᠳᠪᠦᠷᠢᠯᠡᠯ ᠠᠮᠢ ᠠᠬᠤᠶ ᠶᠢᠨ | ᠦᠢᠯᠡᠳᠬᠦᠨ ᠤ ᠭᠤᠣᠯ ᠰᠠᠯᠠᠭ᠎ᠠ ᠮᠥᠴᠢᠷ ᠪᠤᠯᠤᠭᠰᠠᠨ ᠤ ᠬᠤᠪᠢ ᠳᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠡᠦᠬᠡ ᠶᠢᠨ ᠬᠦᠨᠳᠦ ᠡᠭᠦᠷᠭᠡ ᠶᠢ ᠡᠷᠬᠡᠪᠰᠢ ᠦᠨᠡᠨᠬᠦ ᠡᠬᠦᠷᠭᠡᠯᠡᠬᠦ ᠶᠤᠰᠤᠳᠠᠢ᠃ ᠡᠨᠡ ᠬᠦ | ᠰᠡᠳᠦᠪ ᠤᠨ ᠲᠣᠭᠤᠷᠢᠨ ᠳᠤ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠮᠤ᠋ ᠶᠤᠸᠠᠨ ᠢ ᠰᠤᠷᠪᠤᠯᠵᠢᠯᠠᠪᠠ᠃ | ᠮᠦ ᠶᠤᠸᠠᠨ ᠠᠴᠠ ᠶᠠᠷᠢᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠨᠢ ︽ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠬᠰᠠᠨ︾ ᠴᠢᠬᠤᠯᠠ | ᠶᠡᠭᠡ ᠮᠠᠭᠠᠳᠯᠠᠯᠲᠠ᠂ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠤᠷᠢᠳᠠᠴᠢ | ᠴᠢᠨᠠᠷ ᠢᠶᠠᠷ ᠮᠠᠰᠢ ᠴᠢᠩᠭ᠎ᠠ ᠠᠵᠢᠯᠯᠠᠭᠠᠨ ᠤ ᠬᠥᠲᠥᠯᠪᠦᠷᠢ ᠶᠢ ᠲᠤᠷᠠᠳᠤᠨ ᠭᠠᠷᠭᠠᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠴᠠᠭ ᠤᠨ ᠬᠦᠰᠦᠨᠦᠭᠲᠦ ᠪᠣᠯᠤᠨ ᠱᠤᠭᠤᠮᠳᠤ ᠵᠢᠷᠤᠭ ᠢ | ᠲᠤᠳᠤᠷᠬᠠᠶᠢᠯᠠᠭᠰᠠᠨ ᠨᠢ ᠴᠠᠭ ᠡᠷᠡᠨ ᠢ ᠵᠠᠭᠠᠭᠯᠠᠭᠰᠠᠨ ᠬᠦᠨ ᠬᠦᠨᠵᠡᠬᠡᠢ ᠦᠨᠢᠳᠡ ᠶᠢᠨ ᠠᠴᠢ ᠬᠤᠯᠪᠣᠭᠳᠠᠯ ᠲᠠᠢ | ᠶᠤᠮ᠃ ᠪᠥᠬᠦ ᠣᠷᠣᠨ ᠤ ᠣᠶ ᠰᠢᠭᠤᠶ ᠶᠢᠨ ᠰᠢᠰᠲ᠋ᠧᠮ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ᠂ ᠰᠠᠶᠢᠲᠤᠷ ᠤᠬᠠᠭᠤᠯᠵᠦ᠂ ᠰᠠᠶᠢᠳᠤᠷ ᠨᠠᠶᠢᠳᠠᠪᠤᠷᠢᠵᠢᠭᠤᠯᠬᠤ | ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ | ᠡᠭᠦᠷᠭᠡ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ | ᠵᠡᠪᠰᠡᠭᠯᠡᠵᠦ᠂ ᠦᠢᠯᠡᠳᠦᠯᠭᠡᠪᠠᠨ ᠵᠢᠯᠣᠭᠤᠳᠣᠭᠤᠯᠤᠨ᠂ ᠪᠥᠬᠦ ᠣᠷᠣᠨ ᠤ ᠤᠢ ᠰᠢᠭᠤᠶ ᠶᠢᠨ ᠺᠠᠳ᠋ᠷ᠂ ᠠᠵᠢᠯᠲᠠᠨ | ᠠᠵᠢᠯᠴᠢᠨ ᠠᠴᠠ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠨ᠎ᠡ᠃ ᠡᠭᠦᠨ ᠤ ᠬᠠᠮᠲᠤ᠂ ᠪᠥᠬᠦ ᠣᠷᠣᠨ ᠤ ᠤᠢ ᠰᠢᠭᠤᠶ ᠶᠢᠨ | ᠰᠢᠰᠲ᠋ᠧᠮ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠪᠤᠢ ᠪᠤᠯᠭᠠᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠱᠠᠭᠠᠷᠳᠠᠯᠭ᠎ᠠ ᠶᠤᠰᠤᠭᠠᠷ᠂ | ᠨᠡᠪᠳᠡᠷᠡᠳᠡᠯ᠎ᠡ ᠰᠤᠷᠤᠯᠴᠠᠬᠤ᠂ ᠪᠣᠳᠠᠲᠠᠶᠢᠵᠢᠭᠤᠯᠬᠤ ᠳᠡᠭᠡᠷ᠎ᠡ ᠬᠦᠴᠦ ᠣᠷᠣᠭᠤᠯᠵᠤ᠂ ᠰᠤᠷᠤᠯᠴᠠᠯᠭ᠎ᠠ ᠤᠬᠠᠭᠤᠯᠭ᠎ᠠ ᠶᠢ | ᠲᠤᠤᠱᠯᠠᠭᠤᠯᠬᠤ ᠦᠷ᠎ᠡ ᠪᠦᠲᠦᠮᠵᠢ ᠶᠢ ᠪᠦᠬᠦ ᠣᠷᠣᠨ ᠤ ᠤᠢ ᠰᠢᠭᠤᠶ ᠶᠢᠨ ᠦᠢᠯᠡᠰ ᠤᠨ ᠬᠥᠭᠵᠢᠯᠲᠡ ᠶᠢ | ᠠᠬᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠦ᠂ ᠠᠰᠠᠭᠤᠳᠠᠯ ᠢ ᠰᠢᠢᠳᠪᠦᠷᠢᠯᠡᠵᠦ᠂ | ᠬᠥᠭᠵᠢᠯᠲᠡ ᠶᠢ ᠠᠬᠢᠭᠤᠯᠬᠤ ᠴᠢᠳᠠᠪᠤᠷᠢ ᠪᠣᠯᠭᠠᠨ ᠬᠤᠪᠢᠷᠠᠭᠤᠯᠵᠤ᠂ ᠬᠡᠵᠢᠶᠡᠳᠡ ᠬᠤᠶᠢᠷᠭᠤᠰᠢᠬᠤ ᠦᠬᠡᠢ᠂ | ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠵᠤ᠂ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠡᠷᠡᠰ ᠬᠠᠲᠠᠭᠤ ᠵᠣᠷᠢᠭ ᠰᠠᠨᠠᠭ᠎ᠠ ᠪᠤᠯᠭᠠᠨ | ᠬᠤᠪᠢᠷᠠᠭᠤᠯᠵᠦ᠂ ︽ᠦᠵᠡᠰᠬᠦᠯᠡᠩᠲᠦ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ | ᠳᠤᠮᠳᠠᠳᠤ ᠶᠢᠨ ᠵᠡᠭᠦᠳᠦ ᠪᠠᠨ ᠬᠠᠮᠲᠤᠪᠠᠷ ᠪᠡᠶᠡᠯᠡᠬᠦᠯᠬᠦ︾ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃ | ᠮᠦ ᠶᠤᠸᠠᠨ ᠠᠴᠠ ᠶᠠᠷᠢᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ | ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ︾ ᠶᠢ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ ᠪᠤᠳᠤᠯᠭ᠎ᠠ | ᠪᠤᠯᠭᠠᠵᠦ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠰᠢᠨ᠎ᠡ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ᠢᠯᠡᠳᠬᠡᠯ ᠳᠤ᠂ 2020 ᠣᠨ ᠠᠴᠠ 2035 ᠣᠨ ᠪᠣᠯᠬᠤ ᠳᠤ᠂ ᠠᠮᠢ ᠠᠬᠤᠶ ᠶᠢᠨ | ᠣᠷᠴᠢᠨ ᠨᠥᠬᠦᠴᠡᠯ ᠦᠨᠳᠦᠰᠦᠨ ᠠᠴᠠ ᠪᠠᠨ ᠰᠠᠶᠢᠵᠢᠷᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ | ᠪᠠᠶᠢᠭᠤᠯᠬᠤ ᠬᠠᠷᠠᠯᠲᠠ ᠦᠨᠳᠦᠰᠦᠨ ᠳᠡᠭᠡᠨ ᠪᠡᠶᠡᠯᠡᠭᠳᠡᠨ᠎ᠡ︔ 2035 ᠣᠨ ᠠᠴᠠ ᠲᠤᠰ ᠵᠠᠭᠤᠨ ᠤ ᠳᠤᠮᠳᠠᠴᠢ | ᠦᠶ᠎ᠡ ᠪᠣᠯᠬᠤ ᠳᠤ᠂ ᠠᠮᠢ ᠠᠬᠤᠢ ᠶᠢᠨ ᠪᠣᠯᠪᠠᠰᠤᠨ ᠪᠦᠬᠦ ᠲᠠᠯ᠎ᠠ ᠪᠠᠷ ᠲᠡᠭᠡᠭᠰᠢᠯᠡᠨ᠎ᠡ᠃ ᠤᠢ ᠰᠢᠭᠤᠶ ᠶᠢᠨ ᠰᠠᠯᠠᠭ᠎ᠠ | ᠮᠥᠴᠢᠷᠡᠴᠠ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠬᠦᠴᠦᠨ ᠪᠤᠯᠤᠭᠰᠠᠨ ᠤ ᠬᠤᠪᠢ ᠳᠤ᠂ ᠠᠮᠢ | ᠠᠬᠤᠶ ᠶᠢᠨ ᠪᠣᠯᠪᠠᠰᠤᠨ ᠤ ᠴᠢᠬᠤᠯᠠ ᠪᠦᠲᠦᠭᠡᠨ ᠪᠠᠶᠢᠭᠤᠯᠤᠭᠴᠢ ᠪᠤᠯᠤᠨ᠎ᠠ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠰᠢᠨ᠎ᠡ ᠴᠠᠭ ᠦᠶ᠎ᠡ ᠶᠢᠨ ᠨᠡᠶᠢᠭᠡᠮ | ᠵᠢᠷᠤᠮ ᠤᠨ ᠠᠮᠢ ᠠᠬᠤᠢ ᠶᠢᠨ ᠪᠣᠯᠪᠠᠰᠤᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠬᠤᠶᠠᠷ ᠠᠷᠪᠠᠨ ᠲᠠᠪᠤᠨ | ᠵᠢᠯ ᠤᠨ ᠲᠡᠮᠡᠴᠡᠯ ᠤᠨ ᠬᠠᠷᠠᠯᠲᠠ ᠳᠤ ᠴᠢᠭᠯᠡᠬᠦᠯᠵᠦ᠂ ᠪᠥᠬᠦ ᠣᠷᠣᠨ ᠤ ᠤᠢ ᠰᠢᠭᠤᠶ ᠶᠢᠨ ᠦᠢᠯᠡᠰ ᠤᠨ | ᠬᠥᠭᠵᠢᠯᠲᠡ ᠶᠢᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠵᠦ᠂ ᠤᠢ ᠰᠢᠭᠤᠶ ᠶᠢᠨ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠪᠡᠶᠡᠯᠡᠭᠦᠯᠬᠦ ᠶᠠᠪᠤᠴᠠ ᠳᠠᠬᠢ ᠨᠣᠭᠤᠭᠠᠨ ᠲᠤᠯᠭᠠᠭᠤᠷᠢᠯᠠᠬᠤ ᠦᠢᠯᠡᠳᠦᠯ ᠢ ᠬᠦᠢᠴᠡᠳ | ᠪᠠᠳᠠᠷᠠᠭᠤᠯᠤᠨ᠎ᠠ︔ ᠬᠦᠬᠡ ᠤᠰᠤ ᠬᠥᠬᠡᠮᠳᠦᠭ ᠠᠭᠤᠯᠠ ᠪᠣᠯ ᠠᠯᠳᠠ ᠮᠥᠩᠭᠦᠨ ᠠᠭᠤᠯᠠ ᠮᠦᠨ ᠬᠡᠬᠦ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠦᠷᠭᠦᠯᠵᠢᠯᠡᠨ | ᠲᠦᠷᠭᠡᠨ ᠠᠬᠢᠭᠤᠯᠵᠦ᠂ ᠨᠡᠶᠢᠭᠡᠮ ᠳᠤ ᠨᠡᠩ ᠤᠯᠠᠨ ᠴᠢᠨᠠᠷ ᠰᠠᠶᠢᠲᠠᠢ ᠠᠮᠢ ᠠᠬᠤᠢ ᠶᠢᠨ ᠪᠦᠲᠦᠭᠡᠭᠳᠡᠬᠦᠨ ᠢ | ᠬᠠᠩᠭᠠᠵᠤ᠂ ᠠᠷᠠᠳ ᠤᠯᠠᠨ ᠳᠤ ᠨᠡᠩ ᠲᠦᠭᠡᠮᠡᠯ ᠬᠠᠷᠠᠭᠠᠯᠵᠠᠳᠤ ᠠᠮᠢᠳᠤᠷᠠᠯ ᠤᠨ ᠪᠤᠶᠠᠨ ᠵᠢᠷᠭᠠᠯ ᠢ ᠡᠳ᠋ᠯᠡᠬᠦᠯᠦᠨ᠎ᠡ︔ | ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠠᠮᠢ ᠨᠠᠰᠤ ᠲᠠᠢ ᠪᠠᠨ ᠠᠳᠠᠯᠢ ᠡᠷᠬᠢᠮᠯᠡᠨ ᠬᠠᠶᠢᠷᠠᠯᠠᠬᠤ | ᠬᠠᠷᠢᠭᠤᠴᠠᠯᠭᠠᠳᠤ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ | ᠠᠬᠤᠶ ᠶᠢ ᠬᠠᠮᠠᠭᠠᠯᠠᠬᠤ ᠤᠯᠤᠰ ᠤᠨ ᠦᠨᠳᠦᠰᠦᠨ ᠪᠤᠳᠤᠯᠭ᠎ᠠ ᠶᠢ ᠲᠤᠤᠱᠯᠠᠭᠤᠯᠵᠤ᠂ ᠡᠬᠢ ᠪᠠᠶᠠᠯᠢᠭ ᠢ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠬᠤᠷᠢᠭ᠎ᠠ ᠱᠤᠭᠤᠮᠢ ᠡᠷᠡᠰ ᠰᠠᠬᠢᠨ᠎ᠠ︔ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠬᠠᠲᠠᠭᠤᠵᠢᠯᠲᠠᠶ ᠪᠠᠷ ᠠᠳᠠᠯ ᠦᠢᠯᠡᠰ ᠢᠶᠠᠨ ᠪᠤᠰᠬᠠᠬᠤ᠂ | ᠨᠤᠭᠤᠭᠠᠨ ᠢᠶᠠᠷ ᠬᠥᠭᠵᠢᠬᠦ ᠰᠠᠶᠢᠢᠬᠠᠨᠲᠠᠪᠠᠭᠠ ᠶᠢᠨ ᠵᠣᠷᠢᠭ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠤᠴᠠᠯᠲᠠ ᠦᠭᠡᠢ ᠤᠷᠤᠬᠰᠢ ᠠᠬᠢᠭᠤᠯᠵᠦ᠂ ᠬᠡᠪᠴᠢᠶᠡᠵᠢᠭᠰᠡᠨ | ᠬᠥᠭᠵᠢᠯᠲᠡ ᠲᠠᠢ᠂ ᠦᠨᠳᠦᠷ ᠴᠢᠨᠰᠠᠭᠠᠳᠤ ᠬᠠᠮᠢᠶᠠᠷᠤᠯᠳᠠ ᠲᠠᠢ ᠤᠢ ᠰᠢᠭᠤᠶ ᠶᠢᠨ ᠪᠦᠳᠦᠬᠡᠨ ᠪᠠᠶᠢᠭᠤᠯᠤᠯᠲᠠ ᠶᠢᠨ | ᠰᠢᠨ᠎ᠡ ᠪᠠᠶᠢᠷᠢᠰᠢᠯ ᠢ ᠴᠢᠷᠮᠠᠶᠢᠨ ᠪᠤᠢ ᠪᠤᠯᠭᠠᠨ᠎ᠠ᠃ | ᠮᠦ ᠶᠤᠸᠠᠨ ᠠᠴᠠ ᠶᠠᠷᠢᠭᠰᠠᠨ ᠨᠢ᠂ ᠨᠢᠭᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠴᠢᠬᠤᠯᠠ ᠠᠮᠢ | ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢᠨ ᠰᠢᠰᠲ᠋ᠧᠮ ᠢ ᠰᠢᠯᠢᠳᠡᠭᠵᠢᠭᠦᠯᠵᠦ᠂ ᠠᠮᠢ ᠠᠬᠤᠶ ᠶᠢᠨ ᠬᠤᠨᠭ᠍ᠭᠢᠯ ᠢ ᠪᠦᠲᠦᠭᠡᠨ | ᠪᠠᠶᠢᠭᠤᠯᠬᠤ︾ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠪᠠᠶᠢᠭᠠᠯᠢᠯᠢᠭ ᠤᠢ ᠶᠢᠨ ᠡᠬᠢ ᠪᠠᠶᠠᠯᠢᠭ ᠢ | ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠲᠣᠭᠤᠰᠣᠨ ᠤ ᠡᠬᠢ ᠶᠢ ᠵᠠᠰᠠᠬᠤ᠂ ︽ᠭᠤᠷᠪᠠᠨ ᠤᠮᠠᠷᠠᠲᠤ︾ ᠶᠢᠨ | ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠵᠡᠷᠭᠡ | ᠤᠯᠤᠰ ᠤᠨ ᠤᠢ ᠰᠢᠭᠤᠶ ᠶᠢᠨ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠮᠤᠨᠢ ᠠᠭᠤᠯᠠ ᠶᠢᠨ | ᠨᠣᠭᠤᠭᠠᠷᠠᠭᠤᠯᠤᠯᠲᠠ᠂ ᠬᠠᠳᠤᠨ ᠭᠤᠣᠯ ᠤᠨ ᠡᠷᠬᠢ ᠳᠠᠭᠠᠤ ᠳᠠᠬᠢ ᠠᠮᠢ ᠠᠬᠤᠢ ᠶᠢᠨ ᠬᠤᠩᠬᠢᠯ ᠤᠨ ᠪᠦᠳᠦᠭᠡᠨ | ᠪᠠᠶᠢᠭᠤᠯᠤᠯᠲᠠ᠂ ᠬᠤᠯᠠᠨ ᠳᠠᠭ᠎ᠠ ᠪᠠ ᠦᠵᠦᠮᠦᠴᠢᠨ ᠤ ᠡᠯᠡᠰᠦᠷᠬᠡᠭ ᠭᠠᠵᠠᠷ ᠤᠨ ᠭᠤᠣᠯᠳᠠᠯᠭ᠎ᠠ ᠲᠠᠢ ᠬᠤᠣᠷ | ᠬᠥᠨᠥᠭᠡᠯ ᠤᠴᠠᠷᠠᠭᠤᠯᠬᠤ ᠣᠷᠣᠨ ᠢ ᠲᠤᠰᠬᠠᠶᠢᠯᠠᠨ ᠵᠠᠰᠠᠬᠤ ᠶᠢ ᠡᠬᠢᠯᠡᠨ ᠬᠡᠷᠡᠭᠵᠢᠭᠦᠯᠵᠦ᠂ ᠶᠡᠭᠡ ᠢᠨᠵᠧᠨᠧᠷᠢᠩ ᠤᠨ | ᠲᠤᠮᠤ ᠲᠦᠰᠦᠯ ᠢᠶᠠᠷ ᠶᠡᠭᠡ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠠᠨ ᠤ ᠣᠷᠣᠨ ᠤ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠭᠡ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠦ | ᠪᠠᠬᠢᠵᠢᠭᠦᠯᠦᠨ᠎ᠡ︔ ᠬᠤᠶᠠᠷ ᠲᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠡᠬᠢ ᠪᠠᠶᠠᠯᠢᠭ ᠢ ᠠᠷᠪᠢᠯᠠᠬᠤ | ᠪᠠ ᠣᠷᠴᠢᠨ ᠠᠬᠤᠶ ᠶᠢ ᠬᠠᠮᠠᠭᠠᠯᠠᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠵᠤ᠂ ᠠᠮᠢ ᠠᠬᠤᠢ ᠶᠢᠨ | ᠣᠷᠴᠢᠨ ᠲᠣᠭᠤᠷᠢᠨ ᠢ ᠠᠮᠢ ᠨᠠᠰᠤᠨ ᠳᠠᠭᠠᠨ ᠠᠳᠠᠯᠢ ᠡᠷᠬᠢᠮᠯᠡᠬᠦ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ | ᠂ ᠣᠶ ᠰᠢᠭᠤᠶ᠂ ᠰᠢᠭᠤᠶᠢᠲᠤ ᠤᠷᠤᠨ᠂ ᠨᠤᠭᠤ ᠭᠠᠵᠠᠷ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠳᠠ ᠶᠢ ᠴᠢᠩᠭᠠᠳᠬᠠᠵᠤ᠂ ᠪᠠᠶᠢᠭᠠᠯᠢᠯᠢᠭ ᠤᠢ ᠮᠣᠳᠣᠨ ᠤ ᠡᠬᠢ ᠪᠠᠶᠠᠯᠢᠭ ᠢ ᠪᠦᠬᠦ ᠲᠠᠯ᠎ᠠ ᠪᠠᠷ ᠬᠠᠮᠠᠭᠠᠯᠠᠵᠦ᠂ | ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ᠂ ᠣᠢ ᠰᠢᠭᠤᠶ ᠶᠢᠨ ᠬᠦᠨᠦᠭᠡᠯᠳᠤ ᠠᠮᠢᠳᠤ | ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠤᠢ ᠰᠢᠭᠤᠢ ᠳᠤ ᠬᠤᠯᠪᠣᠭᠳᠠᠭᠰᠠᠨ ᠬᠠᠤᠯᠢ ᠠᠴᠠ | ᠵᠥᠷᠢᠴᠡᠭᠰᠡᠨ ᠶᠠᠯᠠᠲᠤ ᠬᠡᠷᠡᠭ ᠲᠤ ᠴᠤᠬᠢᠯᠳᠠ ᠦᠭᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠨ᠎ᠠ︔ ᠭᠤᠷᠪᠠ ᠳᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠲᠦᠷᠭᠡᠳᠬᠡᠬᠦ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠮᠲᠤ ᠶᠢᠨ ᠤᠢ | ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ ᠤᠨ | ᠦᠮᠴᠢᠯᠡᠯᠳᠤ ᠰᠢᠭᠤᠶᠢᠲᠤ ᠣᠷᠣᠨ ᠤ ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠤᠯᠤᠰ ᠤᠨ ᠦᠮᠴᠢᠯᠡᠯᠳᠤ ᠤᠢ | ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠤᠢ ᠰᠢᠭᠤᠶ ᠶᠢᠨ ᠡᠬᠢ ᠪᠠᠶᠠᠯᠢᠭ | ᠡᠳ᠋ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠪᠠ ᠡᠬᠢ ᠪᠠᠶᠠᠯᠢᠭ ᠢ ᠦᠨ᠎ᠡ | ᠲᠥᠯᠥᠪᠦᠷᠢ ᠲᠠᠢ ᠪᠠᠷ ᠬᠡᠷᠡᠭᠯᠡᠭᠦᠯᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠬᠠᠶᠢᠨ ᠰᠦᠪᠡᠭᠴᠢᠯᠡᠵᠦ᠂ | ᠠᠮᠢ ᠠᠬᠤᠶ ᠶᠢᠨ ᠪᠣᠯᠪᠠᠰᠤᠨ ᠤ ᠲᠥᠷᠢᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ ︔ | ᠲᠦᠷᠪᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ︾ ᠶᠢ ᠬᠡᠷᠡᠭᠵᠢᠭᠦᠯᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠤᠢ | ᠰᠢᠭᠤᠶᠢᠲᠤ ᠬᠤᠲᠠ ᠪᠠ ᠤᠢ ᠰᠢᠭᠤᠶᠢᠲᠤ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ | ᠥᠷᠨᠢᠭᠦᠯᠵᠦ᠂ ︽ᠬᠦᠷᠢᠶ᠎ᠡ ᠬᠠᠰᠢᠶ᠎ᠠ᠂ ᠠᠶᠢᠯ ᠲᠣᠰᠬᠤᠨ᠂ ᠭᠤᠣ ᠰᠤᠪᠠᠭ᠂ ᠵᠠᠮ ᠨᠡᠪᠳᠡᠷᠡᠯᠭᠡ᠂ ᠲᠠᠷᠢᠶᠠᠯᠠᠩ᠂ | ᠲᠤᠭᠤᠷᠢᠮ︾ ᠤᠨ ᠣᠶᠢᠵᠢᠭᠤᠯᠤᠯᠲᠠ ᠶᠢᠨ ᠢᠨᠵᠧᠨᠧᠷᠢᠩ᠂ ᠭᠤᠤᠯ ᠤᠨ ᠴᠥᠭᠦᠷᠥᠮ᠂ ᠤᠰᠤᠨ ᠴᠥᠭᠦᠷᠥᠮ᠂ | ᠭᠤᠷᠤᠬ᠎ᠠ᠂ ᠭᠤᠣᠯ ᠤᠨ ᠬᠤᠩᠬᠢᠯ︾ ᠵᠡᠷᠭᠡ ᠨᠤᠭᠤ ᠭᠠᠵᠠᠷ ᠢ ᠵᠠᠰᠠᠨ ᠰᠡᠷᠭᠦᠭᠡᠬᠦ ᠢᠨᠵᠧᠨᠧᠷᠢᠩ ᠶᠢᠨ | ᠨᠣᠭᠤᠭᠠᠷᠠᠭᠤᠯᠤᠯᠲᠠ ᠭᠤᠶᠤᠵᠢᠭᠤᠯᠤᠯᠳᠠ᠂ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ | ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠢ ᠬᠦᠴᠦᠯᠡᠨ ᠪᠤᠢ ᠪᠤᠯᠭᠠᠨ᠎ᠠ᠂︔ ᠲᠠᠪᠤ ᠳᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ︽ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠭᠰᠠᠨ ᠣᠳᠣᠬᠢᠴᠢᠯᠠᠯᠲᠠ︾ ᠶᠢ ᠪᠠᠶᠢᠭᠤᠯᠬᠤ᠂ ︽ᠨᠡᠩ ᠤᠯᠠᠨ ᠴᠢᠨᠠᠷ ᠰᠠᠶᠢᠲᠠᠢ ᠠᠮᠢ ᠠᠬᠤᠢ ᠶᠢᠨ | ᠪᠦᠲᠦᠭᠡᠭᠳᠡᠬᠦᠨ ᠢᠶᠠᠷ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠢᠨ ᠰᠠᠶᠢᠬᠠᠨ ᠠᠮᠢ ᠠᠬᠤᠢ | ᠣᠷᠴᠢᠨ ᠲᠣᠭᠤᠷᠢᠨ ᠤ ᠲᠤᠬᠠᠢ ᠬᠡᠷᠡᠭᠴᠡᠭᠡ ᠶᠢ ᠬᠠᠩᠭᠠᠬᠤ︾ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ | ᠂ ᠣᠶ ᠰᠢᠭᠤᠶ ᠡᠯᠡᠰᠦᠨ ᠤ ᠠᠵᠤ ᠦᠢᠯᠡᠰ᠂ ᠠᠵᠤ ᠠᠬᠤᠶ ᠶᠢᠨ ᠤᠢ ᠶᠢ ᠲᠠᠷᠢᠬᠤ᠂ ᠠᠭᠤᠯᠠ ᠬᠥᠳᠡᠭᠡ ᠶᠢᠨ ᠠᠵᠤ | ᠠᠬᠤᠶ᠂ ᠠᠮᠢ ᠠᠬᠤᠶ ᠶᠢᠨ ᠵᠢᠭᠤᠯᠴᠢᠯᠠᠯ ᠵᠢᠴᠢ ᠠᠮᠢ ᠠᠬᠤᠶ ᠶᠢᠨ ᠰᠣᠶᠣᠯ ᠤᠨ ᠠᠵᠤ ᠦᠢᠯᠡᠰ ᠢ ᠲᠦᠷᠭᠡᠪᠴᠢᠯᠡᠨ | ᠬᠥᠭᠵᠢᠭᠦᠯᠵᠦ᠂ ᠨᠡᠶᠢᠭᠡᠮ ᠨᠡᠶᠢᠲᠡ ᠳᠤ ᠨᠡᠩ ᠤᠯᠠᠨ ᠴᠢᠨᠠᠷ ᠰᠠᠶᠢᠲᠠᠢ ᠠᠮᠢ ᠠᠬᠤᠢ ᠶᠢᠨ ᠪᠦᠲᠦᠭᠡᠭᠳᠡᠬᠦᠨ ᠢ | ᠬᠠᠩᠭᠠᠬᠤ ᠶᠢᠨ ᠬᠠᠮᠲᠤ᠂ ᠠᠮᠢ ᠠᠬᠤᠶ ᠶᠢᠨ ᠤᠷᠴᠢᠨ ᠲᠣᠭᠤᠷᠢᠨ ᠢ ᠰᠠᠶᠢᠵᠢᠷᠠᠭᠤᠯᠵᠦ᠂ ᠠᠷᠠᠳ ᠲᠤ ᠠᠰᠢᠭ | ᠬᠦᠷᠲᠡᠭᠡᠬᠦ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ︵ᠥᠪᠥᠷ ᠮᠣᠩᠭᠤᠯ ᠤᠨ ᠡᠳᠦᠷ ᠤᠨ ᠰᠣᠨᠢᠨ ᠤ | ᠬᠤᠷᠢᠶ᠎ᠠ ᠶᠢᠨ ᠨᠡᠶᠢᠯᠡᠯ ᠵᠠᠭᠤᠴᠢᠯᠠᠭᠤᠷ ᠤᠨ ᠰᠤᠷᠪᠤᠯᠵᠢᠯᠠᠭᠴᠢ ᠱᠢ ᠵᠢᠶᠠ ᠯᠢ ) | | | | |