ᠲᠥᠪ ᠠᠽᠢᠶ᠎ᠠ ᠲᠠᠢ ᠵᠠᠬ᠎ᠠ ᠨᠡᠶᠢᠯᠡᠵᠦ ᠪᠠᠶᠢᠭ᠎ᠠ ᠮᠠᠨ ᠤ ᠤᠯᠤᠰ ᠤᠨ ᠪᠠᠷᠠᠭᠤᠨ ᠬᠤᠶᠢᠲᠤ ᠬᠢᠵᠠᠭᠠᠷ ᠤᠨ | ᠲᠠᠷᠪᠠᠭᠠᠲᠠᠢ ᠬᠤᠲᠠ ᠶᠢᠨ ᠨᠤᠲᠤᠭ ᠲᠤ ᠪᠠᠭᠲᠤ ᠭᠡᠰᠡᠨ ᠴᠢᠬᠤᠯᠠ ᠪᠣᠭᠤᠮᠲᠠ ᠪᠠᠶᠢᠳᠠᠭ᠂ ᠤᠷᠢᠳᠤ ᠴᠠᠭ ᠲᠤ | ᠡᠷᠲᠡᠨ ᠤ ᠲᠣᠷᠭᠠᠨ ᠤ ᠵᠠᠮ ᠤᠨ ᠴᠢᠬᠤᠯᠠ ᠥᠷᠲᠡᠭᠡ ᠪᠠᠶᠢᠭᠰᠠᠨ ᠪᠣᠯ ᠥᠨᠥᠳᠥᠷ ᠪᠣᠯᠬᠤ ᠳᠤ ︽ᠲᠣᠷᠭᠠᠨ ᠤ | ᠵᠠᠮ ᠤᠨ ᠠᠵᠤ ᠠᠬᠤᠢ ᠶᠢᠨ ᠪᠦᠰᠡ︾ ᠲᠠᠬᠢ ᠡᠸᠦ᠋ᠷᠦᠫᠡ ᠲᠢᠪ ᠪᠣᠯᠣᠨ ᠲᠥᠪ ᠠᠽᠢᠶ᠎ᠠ ᠠᠴᠠ ᠬᠠᠮᠤᠭ ᠤᠨ | ᠣᠶᠢᠷᠠᠬᠠᠨ ᠠᠷᠠᠯᠵᠢᠶᠠᠨ ᠤ ᠭᠦᠦᠷ ᠪᠤᠯᠤᠭᠰᠠᠨ ᠪᠠᠶᠢᠨ᠎ᠠ᠃ | ᠪᠠᠭᠲᠤ ᠪᠣᠭᠤᠮᠲᠠ ᠶᠢᠨ ᠨᠤᠲᠤᠭ ᠲᠤ ᠵᠣᠭᠰᠣᠵᠤ ᠪᠠᠶᠢᠬᠤ ᠳᠠᠭᠠᠨ ᠪᠢᠳᠠ ᠳᠡᠭᠡᠷ᠎ᠡ ᠦᠶ᠎ᠡ ᠳᠤ ᠤᠨᠤᠭ᠎ᠠ | ᠬᠥᠰᠬᠡ ᠵᠠᠯᠭᠠᠯᠳᠤᠵᠤ ᠪᠠᠶᠢᠭᠰᠠᠨ ᠳᠦᠷᠢ ᠵᠢᠷᠤᠭ ᠢ ᠤᠷᠭᠤᠭᠤᠯᠤᠨ ᠪᠣᠳᠣᠬᠤ ᠳᠤ ᠲᠡᠦᠬᠡ ᠶᠢᠨ ᠬᠠᠭᠤᠳᠠᠰᠤ ᠶᠢ | ᠡᠷᠭᠢᠭᠦᠯᠦᠨ ᠰᠡᠬᠦᠬᠦ ᠮᠡᠲᠦ ᠰᠠᠨᠠᠭᠳᠠᠨ᠎ᠠ᠃ ᠪᠣᠭᠤᠮᠲᠠ ᠶᠢᠨ ᠬᠠᠮᠢᠶᠠᠷᠤᠯᠲᠠ ᠶᠢᠨ ᠺᠣᠮᠢᠰ ᠤᠨ ᠲᠡᠳᠬᠦᠪᠦᠷᠢ ᠳᠡᠭᠡᠨ | ᠭᠠᠷᠤᠭᠰᠠᠨ ᠺᠠᠳ᠋ᠷ ᠠᠳᠢᠯ᠂ ᠠᠪᠳᠦ᠋ᠷᠾᠧᠮᠠᠨ ᠬᠡᠯᠡᠬᠦ ᠳᠡᠭᠡᠨ᠂ ᠰᠢᠨᠵᠢᠶᠠᠩ ᠤᠨ ᠨᠤᠲᠤᠭ ᠲᠠᠬᠢ 17 ᠪᠣᠭᠤᠮᠲᠠ ᠶᠢᠨ | ᠳᠣᠲᠣᠷ᠎ᠠ ᠬᠠᠮᠤᠭ ᠤᠨ ᠡᠷᠲᠡ ᠨᠡᠭᠡᠭᠡᠭᠰᠡᠨ ᠨᠢ ᠪᠠᠭᠲᠤ ᠪᠣᠭᠤᠮᠲᠠ ᠪᠣᠯᠬᠤ ᠪᠥᠭᠡᠳ ᠣᠳᠣ ᠪᠣᠯᠬᠤ ᠳᠤ 250 | ᠵᠢᠯ ᠤᠨ ᠲᠡᠦᠬᠡ ᠲᠠᠢ ᠪᠣᠯᠵᠠᠢ᠃ ᠴᠠᠭᠠᠨ ᠣᠷᠣᠰ ᠤᠨ ᠬᠠᠭᠠᠨᠲᠤ ᠤᠯᠤᠰ ᠲᠠᠢ ᠠᠷᠠᠯᠵᠢᠶ᠎ᠠ ᠰᠣᠯᠢᠯᠴᠠᠭ᠎ᠠ | ᠥᠷᠨᠢᠭᠦᠯᠦᠭᠡᠳ ᠪᠠᠰᠠ 160 ᠬᠡᠳᠦᠨ ᠵᠢᠯ ᠪᠣᠯᠵᠤ ᠪᠠᠶᠢᠨ᠎ᠠ᠃ ᠳᠡᠭᠡᠷ᠎ᠡ ᠦᠶ᠎ᠡ ᠳᠤ ᠳᠣᠲᠣᠷ ᠭᠠᠵᠠᠷ ᠪᠣᠯᠣᠨ | ᠡᠸᠦ᠋ᠷᠦᠫᠡ ᠲᠢᠪ ᠪᠠ ᠪᠠᠷᠠᠭᠤᠨ ᠠᠽᠢᠶ᠎ᠠ ᠶᠢᠨ ᠤᠯᠤᠰ ᠤᠳ ᠬᠤᠭᠤᠷᠣᠨᠳᠤᠬᠢ ᠠᠷᠠᠯᠵᠢᠶᠠᠨ ᠤ ᠵᠠᠮ ᠱᠤᠭᠤᠮ ᠤᠨ | ᠴᠢᠬᠤᠯᠠ ᠭᠠᠵᠠᠷ ᠪᠠᠶᠢᠭᠰᠠᠨ ᠪᠥᠭᠡᠳ ᠡᠷᠲᠡᠨ ᠤ ᠲᠣᠷᠭᠠᠨ ᠤ ᠵᠠᠮ ᠤᠨ ᠡᠸᠦ᠋ᠷᠦᠫᠡ ᠳᠤ ᠨᠡᠪᠲᠡᠷᠡᠬᠦ ᠳᠡᠭᠡᠨ ᠵᠠᠪᠠᠯ | ᠥᠩᠭᠡᠷᠡᠬᠦ ᠭᠠᠵᠠᠷ ᠪᠠᠶᠢᠭᠰᠠᠨ ᠤᠴᠢᠷ ᠠᠴᠠ ᠪᠠᠭᠲᠤ ᠪᠣᠭᠤᠮᠲᠠ ᠨᠢ ᠭᠠᠵᠠᠷ ᠵᠦᠢ ᠶᠢᠨ ᠣᠨᠴᠠᠭᠠᠢ ᠳᠠᠪᠠᠭᠤᠯᠢᠭ ᠲᠠᠢ | ᠶᠤᠮ᠃ 1994 ᠣᠨ ᠤ 3 ᠳ᠋ᠤᠭᠠᠷ ᠰᠠᠷ᠎ᠠ ᠶᠢᠨ 14 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠠᠴᠠ | ᠪᠠᠭᠲᠤ ᠪᠣᠭᠤᠮᠲᠠ ᠶᠢ ᠤᠯᠤᠰ ᠤᠨ ᠨᠢᠭᠡᠳᠦᠭᠡᠷ ᠲᠥᠷᠥᠯ ᠤᠨ ᠪᠣᠭᠤᠮᠲᠠ ᠪᠣᠯᠭᠠᠬᠤ ᠶᠢ ᠠᠯᠪᠠᠨ ᠶᠣᠰᠣᠭᠠᠷ | ᠵᠥᠪᠰᠢᠶᠡᠷᠡᠭᠰᠡᠨ ᠶᠤᠮ᠃ | 1995 ᠣᠨ ᠤ 7 ᠳ᠋ᠤᠭᠠᠷ ᠰᠠᠷ᠎ᠠ ᠶᠢᠨ 1 ᠤ ᠡᠳᠦᠷ᠂ ᠭᠤᠷᠪᠠᠳᠠᠭᠴᠢ ᠤᠯᠤᠰ ᠲᠤ ᠨᠡᠭᠡᠭᠡᠯᠲᠡ ᠬᠢᠬᠦ ᠪᠠᠨ | ᠪᠠᠭᠲᠤ ᠪᠣᠭᠤᠮᠲᠠ ᠶᠢᠨ ᠬᠢᠨ ᠠᠯᠪᠠᠨ ᠶᠣᠰᠣᠭᠠᠷ ᠨᠡᠶᠢᠲᠡᠯᠡᠭᠰᠡᠨ ᠶᠤᠮ ᠭᠡᠵᠡᠢ᠃ | ᠰᠤᠷᠪᠤᠯᠵᠢᠯᠠᠭ᠎ᠠ ᠶᠢᠨ ᠶᠠᠪᠤᠴᠠ ᠳᠤ᠂ ᠪᠠᠭᠲᠤ ᠪᠣᠭᠤᠮᠲᠠ ᠪᠣᠯᠣᠨ ᠬᠠᠰᠠᠭᠰᠲ᠋ᠠᠨ ᠤ ᠪᠣᠭᠤᠮᠲᠠ ᠶᠢᠨ | ᠬᠤᠭᠤᠷᠣᠨᠳᠤᠬᠢ ᠰᠣᠶᠣᠯ ᠤᠨ ᠰᠣᠯᠢᠯᠴᠠᠭ᠎ᠠ ᠡᠳᠦᠷ ᠢᠷᠡᠬᠦᠶ᠎ᠡ ᠣᠯᠠᠨ ᠪᠣᠯᠵᠤ᠂ ᠬᠤᠶᠠᠷ ᠲᠠᠯ᠎ᠠ ᠶᠢᠨ ᠠᠶᠠᠯᠠᠯ | ᠵᠢᠭᠤᠯᠴᠢᠯᠠᠯ ᠤᠨ ᠦᠢᠯᠡᠰ ᠴᠦ ᠦᠷᠭᠦᠯᠵᠢᠯᠡᠨ ᠬᠥᠭᠵᠢᠵᠦ ᠪᠠᠶᠢᠬᠤ ᠶᠢ ᠣᠯᠵᠤ ᠮᠡᠳᠡᠭᠰᠡᠨ ᠶᠤᠮ᠃ ᠬᠠᠰᠠᠭᠰᠲ᠋ᠠᠨ ᠤ | ᠢᠷᠭᠡᠨ ᠮᠠᠨ ᠤ ᠤᠯᠤᠰ ᠤᠨ ᠪᠣᠭᠤᠮᠲᠠ ᠶᠢᠨ ᠨᠤᠲᠤᠭ ᠲᠤ 3 ᠠᠴᠠ 5 ᠬᠤᠨᠤᠭ ᠤᠨ ᠬᠤᠭᠤᠴᠠᠭ᠎ᠠ ᠲᠠᠢ ᠸᠢᠰ | ᠳᠠᠷᠤᠭᠤᠯᠬᠤ ᠦᠭᠡᠢ ᠪᠣᠳᠣᠯᠭ᠎ᠠ ᠬᠡᠷᠡᠭᠵᠢᠭᠦᠯᠵᠦ ᠪᠠᠶᠢᠬᠤ ᠪᠥᠭᠡᠳ ᠴᠢᠯᠦᠭᠡᠲᠦ ᠠᠷᠠᠯᠵᠢᠶᠠᠨ ᠤ ᠲᠣᠭᠤᠷᠢᠭ ᠲᠤ | ᠠᠷᠠᠯᠵᠢᠶ᠎ᠠ ᠬᠤᠳᠠᠯᠳᠤᠭᠠᠨ ᠤ ᠰᠣᠯᠢᠯᠴᠠᠭ᠎ᠠ ᠬᠢᠵᠦ ᠪᠣᠯᠬᠤ ᠶᠤᠮ ᠪᠠᠶᠢᠨ᠎ᠠ᠃ 4 ᠳ᠋ᠦ᠋ᠭᠡᠷ ᠰᠠᠷ᠎ᠠ ᠶᠢᠨ 18 ᠤ ᠡᠳᠦᠷ᠂ | ᠮᠠᠨ ᠤ ᠤᠯᠤᠰ ᠤᠨ ᠢᠷᠭᠡᠳ ᠥᠪᠡᠷ ᠢᠶᠠᠨ ᠮᠠᠰᠢᠨ ᠵᠢᠯᠣᠭᠤᠳᠴᠤ ᠪᠠᠭᠲᠤ ᠪᠣᠭᠤᠮᠲᠠ ᠪᠠᠷ ᠳᠠᠮᠵᠢᠨ | ᠬᠠᠰᠠᠭᠰᠲ᠋ᠠᠨ ᠢᠶᠠᠷ ᠵᠢᠭᠤᠯᠴᠢᠯᠠᠬᠤ ᠵᠠᠮ ᠱᠤᠭᠤᠮ ᠢ ᠨᠡᠭᠡᠭᠡᠭᠰᠡᠨ ᠪᠠᠶᠢᠨ᠎ᠠ᠂ ᠳᠥᠭᠦᠮ ᠳᠥᠲᠡ ᠦᠢᠯᠡᠴᠢᠯᠡᠭᠡ ᠨᠢ | ᠬᠤᠶᠠᠷ ᠤᠯᠤᠰ ᠤᠨ ᠠᠶᠠᠯᠠᠯ ᠵᠢᠭᠤᠯᠴᠢᠯᠠᠯ ᠤᠨ ᠦᠢᠯᠡᠰ ᠤᠨ ᠴᠢᠨᠠᠭᠰᠢᠳᠠ ᠶᠢᠨ ᠬᠥᠭᠵᠢᠯᠲᠡ ᠶᠢ | ᠠᠬᠢᠭᠤᠯᠤᠭᠰᠠᠨ ᠢᠶᠠᠷ ᠪᠠᠷᠠᠬᠤ ᠦᠭᠡᠢ ᠬᠤᠶᠠᠷ ᠤᠯᠤᠰ ᠤᠨ ᠬᠥᠮᠥᠨ ᠬᠠᠷ᠎ᠠ ᠶᠢᠨ ᠶᠠᠪᠤᠯᠴᠠᠭ᠎ᠠ ᠶᠢ ᠠᠬᠢᠭᠤᠯᠵᠤ᠂ | ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠭᠰᠠᠨ ᠪᠠᠶᠢᠨ᠎ᠠ᠃ 2019 ᠣᠨ ᠳᠤ | ᠲᠠᠷᠪᠠᠭᠠᠲᠠᠢ ᠬᠤᠲᠠ ᠶᠢᠨ ᠬᠢᠨ ᠺᠠᠷᠠᠮᠠᠢ ᠬᠤᠲᠠ ᠠᠴᠠ ᠲᠠᠷᠪᠠᠭᠠᠲᠠᠢ ᠶᠢ ᠳᠠᠭᠠᠷᠢᠨ ᠬᠠᠰᠠᠭᠰᠲ᠋ᠠᠨ ᠤ ᠠᠶᠠᠭᠦᠽ ᠬᠤᠲᠠ | ᠬᠦᠷᠬᠦ ᠣᠯᠠᠨ ᠤᠯᠤᠰ ᠤᠨ ᠲᠡᠮᠦᠷ ᠵᠠᠮ ᠢ ᠨᠡᠪᠲᠡᠷᠡᠭᠦᠯᠬᠦ ᠪᠣᠯᠣᠨ᠎ᠠ᠂ ᠲᠡᠷᠡ ᠦᠶ᠎ᠡ ᠳᠤ ᠪᠠᠭᠲᠤ ᠪᠣᠭᠤᠮᠲᠠ ᠨᠢ ᠴᠦ | ︽ᠲᠣᠷᠭᠠᠨ ᠤ ᠵᠠᠮ ᠤᠨ ᠠᠵᠤ ᠠᠬᠤᠢ ᠶᠢᠨ ᠪᠦᠰᠡ︾ ᠳᠠᠬᠢ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ ᠶᠢ | ᠬᠤᠯᠪᠣᠨ ᠨᠡᠪᠲᠡᠷᠡᠭᠦᠯᠬᠦ ᠴᠢᠬᠤᠯᠠ ᠳᠠᠮᠵᠢᠯᠭ᠎ᠠ ᠪᠣᠯᠬᠤ ᠪᠣᠯᠣᠨ᠎ᠠ᠃ | |