ᠤᠯᠠᠨ ᠤᠯᠤᠰ ᠤᠨ ᠲᠠᠰ ᠤᠨ ᠬᠡᠭᠡᠷ᠎ᠡ ᠶᠢᠨ ᠰᠢᠪᠠᠭᠤᠨ ᠤ ᠲᠦᠷᠦᠯ ᠥᠪᠥᠷ ᠮᠣᠩᠭᠤᠯ ᠤᠨ ᠬᠠᠨ ᠠᠭᠤᠯᠠ ᠎ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ‌‍ᠳᠣ ᠡᠭᠦᠷᠭᠡᠯᠡᠵᠦ ᠪᠠᠶᠢᠨ᠎ᠠ
ᠨᠡᠶᠢᠲᠡᠯᠡᠭᠰᠡᠨ ᠴᠠᠭ᠄
2018/6/21
     ᠣᠳᠣ ᠰᠢᠪᠠᠭᠤᠨ ᠤ ᠲᠥᠷᠥᠯ ᠤᠨ ᠦᠷᠡᠵᠢᠯ ᠤᠨ ᠬᠠᠮᠤᠭ ᠰᠠᠶᠢᠨ ᠤᠯᠠᠷᠢᠯ ᠶᠤᠮ - ᠬᠠᠨ ᠠᠭᠤᠯᠠ ᠶᠢᠨ ᠬᠠᠮᠠᠭᠠᠯᠠᠯᠲᠠ ᠶᠢᠨ ᠣᠷᠣᠨ ᠳᠤ ᠨᠡᠯᠢᠶᠡᠳ ᠲᠣᠭᠠᠨ ᠤ  ᠰᠢᠪᠠᠭᠤᠨ ᠤ ᠲᠥᠷᠥᠯ ᠠᠭᠠᠷ ᠲᠤ ᠬᠠᠯᠢᠨ ᠪᠥᠵᠢᠭᠯᠡᠵᠤ ᠂ ᠬᠡᠭᠡᠷ᠎ᠡ ᠶᠢᠨ ᠨᠤᠭᠤᠰᠤ ᠵᠡᠷᠭᠡ ᠣᠰᠣᠨ ᠰᠢᠪᠠᠭᠤ ᠡᠷᠬᠡ ᠴᠢᠯᠥᠭᠡ ᠲᠠᠢ ᠪᠠᠷ ᠨᠠᠭᠠᠳᠴᠤ ᠪᠠᠶᠢᠭ᠎ᠠ ᠶᠢ ᠣᠯᠵᠤ ᠦᠵᠡᠬᠦ ᠪᠣᠯᠤᠨ᠎ᠠ᠃ ᠬᠠᠮᠠᠭᠠᠯᠠᠯᠲᠠ ᠶᠢᠨ ᠣᠷᠣᠨ ᠤ ᠬᠢᠨᠠᠨ ᠬᠡᠮᠵᠢᠬᠦ ᠠᠵᠢᠯᠳᠠᠨ ᠠᠴᠠ ᠬᠠᠷ᠎ᠠ ᠥᠷᠪᠢ᠂ ᠲᠣᠭᠤᠳᠠᠭ ᠵᠡᠷᠭᠡ ᠤᠯᠠᠨ ᠵᠦᠢᠯ ᠤᠨ ᠤᠯᠤᠰ ᠤᠨ ᠲᠠᠰ ᠤᠨ ᠬᠡᠭᠡᠷ᠎ᠡ ᠶᠢᠨ ᠰᠢᠪᠠᠭᠤᠳ ᠬᠠᠮᠠᠭᠠᠯᠠᠯᠲᠠ ᠶᠢᠨ ᠣᠷᠣᠨ ᠳᠤ ᠡᠭᠦᠷ ᠪᠠᠷᠢᠵᠤ᠂ ᠰᠢᠨ᠎ᠡ ᠠᠮᠢ ᠠᠮᠢᠵᠢᠷᠠᠯ ᠪᠤᠶᠢᠵᠢᠭᠤᠯᠤᠭᠰᠠᠨ ᠪᠠᠶᠢᠳᠠᠯ ᠢ ᠳᠠᠬᠢᠨᠲᠠ ᠣᠯᠵᠤ ᠬᠠᠷᠠᠪᠠ᠃      ᠦᠢᠷ᠎ᠡ ᠶᠢᠨ ᠵᠢᠯ ᠠᠴᠠ ᠨᠠᠰᠢ᠂ ᠠᠵᠤ ᠬᠠᠮᠠᠭᠠᠯᠠᠯᠲᠠ ᠶᠢᠨ ᠣᠷᠣᠨ ᠤ ᠡᠯ᠎ᠡ ᠵᠦᠢᠯ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠲᠠᠰᠤᠷᠠᠯᠳᠡ ᠦᠬᠡᠢ ᠴᠢᠩᠭᠠᠳᠬᠠᠬᠤ ᠶᠢ ᠳᠠᠭᠠᠯᠳᠣᠨ᠂ ᠠᠮᠢ ᠠᠬᠤᠶ ᠶᠢᠨ ᠣᠷᠴᠢᠨ ᠨᠥᠬᠦᠴᠡᠯ ᠲᠦᠷᠭᠡᠨ ᠰᠡᠷᠭᠦᠭᠡᠪᠡ᠃ ᠬᠠᠮᠠᠭᠠᠯᠠᠯᠲᠠ ᠶᠢᠨ ᠣᠷᠣᠨ ᠤ ᠳᠣᠲᠣᠷ᠎ᠠ ᠲᠤᠩᠭᠠᠯᠠᠭ ᠭᠤᠤᠯ ᠭᠤᠷᠤᠬ᠎ᠠ᠂ ᠣᠯᠠᠨ ᠲᠠᠷᠬᠠᠬᠰᠠᠨ ᠨᠤᠭᠤ ᠭᠠᠵᠠᠷ᠂ ᠢᠭᠴᠤ ᠰᠠᠬᠤᠯᠢᠭ ᠪᠣᠲᠠ ᠰᠥᠭᠡᠭ᠂ ᠠᠭᠤᠯᠠᠷᠬᠠᠭ ᠭᠠᠵᠠᠷ ᠤᠨ ᠨᠤᠭᠤ ᠭᠠᠵᠠᠷ ᠪᠠ ᠡᠭᠴᠡ ᠴᠢᠯᠠᠭᠤᠯᠢᠭ ᠤᠨ ᠬᠠᠨ᠎ᠠ᠂ ᠢᠯᠠᠩᠭᠤᠶ᠎ᠠ ᠦᠷᠭᠦᠯᠵᠢᠯᠡᠭᠰᠡᠨ ᠥᠷᠭᠡᠨ ᠠᠭᠤᠳᠠᠮ ᠪᠠᠶᠢᠭᠠᠯᠢ ᠶᠢᠨ ᠬᠤᠶᠢᠨ᠎ᠠ ᠪᠣᠯᠤᠭᠰᠠᠨ ᠤᠢ ᠨᠢ ᠡᠯ᠎ᠡ ᠵᠦᠢᠯ ᠤᠨ ᠰᠢᠪᠠᠭᠤᠳ ᠤᠨ ᠣᠷᠣᠰᠢᠨ ᠠᠮᠢᠳᠤᠷᠠᠬᠤ ᠳᠤ ᠲᠡᠭᠦᠯᠳᠡᠷ ᠰᠠᠶᠢᠨ ᠣᠷᠴᠢᠨ ᠲᠣᠭᠤᠷᠢᠨ ᠬᠠᠩᠭᠠᠵᠣ ᠦᠭᠴᠡᠢ᠃ ᠠᠮᠢ ᠠᠬᠤᠶ ᠤᠯᠠᠮ ᠰᠠᠶᠢᠵᠢᠷᠠᠭᠰᠠᠨ ᠠᠴᠠ ᠮᠠᠰᠢ ᠣᠯᠠᠨ ᠬᠤᠪᠣᠷ ᠴᠤᠬᠠᠭ ᠰᠢᠪᠠᠭᠤᠨ ᠤ ᠲᠥᠷᠥᠯ ᠢ ᠲᠠᠲᠠᠵᠣ᠂ ᠬᠠᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠨᠢᠭᠡᠨᠲᠡ ᠨᠡᠭᠦᠳᠡᠯ ᠤᠨ ᠰᠢᠪᠠᠭᠤᠨ ᠤ ᠣᠷᠣᠰᠢᠨ ᠠᠮᠢᠳᠤᠷᠠᠬᠤ ᠴᠢᠬᠤᠯᠠ ᠦᠷᠲᠡᠭᠡ ᠪᠣᠯᠤᠭᠰᠠᠨ ᠪᠠᠶᠢᠨ᠎ᠠ᠃ ᠨᠡᠶᠢᠳᠡᠮ ᠪᠠᠶᠢᠴᠠᠭᠠᠯᠲᠠ ᠶᠢᠨ ᠪᠦᠷᠢᠳᠬᠡᠯ ᠢ ᠦᠨᠳᠦᠰᠦᠯᠡᠪᠡᠯ᠂ ᠬᠠᠮᠠᠭᠠᠯᠠᠯᠲᠠ ᠶᠢᠨ ᠣᠷᠣᠨ ᠤ ᠳᠣᠲᠣᠷ᠎ᠠ ᠨᠢᠭᠡᠨᠲᠡ 120 ᠭᠠᠷᠤᠶ ᠰᠢᠪᠠᠭᠤᠨ ᠤ ᠲᠦᠷᠦᠯ ᠲᠡᠮᠲᠡᠭᠯᠡᠭᠳᠡᠭᠡᠳ᠂ ᠰᠢᠪᠠᠭᠤᠨ ᠤ ᠲᠥᠷᠥᠯ ᠤᠨ ᠣᠯᠠᠨ ᠶᠠᠩᠵᠤᠲᠤ ᠴᠢᠨᠠᠷ ᠨᠡᠯᠢᠶᠡᠳ ᠥᠨᠳᠥᠷ ᠪᠠᠶᠢᠬᠤ ᠶᠢ ᠢᠯᠡᠷᠡᠭᠦᠯᠦᠭᠰᠡᠨ ᠪᠠᠶᠢᠨ᠎ᠠ᠃ ᠡᠨᠡ ᠪᠣᠯ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠦᠷ᠎ᠡ ᠪᠦᠲᠦᠭᠡᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠭᠰᠠᠨ ᠦᠷ᠎ᠡ ᠪᠦᠲᠦᠭᠡᠯ ᠮᠦᠨ᠃  
 
ᠢᠷᠡᠯᠲᠡ᠄ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号