ᠰᠢᠨᠬᠤᠸᠠ ᠬᠤᠷᠢᠶᠠᠨ ᠤ ᠪᠡᠬᠡᠵᠢᠩ ᠤᠨ 12 ᠰᠠᠷ᠎ᠠ ᠶᠢᠨ 5 ᠤ ᠴᠠᠬᠢᠯᠭᠠᠨ ᠮᠡᠳᠡᠭᠡ ᠠᠴᠠ ᠶᠡᠷᠦᠩᠬᠡᠢ ᠰᠠᠶᠢᠳ | ᠯᠢ ᠺᠧ ᠴᠢᠶᠠᠩ ᠤᠨ ᠵᠦᠪᠰᠢᠶᠡᠷᠡᠯ ᠢᠶᠠᠷ᠂ ᠳᠦᠷᠦ ᠶᠢᠨ ᠶᠠᠪᠤᠳᠠᠯ ᠤᠨ ᠬᠤᠷᠢᠶ᠎ᠠ ᠡᠮᠤᠨᠡᠬᠡᠨ ︽ᠤᠳᠤᠬᠠᠨ ᠪᠠ | ᠬᠤᠶᠢᠰᠢᠳᠡ ᠶᠢᠨ ᠬᠡᠰᠡᠭ ᠬᠤᠭᠤᠴᠠᠭᠠᠨ ᠳᠠᠬᠢ ᠠᠵᠢᠯ ᠤᠯᠭᠤᠯᠳᠠ ᠶᠢ ᠠᠬᠢᠭᠤᠯᠬᠤ ᠠᠵᠢᠯ ᠢ ᠰᠠᠶᠢᠳᠤᠷ ᠬᠢᠬᠦ ᠳᠤᠬᠠᠢ | ᠰᠠᠨᠠᠯ ᠤᠳ︾ ᠢ ᠳᠠᠷᠤᠮᠠᠯᠯᠠᠨ ᠳᠠᠷᠬᠠᠭᠠᠪᠠ᠃ | ︽ᠰᠠᠨᠠᠯ︾ ᠳᠤ ᠤᠳᠤᠬᠠᠨ ᠪᠠ ᠬᠤᠶᠢᠰᠢᠳᠡ ᠶᠢᠨ ᠬᠡᠰᠡᠭ ᠬᠤᠭᠤᠴᠠᠭᠠᠨ ᠳᠠᠬᠢ ᠠᠵᠢᠯ ᠤᠯᠭᠤᠯᠳᠠ ᠶᠢ | ᠠᠬᠢᠭᠤᠯᠬᠤ ᠭᠤᠤᠯᠳᠠᠯᠭ᠎ᠠ ᠲᠠᠢ ᠠᠷᠭ᠎ᠠ ᠠᠪᠴᠠᠯ ᠢ ᠳᠤᠷᠠᠳᠤᠨ ᠭᠠᠷᠭᠠᠪᠠ᠃ ᠨᠢᠬᠡ ᠳᠤ᠂ ᠠᠵᠥ ᠠᠬᠤᠶᠢᠯᠠᠯ ᠤᠨ | ᠳᠤᠬᠳᠠᠭᠤᠨ ᠢᠶᠠᠷ ᠬᠦᠭᠵᠢᠬᠦ ᠶᠢ ᠳᠡᠮᠵᠢᠨ᠎ᠡ᠃ ᠠᠵᠢᠯᠳᠠᠨ ᠢᠶᠠᠨ ᠬᠠᠰᠤᠬᠤ ᠦᠬᠡᠢ ᠪᠤᠶᠤ ᠠᠵᠢᠯᠳᠠᠨ ᠢᠶᠠᠨ ᠴᠦᠬᠡᠨ | ᠬᠠᠰᠤᠬᠰᠠᠨ ᠳᠠᠭᠠᠳᠬᠠᠯ ᠳᠤ ᠤᠷᠤᠯᠴᠠᠬᠰᠠᠨ ᠠᠵᠥ ᠠᠬᠤᠶᠢᠯᠠᠯ ᠳᠤ ᠪᠤᠯ᠂ ᠳᠡᠬᠡᠷ᠎ᠡ ᠵᠢᠯ ᠳᠤ ᠪᠤᠳᠠᠳᠠᠢ | ᠳᠤᠰᠢᠶᠠᠬᠰᠠᠨ ᠠᠵᠢᠯ ᠠᠯᠳᠠᠬᠰᠠᠨ ᠳᠠᠭᠠᠳᠬᠠᠯ ᠤᠨ ᠰᠦᠢᠳᠬᠡᠯ ᠤᠨ 50% ᠶᠢ ᠪᠤᠴᠠᠭᠠᠨ ᠦᠭᠴᠤ᠂ ᠡᠬᠦᠨ ᠤ | ᠳᠤᠳᠤᠷ᠎ᠠ ᠳᠦᠷ ᠴᠠᠬ ᠤᠨ ᠴᠢᠨᠠᠷᠳᠠᠢ ᠦᠢᠯᠡᠳᠪᠦᠷᠢᠯᠡᠯ ᠡᠵᠡᠩᠨᠡᠯᠳᠡ ᠳᠤ ᠬᠦᠴᠢᠷᠳᠠᠯ ᠳᠤᠯᠭᠠᠷᠠᠵᠥ ᠪᠠᠶᠢᠭ᠎ᠠ ᠪᠤᠯᠪᠠᠴᠤ | ᠰᠠᠶᠢᠵᠢᠷᠠᠬᠤ ᠬᠠᠨᠳᠤᠰᠢ ᠲᠠᠢ ᠠᠵᠥ ᠠᠬᠤᠶᠢᠯᠠᠯ ᠳᠤ ᠪᠤᠴᠠᠭᠠᠨ ᠦᠭᠭᠦ ᠡᠷᠴᠢᠮ ᠢᠶᠠᠨ ᠴᠢᠩᠭᠠᠷᠠᠭᠤᠯᠵᠥ ᠪᠤᠯᠤᠨ᠎ᠡ᠃ | ᠤᠯᠤᠰ ᠤᠨ ᠪᠡᠯᠡ ᠬᠤᠷᠠᠮᠳᠤᠭᠤᠯᠵᠥ ᠪᠠᠳᠤᠯᠠᠪᠤᠷᠢ ᠬᠢᠬᠦ ᠰᠠᠭᠤᠷᠢ ᠮᠦᠩᠬᠦᠨ ᠤ ᠦᠢᠯᠡᠳᠦᠯ ᠢ ᠬᠦᠢᠴᠡᠳ | ᠪᠠᠳᠠᠷᠠᠭᠤᠯᠵᠥ᠂ ᠡᠯ᠎ᠠ ᠭᠠᠵᠠᠷ ᠤᠨ ᠬᠢᠨ ᠤ ᠨᠦᠬᠦᠴᠡᠯ ᠳᠤ ᠨᠡᠶᠢᠴᠡᠭᠰᠡᠨ ᠪᠠᠭ᠎ᠠ ᠵᠢᠵᠢᠭ ᠠᠵᠥ ᠠᠬᠤᠶᠢᠯᠠᠯ ᠳᠤ | ᠳᠤᠤᠷ᠎ᠠ ᠰᠦᠢᠳᠬᠡᠯ ᠤᠨ ᠨᠤᠷᠮ᠎ᠠ ᠲᠠᠢ ᠪᠠᠲᠤᠯᠠᠪᠤᠷᠢ ᠬᠢᠵᠥ ᠳᠡᠮᠵᠢᠬᠦ ᠶᠢ ᠵᠤᠷᠢᠬᠵᠢᠭᠤᠯᠵᠥ᠂ ᠪᠠᠭ᠎ᠠ ᠵᠢᠵᠢᠭ ᠠᠵᠥ | ᠠᠬᠤᠶᠢᠯᠠᠯ ᠤᠨ ᠵᠢᠬᠡᠯᠡᠯᠬᠡ ᠤᠯᠬᠤ ᠶᠢ ᠳᠡᠬᠡᠭᠰᠢᠯᠡᠬᠦᠯᠦᠨ᠎ᠡ᠃ ᠬᠤᠶᠠᠷ ᠲᠤ᠂ ᠠᠵᠢᠯ ᠤᠯᠭᠤᠵᠦ ᠦᠢᠯᠡᠰ | ᠪᠤᠰᠬᠠᠬᠤ ᠶᠢ ᠵᠤᠷᠢᠠᠠᠵᠢᠭᠤᠯᠤᠨ ᠲᠡᠮᠵᠢᠨ᠎ᠠ᠃ ᠦᠢᠯᠡᠰ ᠪᠤᠰᠬᠠᠬᠤ ᠪᠠᠲᠤᠯᠠᠪᠤᠷᠢᠲᠦ ᠵᠢᠭᠡᠯᠡᠯᠭᠡ ᠶᠢᠨ ᠲᠡᠮᠵᠢᠯᠭᠡ ᠶᠢᠨ | ᠡᠷᠴᠢᠮ ᠢᠶᠠᠨ ᠴᠢᠩᠭᠠᠳᠬᠠᠠ᠂ ᠨᠦᠬᠦᠴᠡᠯ ᠳᠤ ᠨᠡᠶᠢᠴᠡᠬᠦ ᠬᠤᠪᠢ ᠬᠦᠮᠦᠨ ᠪᠤᠯᠤᠠ ᠪᠠᠭ᠎ᠠ ᠵᠢᠵᠢᠭ ᠠᠵᠦ ᠠᠬᠤᠶᠢᠯᠠᠯ | ᠲᠤᠰ ᠪᠦᠷᠢ 15 ᠲᠦᠮᠡᠡ ᠲᠦᠬᠦᠷᠢᠭ ᠪᠠ 300 ᠲᠦᠮᠡᠡ ᠲᠦᠬᠦᠷᠢᠭ ᠤᠨ ᠦᠢᠯᠡᠰ ᠪᠤᠰᠬᠠᠬᠤ ᠪᠠᠲᠤᠯᠠᠪᠤᠷᠢᠲᠦ | ᠵᠢᠭᠡᠯᠡᠯᠭᠡ ᠤᠯᠬᠤ ᠪᠠᠷ ᠭᠤᠶᠤᠴᠢᠯᠠᠵᠦ ᠪᠤᠯᠤᠨ᠎ᠠ᠃ ᠡᠯ᠎ᠠ ᠭᠠᠵᠠᠷ ᠤᠨ ᠬᠢᠨ ᠭᠤᠤᠯᠲᠠᠯᠭ᠎ᠠ ᠲᠠᠢ ᠪᠦᠯᠬᠦᠮ | ᠨᠢᠭᠡᠴᠢ ᠶᠢᠨ ᠦᠢᠯᠡᠰ ᠪᠤᠰᠬᠬᠠᠤ ᠨᠡᠪᠴᠢᠭᠦᠯᠦᠭᠴᠢ ᠠᠴᠢᠶᠠᠯᠠᠪᠤᠷᠢ ᠶᠢ ᠲᠦᠷᠭᠡᠡ ᠪᠦᠲᠦᠭᠡᠡ ᠪᠠᠶᠢᠭᠤᠯᠬᠤ ᠶᠢ | ᠵᠤᠷᠢᠠᠠᠵᠢᠭᠤᠯᠵᠦ᠂ ᠠᠵᠢᠯ ᠤᠯᠭᠤᠯᠲᠠ ᠶᠢᠨ ᠲᠠᠷᠤᠭᠠᠰᠤ ᠨᠡᠯᠢᠶᠡᠳ ᠶᠡᠭᠡ ᠪᠠᠶᠢᠭ᠎ᠠ ᠭᠠᠵᠠᠷ ᠤᠷᠤᠨ ᠠᠵᠢᠯ | ᠠᠯᠲᠠᠭᠰᠠᠳ ᠤᠨ ᠪᠡᠶ᠎ᠠ ᠪᠠᠨ ᠲᠠᠭᠠᠭᠠᠵᠦ ᠦᠢᠯᠡᠰ ᠪᠤᠰᠬᠠᠬᠤ ᠳᠤ ᠡᠵᠡᠩᠨᠡᠯᠲᠡ ᠶᠢᠨ ᠲᠠᠯᠠᠪᠤᠷ ᠭᠠᠵᠠᠷ ᠢ ᠰᠦᠢᠳᠭᠡᠯ | ᠠᠪᠬᠤ ᠦᠭᠡᠢ ᠪᠠᠷ ᠬᠠᠩᠭᠠᠨ᠎ᠠ᠃ ᠭᠤᠷᠪᠠᠠ ᠵᠢᠯ ᠳᠤ ᠵᠠᠭᠤᠨ ᠲᠦᠮᠡᠡ ᠵᠠᠯᠠᠭᠤᠴᠤᠳ ᠤᠨ ᠲᠠᠲᠤᠯᠭ᠎ᠠ ᠬᠢᠬᠦ | ᠲᠦᠯᠦᠪᠯᠡᠭᠡ ᠶᠢ ᠭᠡᠷᠡᠭᠵᠢᠭᠦᠯᠵᠦ᠂ ᠠᠵᠢᠯ ᠤᠯᠭᠤᠬᠤ ᠲᠠᠲᠤᠯᠭ᠎ᠠ ᠶᠢᠨ ᠨᠦᠬᠦᠪᠦᠷᠢ ᠶᠢᠨ ᠬᠡᠪᠴᠢᠶ᠎ᠠ ᠶᠢ 16 — | 24 ᠨᠠᠰᠤᠨ ᠤ ᠠᠵᠢᠯ ᠠᠯᠲᠠᠭᠰᠠᠠ ᠵᠠᠯᠠᠭᠤᠴᠤᠳ ᠲᠤ ᠬᠦᠷᠲᠠᠯ᠎ᠠ ᠦᠷᠭᠡᠳᠭᠡᠨ᠎ᠠ᠃ ᠭᠤᠷᠪᠠ ᠳᠤ᠂ ᠪᠤᠯᠪᠠᠰᠤᠷᠠᠯ | ᠬᠦᠷᠲᠡᠭᠡᠬᠦ ᠶᠢ ᠢᠲᠡᠪᠬᠢᠲᠠᠢ ᠭᠡᠷᠡᠭᠵᠢᠭᠦᠯᠦᠨ᠎ᠠ᠃ ᠬᠦᠴᠢᠷᠲᠠᠯᠲᠠᠢ ᠠᠵᠦ ᠠᠬᠤᠶᠢᠯᠠᠯ ᠠᠵᠢᠯᠲᠠᠠ ᠠᠵᠢᠯᠴᠢᠳ ᠢᠶᠠᠨ | ᠠᠵᠢᠯ ᠤᠨ ᠪᠠᠶᠢᠷᠢ ᠲᠡᠭᠡᠷ᠎ᠠ ᠨᠢ ᠪᠤᠯᠪᠠᠰᠤᠷᠠᠭᠤᠯᠬᠤ ᠶᠢ ᠵᠤᠬᠢᠶᠠᠠ ᠪᠠᠶᠢᠭᠤᠯᠤᠨ ᠭᠡᠷᠡᠭᠵᠢᠭᠦᠯᠵᠦ᠂ ᠠᠵᠦ | ᠠᠬᠤᠶᠢᠯᠠᠯ ᠤᠨ ᠠᠵᠢᠯᠲᠠᠠ ᠠᠵᠢᠯᠴᠢᠳ ᠤᠨ ᠰᠤᠷᠭᠠᠠ ᠬᠦᠮᠦᠵᠢᠯ ᠤᠨ ᠵᠠᠷᠤᠲᠠᠯ ᠬᠦᠷᠦᠯᠴᠡᠬᠦ ᠦᠭᠡᠢ ᠭᠡᠰᠡᠭ ᠢ | ᠪᠠᠶᠢᠭ᠎ᠠ ᠭᠠᠵᠠᠷ ᠤᠨ ᠬᠦᠮᠦᠨ ᠤ ᠬᠦᠴᠤᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ | ᠮᠦᠴᠢᠷ ᠠᠴᠠ ᠬᠢᠨᠠᠠ ᠰᠢᠯᠭᠠᠵᠦ ᠦᠨᠡᠯᠡᠭᠡᠳ ᠬᠢᠷᠢ ᠲᠡᠩᠴᠡᠭᠰᠡᠡ ᠤ ᠲᠠᠷᠠᠭ᠎ᠠ᠂ ᠠᠵᠢᠯ ᠤᠯᠭᠤᠯᠲᠠ ᠶᠢᠨ ᠨᠦᠬᠦᠪᠦᠷᠢ | ᠪᠡᠯᠡ ᠮᠦᠩᠭᠦ ᠪᠠᠷ ᠵᠤᠬᠢᠰᠲᠠᠢ ᠲᠡᠮᠵᠢᠨ᠎ᠠ᠃ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠬᠰᠠᠳ ᠲᠤ | ᠨᠡᠶᠢᠳᠡᠮ ᠵᠠᠰᠠᠬ ᠤᠨ ᠤᠷᠳᠤᠨ ᠠᠴᠠ ᠨᠦᠬᠦᠪᠤᠷᠢ ᠦᠭᠬᠦ ᠪᠤᠯᠪᠠᠰᠤᠷᠠᠯ ᠦᠷᠨᠢᠬᠦᠯᠵᠤ᠂ ᠡᠬᠦᠨ ᠤ ᠳᠤᠳᠤᠷᠡᠬᠢ | ᠨᠦᠬᠦᠴᠡᠯ ᠳᠤ ᠲᠤᠬᠢᠷᠠᠬᠤ ᠠᠵᠢᠯ ᠤᠯᠬᠤ ᠳᠤ ᠬᠦᠴᠢᠷᠳᠠᠯᠳᠠᠢ ᠬᠦᠮᠤᠰ ᠪᠤᠯᠤᠨ ᠠᠵᠢᠯ ᠲᠠᠢ ᠬᠦᠮᠤᠨ ᠦᠬᠡᠢ ᠭᠡᠷ | ᠪᠦᠯᠢ ᠶᠢᠨ ᠪᠦᠷᠢᠯᠳᠤᠬᠦᠨ ᠳᠤ ᠪᠤᠯᠪᠠᠰᠤᠷᠠᠯ ᠤᠨ ᠬᠤᠭᠤᠴᠠᠭᠠᠨ ᠳᠤ ᠲᠠᠬᠢᠨ ᠠᠮᠢᠳᠤᠷᠠᠯ ᠤᠨ ᠨᠦᠬᠦᠪᠤᠷᠢ ᠦᠭᠬᠦᠨ᠎ᠠ᠃ | ᠮᠡᠷᠬᠡᠵᠢᠯ ᠤᠷ᠎ᠠ ᠮᠡᠷᠬᠡᠵᠢᠯ ᠢ ᠲᠡᠭᠡᠭᠰᠢᠯᠡᠬᠦᠯᠬᠦ ᠨᠦᠬᠦᠪᠤᠷᠢ ᠭᠤᠶᠤᠴᠢᠯᠠᠨ ᠠᠪᠬᠤ ᠨᠦᠬᠦᠴᠠᠯ ᠢ ᠠᠵᠤ | ᠠᠬᠤᠶᠢᠯᠠᠯ ᠤᠨ ᠠᠵᠢᠯᠯᠠᠵᠤ ᠪᠠᠶᠢᠭ᠎ᠠ ᠠᠵᠢᠯᠳᠠᠨ 3 ᠵᠢᠯ ᠠᠴᠠ ᠲᠡᠭᠡᠭᠰᠢ ᠠᠵᠢᠯ ᠠᠯᠳᠠᠯᠳᠠ ᠶᠢᠨ ᠲᠠᠭᠠᠳᠬᠠᠯ | ᠲᠤᠰᠢᠶᠠᠬᠰᠠᠨ ᠨᠦᠬᠦᠴᠡᠯ ᠠᠴᠠ 1 ᠵᠢᠯ ᠠᠴᠠ ᠲᠡᠭᠡᠭᠰᠢ ᠲᠤᠰᠢᠶᠠᠬᠤ ᠪᠤᠯᠭᠠᠨ ᠲᠤᠬᠢᠷᠠᠭᠤᠯᠪᠠ᠃ ᠲᠦᠷᠪᠡ ᠳᠤ᠂ | ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠬᠰᠠᠳ ᠢ ᠬᠠᠪᠰᠤᠷᠤᠨ ᠲᠡᠮᠵᠢᠬᠦ ᠠᠵᠢᠯᠯᠠᠭ᠎ᠠ ᠶᠢ ᠴᠠᠬ | ᠲᠤᠬᠠᠢ ᠳᠤᠨᠢ ᠦᠷᠨᠢᠬᠦᠯᠤᠨ᠎ᠠ᠃ ᠠᠵᠢᠯ ᠠᠯᠳᠠᠬᠰᠠᠳ ᠪᠠᠶᠢᠩᠭᠤ ᠰᠠᠭᠤᠭ᠎ᠠ ᠭᠠᠵᠠᠷ ᠲᠠᠭᠠᠨ ᠠᠵᠢᠯ ᠠᠯᠳᠠᠬᠰᠠᠨ ᠢᠶᠠᠷ | ᠲᠠᠩᠰᠠᠯᠠᠭᠤᠯᠵᠤ᠂ ᠲᠤᠬᠠᠢ ᠶᠢᠨ ᠭᠠᠵᠠᠷ ᠤᠨ ᠠᠵᠢᠯ ᠤᠯᠵᠤ ᠦᠢᠯᠡᠰ ᠪᠤᠰᠬᠠᠬᠤ ᠦᠢᠯᠡᠴᠢᠯᠡᠭᠡ᠂ ᠠᠵᠢᠯ | ᠤᠯᠭᠤᠯᠳᠠ ᠶᠢ ᠲᠡᠮᠵᠢᠬᠦ ᠲᠦᠷᠤ ᠶᠢᠨ ᠪᠤᠳᠤᠯᠭ᠎ᠠ᠂ ᠭᠤᠤᠯᠳᠠᠯᠭ᠎ᠠ ᠲᠠᠢ ᠬᠦᠮᠤᠰ ᠤᠨ ᠠᠵᠢᠯ ᠤᠯᠵᠤ ᠦᠢᠯᠡᠰ | ᠪᠤᠰᠬᠠᠬᠤ ᠭᠠᠶᠢᠯᠢ ᠶᠢᠨ ᠬᠠᠷᠠᠭᠠᠯᠵᠠᠯ ᠤᠨ ᠲᠦᠷᠤ ᠶᠢᠨ ᠪᠣᠳᠣᠯᠭ᠎ᠠ ᠶᠢ ᠬᠦᠷᠳᠡᠵᠤ ᠪᠤᠯᠤᠨ᠎ᠠ᠃ ᠨᠦᠬᠦᠴᠠᠯ ᠳᠤ | ᠲᠤᠬᠢᠷᠠᠬᠤ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠬᠰᠠᠳ ᠲᠤ ᠴᠠᠬ ᠲᠤᠬᠠᠢ ᠳᠤᠨᠢ ᠠᠵᠢᠯ | ᠠᠯᠳᠠᠯᠳᠠ ᠶᠢᠨ ᠲᠠᠭᠠᠳᠬᠠᠯ ᠤᠨ ᠬᠠᠷᠠᠭᠠᠯᠵᠠᠯ ᠢ ᠨᠠᠶᠢᠳᠠᠪᠤᠷᠢᠵᠢᠭᠤᠯᠵᠤ᠂ ᠲᠡᠷᠡᠴᠢᠯᠠᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠳᠤᠯᠠᠪᠤᠷᠢ ᠪᠤᠯᠤᠨ ᠲᠦᠷ ᠴᠠᠬ ᠠᠪᠤᠷᠠᠨ ᠲᠤᠰᠠᠯᠠᠬᠤ ᠬᠦᠷᠢᠶᠠᠨ ᠳᠤ ᠤᠷᠤᠭᠤᠯᠵᠤ ᠪᠤᠯᠤᠨ᠎ᠠ᠃ ︵ | ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ︶ | | | | | | | | | | | |