ᠲᠥᠯᠥᠪᠵᠢᠭᠦᠯᠭᠡ ᠡᠳ᠋ ᠤᠨ ᠶᠠᠪᠤᠳᠠᠯ ᠤᠨ ᠭᠠᠵᠠᠷ
ᠨᠡᠶᠢᠲᠡᠯᠡᠭᠰᠡᠨ ᠴᠠᠭ᠄
2018/8/27
      ᠤᠢ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠲᠦᠯᠦᠪᠵᠢᠬᠦᠯᠭᠡ ᠶᠢ ᠲᠤᠭᠤᠷᠪᠢᠨ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠪᠡᠯᠡ ᠮᠥᠩᠭᠦ ᠵᠢᠴᠢ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠪᠣᠯᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠤᠨ᠎ᠠ᠃ ᠵᠢᠯ ᠤᠨ  ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠪᠠᠭᠤᠯᠭᠠᠨ᠎ᠠ᠃ ᠠᠮᠢ ᠠᠬᠤᠶ ᠪᠠᠷ ᠶᠠᠳᠠᠭᠤ ᠶᠢ ᠲᠡᠳᠬᠦᠬᠦ ᠪᠠ ᠬᠠᠮᠢᠶ᠎ᠠ ᠪᠦᠬᠦᠢ ᠠᠮᠢ ᠠᠬᠤᠶ ᠶᠢᠨ ᠨᠥᠬᠦᠪᠥᠷᠢ ᠶᠢᠨ ᠳᠦᠷᠢᠮ ᠢ ᠬᠡᠷᠡᠭᠵᠢᠭᠦᠯᠬᠦ ᠳᠤ ᠣᠷᠣᠯᠴᠠᠨ᠎ᠠ᠃ ᠭᠠᠳᠠᠭᠠᠳᠤ ᠳᠤ ᠬᠤᠯᠪᠣᠭᠳᠠᠬᠤ᠂ ᠭᠠᠳᠠᠭᠠᠳᠤ ᠳᠤ ᠲᠤᠰᠠᠯᠠᠬᠤ ᠲᠥᠷᠥᠯ  ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠮᠡᠳᠡᠭᠦᠯᠬᠦ ᠶᠢᠨ ᠬᠠᠮᠲᠤ ᠵᠢᠯᠣᠭᠤᠳᠴᠤ᠂ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠳᠠᠭᠠᠳᠤ ᠯᠤᠭ᠎ᠠ ᠶᠢᠨ ᠬᠤᠷᠰᠢᠯᠴᠠᠭ᠎ᠠ ᠬᠢᠭᠡᠳ ᠰᠣᠯᠢᠯᠴᠠᠭ᠎ᠠ ᠶᠢ ᠦᠷᠨᠢᠬᠦᠯᠦᠨ᠎ᠡ᠃ ᠰᠠᠯᠠᠭ᠎ᠠ ᠮᠥᠴᠢᠷ ᠤᠨ ᠲᠥᠰᠦᠪ᠂ ᠲᠤᠭ᠎ᠠ ᠪᠦᠷᠢᠳᠬᠡᠯ ᠤᠨ ᠮᠡᠳᠡᠭᠡ ᠵᠠᠩᠭᠢ᠂ ᠬᠢᠨᠠᠨ ᠪᠣᠳᠣᠵᠤ ᠬᠢᠨᠠᠨ ᠪᠠᠶᠢᠴᠠᠭᠠᠬᠤ᠂ ᠪᠠᠶᠢᠭᠤᠯᠤᠯᠭ᠎ᠠ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠪᠣᠯᠤᠨ ᠬᠠᠷᠢᠶ᠎ᠠ ᠨᠢᠭᠡᠴᠡ ᠶᠢᠨ ᠢᠶᠠᠨ ᠲᠥᠯᠥᠪᠯᠡᠭᠡ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠬᠠᠷᠢᠯᠴᠠᠬᠤ ᠤᠲᠠᠰᠤ᠄ 0471 - 3380324       ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠤᠸᠠᠢ ᠶᠤᠸᠠᠨ ᠵᠡᠭᠦᠨ ᠵᠡᠭᠡᠯᠢ ᠶᠢᠨ 23 ᠳ᠋ᠤᠭᠠᠷ ᠨᠣᠮᠧᠷ      ᠠᠵᠢᠯᠯᠠᠬᠤ ᠴᠠᠭ᠄ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 1᠄ 30—5 ᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号