ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ ᠤᠨ ᠲᠠᠯ᠎ᠠ ᠶᠢᠰᠦᠳᠦᠭᠡᠷ | ᠲᠤᠭᠠᠳᠤ | 2002 ᠣᠨ ᠤ 8 ᠰᠠᠷ᠎ᠠ ᠶᠢᠨ 2` ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤᠶᠢᠨ ᠬᠤᠷᠢᠶᠠᠨ ᠤ | ᠭᠤᠴᠢᠨ ᠨᠢᠭᠡᠳᠦᠭᠡᠷ ᠬᠤᠷᠠᠯᠳᠤᠭᠠᠨ ᠠᠴᠠ ᠪᠠᠲᠤᠯᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠳᠦᠷᠢᠮ︾ ᠢ 2002 ᠣᠨ ᠤ 12 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2002 ᠣᠨ ᠤ 8 ᠰᠠᠷ᠎ᠠ ᠵᠠ 2 ᠤ ᠡᠳᠦᠷ | ᠨᠢᠭᠡᠳᠦᠭᠡᠷ ᠪᠦᠯᠦᠭ ᠶᠡᠷᠦᠩᠬᠡᠶ ᠲᠤᠶᠢᠷᠢᠮ | ᠨᠢᠭᠡᠳᠦᠭᠡᠷ ᠵᠤᠷᠪᠤᠰ ᠤᠢ ᠮᠣᠳᠣᠨ ᠤ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ | ᠠᠰᠢᠭᠯᠠᠵᠤ᠂ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠢᠯᠡᠳᠪᠦᠷᠢᠯᠡᠯ᠂ ᠡᠵᠡᠩᠨᠡᠯᠳᠠ᠂ | ᠬᠡᠷᠡᠭᠯᠡᠯᠳᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠦᠷ᠎ᠡ ᠪᠠ ᠵᠤᠯᠵᠠᠭ᠎ᠠ ᠮᠣᠳᠣᠨ ᠤ ᠦᠢᠯᠡᠰ ᠤᠨ | ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠷ᠎ᠡ ᠶᠢᠨ ᠬᠠᠤᠯᠢ︾ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠦᠯᠢ ᠲᠦᠷᠢᠮ ᠢ ᠦᠨᠳᠦᠰᠦᠯᠡᠨ | ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ | ᠲᠤᠳᠤᠷ᠎ᠠ ᠤᠢ ᠮᠣᠳᠣᠨ ᠤ ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠳᠠ᠂ ᠤᠢ ᠮᠣᠳᠣᠨ ᠤ ᠡᠭᠦᠯᠳᠡᠷ ᠤᠨ | ᠰᠣᠩᠭᠤᠨ ᠪᠤᠶᠢᠵᠢᠭᠤᠯᠤᠯᠳᠠ᠂ ᠤᠷᠤᠭᠤᠯᠤᠯᠳᠠ᠂ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ | ᠦᠢᠯᠡᠳᠪᠦᠷᠢᠯᠡᠯ᠂ ᠡᠵᠡᠩᠨᠡᠯᠳᠡ᠂ ᠬᠡᠷᠡᠭᠯᠡᠯᠳᠡ ᠪᠠ ᠬᠠᠮᠢᠶᠠᠷᠤᠯᠳᠠ ᠵᠡᠷᠭᠡ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠡ | ᠪᠠ ᠬᠤᠪᠢ ᠬᠥᠮᠦᠨ ᠡᠷᠬᠡᠪᠰᠢ ᠲᠤᠰ ᠲᠥᠷᠢᠮ ᠢ ᠵᠢᠷᠤᠮᠯᠠᠬᠤ ᠬᠡᠷᠡᠭᠲᠡᠶ᠃ | |