ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠭᠠᠵᠠᠷ
ᠨᠡᠶᠢᠲᠡᠯᠡᠭᠰᠡᠨ ᠴᠠᠭ᠄
2018/8/27
     ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠳᠦᠷᠦ ᠶᠢᠨ ᠪᠤᠲᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠤᠢ ᠰᠢᠭᠤᠶ ᠶᠢ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠶ ᠰᠢᠭᠤᠶ ᠶᠢᠨ ᠡᠬᠢ ᠪᠠᠶᠠᠯᠢᠭ ᠢ ᠬᠥᠳᠡᠯᠦᠩᠭᠦᠶ ᠪᠠᠷ ᠬᠢᠨᠠᠨ ᠰᠢᠨᠵᠢᠬᠦ ᠬᠢᠭᠡᠳ ᠦᠨᠡᠯᠡᠬᠦ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠶ ᠰᠢᠭᠤᠶ ᠶᠢᠨ ᠡᠬᠢ ᠪᠠᠶᠠᠯᠢᠭ ᠢ ᠬᠢᠨᠠᠨ  ᠬᠠᠮᠢᠶᠠᠷᠤᠨ᠎ᠠ᠃ ᠣᠶᠢᠲᠤ ᠭᠠᠵᠠᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃  ᠤᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠰᠢᠭᠤᠶ ᠶᠢᠨ ᠡᠵᠡᠩᠨᠡᠯᠲᠡ ᠶᠢᠨ ᠲᠥᠯᠥᠪᠵᠢᠭᠦᠯᠭᠡ ᠪᠣᠯᠤᠨ ᠣᠶ ᠰᠢᠭᠤᠶ ᠶᠢᠨ ᠡᠵᠡᠩᠨᠡᠯᠲᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠮᠣᠳᠣ ᠶᠢ ᠵᠦᠪᠰᠢᠶᠡᠷᠡᠯ ᠤᠨ ᠦᠨᠡᠮᠯᠡᠯ ᠲᠠᠢ ᠪᠠᠷ ᠣᠭᠲᠣᠯᠬᠤ᠂ ᠲᠡᠭᠡᠭᠡᠪᠦᠷᠢᠯᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠦᠨᠳᠦᠰᠦᠨ ᠱᠠᠲᠤᠨ ᠤ ᠣᠶ ᠰᠢᠭᠤᠶ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠠᠳᠬᠤᠨ᠎ᠠ᠃ ᠣᠶ ᠰᠢᠭᠤᠶ ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠣᠶ ᠰᠢᠭᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃       ᠬᠠᠷᠢᠯᠴᠠᠬᠤ ᠤᠲᠠᠰᠤ᠄ 0471 - 3381404       ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠤᠸᠠᠢ ᠶᠤᠸᠠᠨ ᠵᠡᠭᠦᠨ ᠵᠡᠭᠡᠯᠢ ᠶᠢᠨ 23 ᠳ᠋ᠤᠭᠠᠷ ᠨᠣᠮᠧᠷ       ᠠᠵᠢᠯᠯᠠᠬᠤ ᠴᠠᠭ᠄ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 1᠄ 30—5 ᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号