ᠴᠢᠭᠢᠭᠯᠢᠭ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠭᠤᠷᠪᠢᠵᠤ᠂ ᠴᠢᠭᠢᠭᠯᠢᠭ ᠭᠠᠵᠠᠷ ᠪᠠ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ | ᠪᠠᠶᠢᠴᠠᠭᠠᠬᠤ᠂ ᠬᠥᠳᠡᠯᠦᠩᠭᠦᠶ ᠬᠢᠨᠠᠨ ᠰᠢᠨᠵᠢᠬᠦ ᠬᠢᠭᠡᠳ ᠦᠨᠡᠯᠡᠬᠦ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠴᠢᠭᠢᠭᠯᠢᠭ ᠭᠠᠵᠠᠷ ᠢ ᠬᠠᠮᠠᠭᠠᠯᠠᠬᠤ ᠠᠵᠢᠯ ᠢ ᠵᠢᠯᠣᠭᠤᠳᠴᠤ᠂ ᠴᠢᠭᠢᠭᠯᠢᠭ ᠭᠠᠵᠠᠷ ᠤᠨ ᠠᠮᠢ | ᠠᠬᠤᠶ ᠶᠢ ᠰᠡᠷᠭᠦᠭᠡᠬᠦ᠂ ᠠᠮᠢ ᠠᠬᠤᠶ ᠶᠢ ᠨᠥᠬᠦᠪᠥᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠬᠤᠯᠠ | ᠴᠢᠭᠢᠭᠯᠢᠭ ᠭᠠᠵᠠᠷ ᠪᠠ ᠴᠢᠭᠢᠭᠯᠢᠭ ᠭᠠᠵᠠᠷ ᠤᠨ ᠴᠡᠴᠡᠷᠯᠢᠭ ᠢ ᠬᠢᠨᠠᠨ ᠬᠠᠮᠢᠶᠠᠷᠴᠤ᠂ ᠴᠢᠭᠢᠭᠯᠢᠭ ᠭᠠᠵᠠᠷ ᠢ ᠨᠡᠭᠡᠭᠡᠨ | ᠠᠰᠢᠭᠯᠠᠬᠤ ᠶᠢ ᠬᠢᠨᠠᠨ ᠬᠠᠮᠢᠶᠠᠷᠴᠤ᠂ ᠣᠯᠠᠨ ᠤᠯᠤᠰ ᠤᠨ ᠴᠢᠭᠢᠭᠯᠢᠭ ᠭᠠᠵᠠᠷ ᠤᠨ ᠨᠡᠶᠢᠲᠡ ᠶᠢᠨ ᠭᠡᠷ᠎ᠡ ᠶᠢ | ᠭᠦᠢᠴᠡᠳᠬᠡᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ | ᠬᠠᠮᠠᠭᠠᠯᠠᠬᠤ ᠠᠵᠢᠯ ᠢ ᠬᠢᠨᠠᠨ ᠬᠠᠮᠢᠶᠠᠷᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠬᠠᠮᠠᠭᠠᠯᠠᠬᠤ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ᠂ ᠤᠷᠭᠤᠮᠠᠯ ᠤᠨ ᠨᠡᠷᠡᠰ ᠤᠨ ᠵᠢᠭᠰᠠᠭᠠᠯᠲᠠ ᠳᠤ | ᠲᠣᠬᠢᠷᠠᠭᠤᠯᠤᠯᠲᠠ ᠬᠢᠬᠦ ᠰᠠᠨᠠᠯ ᠢ ᠰᠤᠳᠤᠯᠤᠨ ᠲᠤᠷᠠᠳᠤᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ | ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠢ ᠠᠵᠢᠯ ᠤᠨ ᠬᠤᠪᠢᠶᠠᠷᠢᠯᠠᠯ | ᠶᠣᠰᠣᠭᠠᠷ ᠬᠢᠨᠠᠨ ᠬᠠᠮᠢᠶᠠᠷᠤᠨ᠎ᠠ᠃ | ᠬᠠᠷᠢᠯᠴᠠᠬᠤ ᠤᠲᠠᠰᠤ᠄ 0471 - 3380210 | ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠤᠸᠠᠢ ᠶᠤᠸᠠᠨ ᠵᠡᠭᠦᠨ ᠵᠡᠭᠡᠯᠢ ᠶᠢᠨ 23 | ᠳ᠋ᠤᠭᠠᠷ ᠨᠣᠮᠧᠷ | ᠠᠵᠢᠯᠯᠠᠬᠤ ᠴᠠᠭ᠄ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 1᠄ 305᠄ | 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶ |