ᠠᠶᠤᠩᠭ᠎ᠠ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ | ᠭᠤᠣᠯ ᠡᠭᠦᠷᠭᠡ ᠬᠠᠷᠢᠭᠤᠴᠠᠯᠭ᠎ᠠ᠄ | ᠮᠤ᠋ ᠶᠤᠸᠠᠨ ᠲᠢᠩᠬᠢᠮ ᠤᠨ ᠳᠠᠷᠤᠭ᠎ᠠ ᠶᠢ ᠬᠠᠪᠰᠤᠷᠤᠨ ᠠᠵᠢᠯᠳᠠᠨ ᠤ ᠶᠠᠪᠤᠳᠠᠯ᠂ ᠤᠢ ᠰᠢᠭᠤᠶ ᠶᠢᠨ | ᠳᠣᠲᠣᠭᠠᠳᠤ ᠶᠢ ᠬᠠᠮᠠᠭᠠᠯᠠᠬᠤ᠂ ᠠᠵᠢᠯ ᠠᠴᠠ ᠠᠮᠠᠷᠠᠵᠦ ᠪᠠᠭᠤᠭᠰᠠᠨ ᠬᠥᠮᠦᠰ ᠤᠨ ᠬᠠᠮᠢᠶᠠᠷᠤᠯᠲᠠ᠂ ᠡᠯᠡᠰᠦ ᠶᠢ | ᠲᠣᠭᠲᠠᠪᠤᠷᠢᠵᠢᠭᠤᠯᠵᠤ ᠣᠶᠢᠵᠢᠭᠤᠯᠬᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ᠂ ᠲᠠᠷᠢᠶᠠᠯᠠᠬᠤ ᠶᠢ | ᠵᠤᠭᠰᠤᠭᠠᠵᠦ ᠤᠢ ᠰᠢᠭᠤᠢ ᠶᠢ ᠰᠡᠷᠬᠦᠬᠡᠬᠦ᠂ ᠤᠢ ᠮᠣᠳᠣᠨ ᠤ ᠦᠷ᠎ᠡ ᠪᠠ ᠵᠤᠯᠵᠠᠭ᠎ᠠ ᠮᠤᠳᠤ ᠶᠢ ᠪᠤᠶᠢᠵᠢᠭᠤᠯᠬᠤ᠂ | ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ᠂ ᠴᠢᠭᠢᠭᠯᠢᠭ ᠭᠠᠵᠠᠷ ᠢ ᠬᠠᠮᠠᠭᠠᠯᠠᠨ ᠬᠠᠮᠢᠶᠠᠷᠬᠤ ᠪᠠ | ᠪᠠᠶᠢᠭᠤᠯᠭ᠎ᠠ ᠶᠢᠨ ᠠᠷᠤ ᠲᠠᠯ᠎ᠠ ᠶᠢᠨ ᠠᠵᠢᠯ ᠢ ᠬᠠᠷᠢᠭᠤᠴᠠᠳᠠᠭ᠃ | ᠠᠵᠢᠯᠳᠠᠨ ᠤ ᠶᠠᠪᠤᠳᠠᠯ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ︵ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ | ᠲᠤᠪᠴᠢᠶᠠᠨ ᠤ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠪᠢᠶᠠᠷᠢ ᠲᠣᠪᠴᠢᠶ᠎ᠠ᠂ | ᠳ᠋ᠧᠩᠺᠧᠤ ᠡᠯᠡᠰᠦ ᠮᠠᠩᠬᠠᠨ ᠤ ᠤᠢ ᠰᠢᠭᠤᠶ ᠶᠢᠨ ᠬᠤᠪᠢᠶᠠᠷᠢ ᠲᠣᠪᠴᠢᠶ᠎ᠠ ᠪᠠᠭᠳᠠᠨ᠎ᠠ︶᠂ ᠶᠡᠭᠡ ᠬᠢᠩᠭᠠᠨ ᠳᠠᠪᠠᠭᠠᠨ ᠤ | ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ | ᠬᠥᠮᠦᠰ ᠤᠨ ᠠᠵᠢᠯ ᠤᠨ ᠭᠠᠵᠠᠷ᠂ ᠡᠯᠡᠰᠦ ᠶᠢ ᠲᠣᠭᠲᠠᠪᠤᠷᠢᠵᠢᠭᠤᠯᠵᠤ ᠣᠶᠢᠵᠢᠭᠤᠯᠬᠤ ᠭᠠᠵᠠᠷ᠂ ᠨᠣᠭᠤᠭᠠᠷᠠᠭᠤᠯᠬᠤ | ᠠᠵᠢᠯ ᠤᠨ ᠦᠷᠳᠡᠭᠡ ︵ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠭᠤᠣᠯᠳᠠᠯᠭ᠎ᠠ ᠲᠠᠢ ᠣᠷᠣᠨ ᠤ | ᠨᠣᠭᠤᠭᠠᠷᠠᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ︶᠂ ᠲᠠᠷᠢᠶᠠᠯᠠᠬᠤ ᠶᠢ ᠵᠣᠭᠰᠣᠭᠠᠵᠤ ᠤᠢ | ᠰᠢᠭᠤᠶ ᠶᠢ ᠰᠡᠷᠭᠦᠭᠡᠬᠦ ᠪᠠ ᠭᠠᠳᠠᠭᠠᠳᠤ ᠲᠤᠰᠠᠯᠠᠮᠵᠢ ᠶᠢᠨ ᠬᠠᠮᠢᠶᠠᠷᠤᠯᠲᠠ ᠶᠢᠨ ᠲᠥᠪ ︵ᠤᠢ ᠰᠢᠭᠤᠶ ᠶᠢᠨ ᠰᠠᠭᠤᠷᠢ | ᠮᠥᠩᠭᠦ ᠶᠢᠨ ᠬᠠᠮᠢᠶᠠᠷᠤᠯᠲᠠ ᠶᠢᠨ ᠦᠷᠲᠡᠭᠡ︶᠂ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠥᠷᠲᠡᠭᠡ ︵ | ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠶᠠᠰᠤ ᠴᠢᠨᠠᠷ ᠲᠤ ᠬᠢᠨᠠᠯᠲᠠ ᠲᠠᠯᠪᠢᠵᠦ ᠰᠢᠯᠭᠠᠨ ᠪᠠᠶᠢᠴᠠᠭᠠᠬᠤ | ᠦᠷᠳᠡᠭᠡ︶᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠲᠦᠪ᠂ ᠪᠠᠶᠢᠭᠤᠯᠭ᠎ᠠ ᠶᠢᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠠᠵᠢᠯ ᠢ ᠬᠤᠪᠢᠳᠠᠨ ᠬᠠᠮᠢᠶᠠᠷᠴᠤ ᠪᠤᠢ᠃ | ᠬᠤᠪᠢ ᠬᠥᠮᠦᠨ ᠤ ᠲᠣᠪᠴᠢ ᠨᠠᠮᠲᠠᠷ : | ᠡᠷᠡᠭᠲᠡᠶ᠂ ᠮᠣᠩᠭᠤᠯ ᠦᠨᠳᠦᠰᠦᠲᠡᠨ᠂1963 ᠣᠨ ᠤ 2 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂1986 ᠣᠨ ᠤ 7 ᠰᠠᠷ᠎ᠠ ᠳᠤ ᠠᠵᠢᠯ ᠳᠤ ᠤᠷᠤᠯᠴᠠᠪᠠ᠃ | ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠪᠠᠷ ᠠᠵᠢᠯᠯᠠᠵᠦ ᠪᠤᠢ᠃ |