ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠬᠡᠰᠢᠬᠦᠨ ᠤ ᠲᠠᠪᠤᠳᠤᠭᠠᠷ ᠬᠤᠷᠠᠯ ᠤᠨ 0547 ᠳ᠋ᠤᠭᠠᠷ ᠲᠣᠭᠠᠲᠤ ᠰᠠᠨᠠᠯ ᠵᠥᠪᠯᠡᠯᠭᠡ ᠶᠢᠨ ᠬᠠᠷᠢᠭᠤᠯᠲᠠ
ᠨᠡᠶᠢᠲᠡᠯᠡᠭᠰᠡᠨ ᠴᠠᠭ᠄
2018/10/8
     ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠬᠡᠰᠢᠬᠦᠨ ᠤ ᠲᠠᠪᠤᠳᠤᠭᠠᠷ ᠬᠤᠷᠠᠯ ᠤᠨ 0547 ᠳ᠋ᠤᠭᠠᠷ ᠲᠣᠭᠠᠲᠤ ᠰᠠᠨᠠᠯ ᠵᠥᠪᠯᠡᠯᠭᠡ ᠶᠢᠨ ᠬᠠᠷᠢᠭᠤᠯᠲᠠ      ᠤᠳᠤ ︽ᠳ᠋ᠧᠩᠺᠸᠦ ᠰᠢᠶᠠᠨ ᠤ ᠬᠠᠳᠤᠨ ᠳᠤᠬᠤᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢ ᠵᠦᠢ ᠵᠤᠬᠢᠰ ᠦᠭᠡᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠢ ᠨᠦᠯᠦᠭᠡᠯᠡᠭᠰᠡᠨ ᠬᠦᠴᠢᠷ ᠠᠰᠠᠭᠤᠳᠠᠯ ᠤᠨ ᠲᠤᠬᠠᠢ ᠰᠠᠨᠠᠯ ᠳᠤᠷᠠᠳᠤᠯᠭ᠎ᠠ︾᠎ ᠳᠤ ᠴᠢᠭᠯᠡᠬᠦᠯᠦᠨ᠂ ᠬᠤᠯᠪᠣᠭᠳᠠᠯ ᠪᠦᠬᠦᠢ ᠠᠰᠠᠭᠤᠯᠳᠠ ᠳᠤ ᠳᠣᠣᠷᠠᠬᠢ ᠮᠡᠲᠦ ᠬᠠᠷᠢᠭᠤᠯᠲᠠ ᠥᠭᠭᠦᠶ᠎ᠡ᠄      ︽ᠤᠢ ᠰᠢᠭᠤᠶ ᠬᠢᠭᠡᠳ ᠵᠡᠷᠯᠢᠭ ᠠᠮᠢᠳᠠᠨ ᠤ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ︾᠎ ᠶᠢ ᠦᠨᠳᠦᠰᠦᠯᠡᠨ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠳᠤ ᠬᠤᠯᠪᠤᠭᠳᠠᠭᠤᠯᠤᠨ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠠᠴᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠨᠡᠶᠢᠭᠡᠮ ᠲᠣᠭᠤᠷᠢᠭ ᠤᠨ ᠬᠠᠮᠳᠤ ᠶᠢᠨ ᠬᠠᠮᠢᠶᠠᠷᠤᠯᠳᠠ ᠶᠢᠨ ᠬᠠᠷᠢᠴᠠᠭ᠎ᠠ ᠶᠢ ᠪᠠᠶᠢᠭᠤᠯᠬᠤ ᠶᠢ ᠰᠠᠨᠠᠭᠠᠴᠢᠯᠠᠪᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠷᠣᠨ ᠲᠤᠳᠤᠷᠠᠬᠢ ᠡᠬᠢ ᠪᠠᠶᠠᠯᠢᠭ ᠤᠨ ᠬᠠᠮᠠᠭᠠᠯᠠᠯᠳᠠ ᠪᠠ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠡᠷᠬᠡ ᠶᠢ ᠨᠢᠭᠡᠳᠦᠯᠲᠡᠶ ᠬᠡᠷᠡᠭᠵᠢᠬᠦᠯᠬᠦ ᠤᠷᠢᠲᠠᠯ ᠳᠣᠣᠷ᠎ᠠ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠡᠬᠢ ᠪᠠᠶᠠᠯᠢᠭ ᠤᠨ ᠲᠡᠦᠬᠡ ᠪᠠ ᠬᠠᠤᠯᠢ ᠪᠠᠷ ᠲᠣᠭᠲᠠᠭᠠᠭᠰᠠᠨ ᠡᠷᠬᠡ ᠶᠢᠨ ᠬᠠᠷᠢᠶᠠᠯᠠᠯ ᠤᠨ ᠬᠠᠷᠢᠴᠠᠭ᠎ᠠ ᠶᠢ ᠬᠦᠨᠳᠦᠳᠬᠡᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠢ ᠬᠠᠪᠰᠤᠷᠤᠨ ᠦᠢᠯᠡᠳᠪᠦᠷᠢᠯᠡᠯ ᠤᠨ ᠠᠷᠭ᠎ᠠ ᠵᠠᠮ ᠢ ᠨᠡᠭᠡᠭᠡᠵᠦ ᠦᠭᠭᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠠᠭᠤᠭᠠᠯᠢ ᠠᠷᠠᠳ ᠠᠴᠠ ᠬᠠᠮᠠᠭᠠᠯᠠᠯᠲᠠ ᠶᠢᠨ ᠣᠷᠣᠨ ᠳᠠᠬᠢ ᠲᠤᠷᠰᠢᠯᠲᠠ ᠶᠢᠨ ᠣᠷᠣᠨ ᠤ ᠦᠢᠯᠡᠳᠪᠦᠷᠢᠯᠡᠯ ᠠᠮᠢᠳᠤᠷᠠᠯ ᠤᠨ ᠵᠢᠵᠢᠭ ᠬᠤᠷᠢᠶᠠᠯᠠᠯ ᠳᠤ ᠤᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠬᠤ ᠬᠡᠯᠪᠡᠷᠢ ᠶᠢ ᠬᠤᠪᠢᠷᠠᠭᠤᠯᠬᠤ ᠦᠭᠡᠢ᠂ ᠤᠤᠯ ᠤᠨ ᠪᠠᠶᠢᠭᠰᠠᠨ ᠠᠰᠢᠭᠯᠠᠵᠤ ᠪᠣᠯᠬᠤ ᠬᠡᠪᠴᠢᠶ᠎ᠡ᠂ ᠬᠦᠴᠦᠯᠡᠴᠡ ᠠᠴᠠ ᠬᠡᠲᠦᠷᠡᠬᠦ ᠦᠭᠡᠢ ᠤᠷᠢᠲᠠᠯ ᠳᠣᠣᠷ᠎ᠠ᠂ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠠᠵᠢᠯ ᠦᠢᠯᠡᠰ ᠢ ᠡᠷᠬᠢᠯᠡᠵᠦ ᠪᠤᠯᠤᠨ᠎ᠠ᠃ ᠡᠬᠦᠨ ᠤ ᠬᠠᠮᠲᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠨᠡᠶᠢᠭᠡᠮ ᠲᠣᠭᠤᠷᠢᠭ ᠤᠨ ᠬᠠᠮᠲᠤᠷᠠᠭᠰᠠᠨ ᠰᠡᠷᠭᠡᠶᠢᠯᠡᠯᠲᠡ ᠶᠢ ᠪᠠᠶᠢᠭᠤᠯᠵᠤ᠂ ᠡᠷᠭᠢᠨ ᠲᠣᠭᠤᠷᠢᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠡᠯᠰᠠᠨ ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠢᠶᠠᠷᠤᠯᠳᠠ ᠬᠠᠮᠠᠭᠠᠯᠠᠯᠳᠠ ᠳᠤ ᠤᠷᠤᠯᠴᠠᠭᠤᠯᠤᠨ᠎ᠠ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ  ᠬᠠᠮᠢᠶᠠᠷᠤᠨ ᠬᠠᠮᠠᠭᠠᠯᠠᠬᠤ ᠠᠵᠢᠯ ᠳᠤ ᠥᠷᠭᠡᠨ ᠢᠶᠠᠷ ᠤᠷᠤᠯᠴᠠᠭᠤᠯᠬᠤ ᠪᠠᠷ ᠳᠠᠮᠵᠢᠨ᠂ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠦᠨ᠎ᠡ᠃ ᠬᠠᠳᠤᠨ ᠳᠤᠬᠤᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠶᠢ ᠲᠠᠬᠢᠨ ᠬᠤᠪᠢᠶᠠᠷᠢᠯᠠᠬᠤ ᠳᠤ ︽ᠲᠦᠷᠦ ᠶᠢᠨ ᠶᠠᠪᠤᠳᠠᠯ ᠤᠨ ᠬᠤᠷᠢᠶᠠᠨ ᠤ ︿ᠤᠯᠤᠰ ᠤᠨ ᠲᠠᠰ ᠤᠨ ᠪᠠᠶᠢᠭᠠᠯᠢ ᠶᠢᠨ ᠳᠠᠷᠬᠠᠨ ᠣᠷᠣᠨ ᠢ ᠲᠣᠬᠢᠷᠠᠭᠤᠯᠬᠤ ᠬᠠᠮᠢᠶᠠᠷᠤᠯᠲᠠ ᠶᠢᠨ ᠲᠣᠭᠲᠠᠭᠠᠯ﹀᠎ ᠢ ᠲᠠᠷᠬᠠᠭᠠᠬᠤ ᠲᠤᠬᠠᠶ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠬᠢᠳᠠᠯ ︹ 2013 ︺ 129  ᠳ᠋ᠤᠬᠡᠷ ᠲᠤᠭᠠᠳᠤ︶᠎ ᠢ ᠦᠨᠳᠦᠰᠦᠯᠡᠨ᠂ ᠳᠣᠣᠷ᠎ᠠ ᠵᠢᠭᠰᠠᠭᠠᠭᠰᠠᠨ ᠪᠠᠶᠢᠳᠠᠯ ᠲᠠᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠲᠣᠬᠢᠷᠠᠭᠤᠯᠤᠯᠲᠠ ᠬᠢᠬᠦ ᠭᠤᠶᠤᠴᠢᠯᠠᠯ ᠭᠠᠷᠭᠠᠵᠤ ᠪᠣᠯᠤᠨ᠎ᠠ᠄ ᠨᠢᠭᠡ ᠳᠤ ᠪᠠᠶᠢᠭᠠᠯᠢ ᠶᠢᠨ ᠨᠥᠬᠦᠴᠡᠯ ᠤᠨ ᠬᠤᠪᠢᠷᠠᠯᠲᠠ ᠨᠢ ᠭᠤᠤᠯᠳᠠᠯᠭ᠎ᠠ ᠲᠠᠢ ᠬᠠᠮᠠᠭᠠᠯᠠᠬᠤ ᠡᠲᠡᠭᠡᠳ ᠤᠨ ᠣᠷᠣᠰᠢᠨ ᠲᠣᠭᠲᠠᠨᠢᠵᠤ ᠪᠠᠶᠢᠭ᠎ᠠ ᠣᠷᠴᠢᠨ ᠨᠥᠬᠦᠴᠡᠯ ᠳᠤ ᠴᠢᠬᠤᠯᠠ ᠶᠡᠭᠡ ᠬᠤᠪᠢᠷᠠᠯᠲᠠ ᠭᠠᠷᠭᠠᠭᠰᠠᠨ︔ ᠬᠤᠶᠠᠷ ᠲᠤ᠂ ᠵᠦᠪᠰᠢᠶᠡᠷᠡᠬᠦᠯᠦᠨ ᠪᠠᠶᠢᠭᠤᠯᠬᠤ ᠠᠴᠠ ᠡᠮᠦᠨ᠎ᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠲᠦᠷᠦ ᠶᠢᠨ ᠪᠠᠶᠢᠭᠤᠯᠭ᠎ᠠ ᠠᠴᠠ ᠪᠠᠶᠢᠭᠤᠯᠤᠭᠰᠠᠨ ᠪᠠᠯᠭᠠᠰᠤ ᠪᠤᠶᠤ ᠬᠤᠳᠠ ᠶᠢᠨ ᠭᠤᠣᠯ ᠪᠣᠯᠬᠤ ᠤᠷᠤᠨ ᠲᠣᠭᠤᠷᠢᠭ ᠵᠡᠷᠭᠡ ᠬᠥᠮᠦᠨ ᠠᠮᠠ ᠨᠢᠭᠲᠠᠷᠠᠨ ᠲᠥᠪᠯᠡᠷᠡᠭᠰᠡᠨ ᠣᠷᠣᠨ ᠪᠠᠶᠢᠪᠠᠯ᠂ ᠳᠠᠷᠤᠢ ᠬᠠᠮᠠᠭᠠᠯᠠᠯᠳᠠ ᠶᠢᠨ ᠦᠷᠳᠡᠭ ᠢ ᠪᠦᠷᠢᠯᠳᠦᠭᠦᠯᠦᠭᠰᠡᠨ ᠦᠭᠡᠢ ᠳᠤ ᠪᠠᠭᠳᠠᠨ᠎ᠠ︔ ᠭᠤᠷᠪᠠ ᠳᠤ᠂ ᠤᠯᠤᠰ ᠤᠨ ᠴᠢᠬᠤᠯᠠ ᠶᠡᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠤᠯᠤᠭᠰᠠᠨ᠃ ᠡᠶᠢᠮᠦ ᠠᠴᠠ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠬᠦᠯᠦᠨ᠂ ᠭᠦᠢᠴᠡᠳ ᠨᠤᠳᠠᠯᠠᠵᠦ᠂ ᠴᠢᠩᠭ᠎ᠠ ᠬᠢᠨᠠᠨ ᠵᠦᠪᠰᠢᠶᠡᠷᠡᠭᠰᠡᠨ ᠰᠠᠭᠤᠷᠢᠨ ᠳᠡᠭᠡᠷ᠎ᠡ᠂ ᠱᠠᠲᠤ ᠳᠠᠷᠠᠭᠠᠯᠠᠨ ᠮᠡᠳᠡᠬᠦᠯᠦᠨ ᠵᠤᠬᠢᠴᠠᠭᠤᠯᠬᠤ ᠬᠡᠷᠡᠭᠲᠡᠶ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号