ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2018/8/27
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠳᠤ ᠬᠠᠷᠢᠶᠠᠯᠠᠭᠳᠠᠬᠤ ᠳᠡᠳ᠋ ᠲᠢᠩᠬᠢᠮ ᠤᠨ ᠲᠠᠰ ᠲᠠᠢ ᠰᠠᠴᠠᠭᠤ ᠠᠵᠢᠯ ᠦᠢᠯᠡᠰ ᠤᠨ ᠨᠢᠭᠡᠴᠡ ᠪᠣᠯᠤᠨ᠎ᠠ᠃      ᠭᠤᠣᠯ ᠡᠬᠦᠷᠭᠡ ᠬᠠᠷᠢᠭᠤᠴᠠᠯᠭ᠎ᠠ᠄ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠴᠠᠭᠠᠵᠠ᠂ ᠬᠠᠤᠯᠢ ᠲᠤᠭᠳᠠᠭᠠᠯ᠂ ᠳᠦᠷᠢᠮ ᠲᠣᠭᠲᠠᠭᠠᠯ ᠵᠢᠴᠢ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ︔ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠵᠦ ᠬᠡᠷᠡᠭᠵᠢᠬᠦᠯᠦᠨ᠎ᠡ︔ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠲᠤᠭᠳᠠᠭᠠᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠤ ᠠᠮᠢ ᠠᠬᠤᠶ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠬᠤ᠂ ᠬᠢᠨᠠᠨ ᠬᠠᠷᠭᠤᠭᠤᠯᠬᠤ᠂ ᠬᠢᠨᠠᠵᠤ ᠪᠠᠶᠢᠴᠠᠭᠠᠬᠤ᠂ ᠰᠢᠯᠭᠠᠨ ᠬᠤᠷᠢᠶᠠᠬᠤ  ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠰ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠦᠷᠨᠢᠬᠦᠯᠦᠨ᠎ᠡ︔ ᠬᠠᠷᠢᠶ᠎ᠠ ᠣᠷᠣᠨ ᠲᠤᠳᠤᠷᠠᠬᠢ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠳᠠ ᠪᠠ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃      ᠬᠠᠷᠢᠯᠴᠠᠬᠤ ᠤᠲᠠᠰᠤ᠄ 0471-2280133
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号