ᠥᠪᠥᠷ ᠵᠠᠰᠠᠭ ᠠᠯᠪᠠᠨ ᠲᠠᠷᠬᠠᠭᠠᠭᠰᠠᠨ ︹2019︺ 24 ᠳ᠋ᠤᠭᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠶᠡᠷᠦᠩᠬᠡᠢ ᠱᠦᠵᠢ | ᠰᠢ ᠶᠢᠨ ᠫᠢᠩ ᠤᠨ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠤ ᠠᠪᠤᠷᠠᠨ | ᠲᠤᠰᠠᠯᠠᠬᠤ ᠡᠩᠨᠡᠭᠡ ᠳᠤ ᠭᠠᠯ ᠢ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠲᠤᠭ ᠣᠯᠭᠤᠬᠤ ᠳᠤ ᠶᠠᠷᠢᠭᠰᠠᠨ | ᠰᠤᠷᠭᠠᠯ ᠦᠭᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠡᠯ᠎ᠡ | ᠱᠠᠲᠤᠨ ᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠡᠩᠨᠡᠭᠡᠨ ᠤ ᠠᠵᠢᠯᠲᠠᠳ ︵ᠳᠤᠷᠤᠭᠰᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠭᠡᠵᠦ | ᠲᠤᠪᠴᠢᠯᠠᠨ᠎ᠠ︶ ᠤᠨ ᠠᠵᠢᠯ ᠮᠡᠷᠭᠡᠵᠢᠯ ᠤᠨ ᠢᠷᠠᠭᠤ ᠠᠯᠲᠠᠷᠲᠤ ᠰᠡᠳᠭᠢᠯᠭᠡ ᠶᠢ ᠦᠨᠡᠨ ᠬᠦ ᠨᠡᠮᠡᠭᠳᠡᠭᠦᠯᠦᠨ᠂ ᠡᠷᠴᠢ | ᠵᠣᠷᠢᠭ ᠢ ᠨᠢ ᠤᠯᠠᠮ ᠨᠢᠭᠡ ᠠᠯᠬᠤᠮ ᠬᠦᠪᠴᠢᠯᠡᠵᠦ᠂ ᠬᠦᠴᠦᠨ ᠴᠢᠳᠠᠯ ᠢ ᠨᠢ ᠤᠯᠠᠮ ᠨᠢᠭᠡ ᠠᠯᠬᠤᠮ | ᠨᠢᠭᠲᠠᠷᠠᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠭᠦᠯᠦᠭᠡᠳ᠂ ᠡᠳᠦᠭᠡ ᠭᠠᠯ ᠢ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠳ ᠲᠤ | ᠬᠠᠷᠠᠭᠠᠯᠵᠠᠯ ᠦᠵᠡᠭᠦᠯᠬᠦ ᠠᠵᠢᠯ ᠤᠨ ᠬᠤᠯᠪᠤᠭᠳᠠᠯ ᠪᠦᠬᠦᠢ ᠤᠴᠢᠷ ᠢ ᠳᠤᠤᠷᠠᠬᠢ ᠮᠡᠲᠦ ᠮᠡᠳᠡᠭᠳᠡᠪᠡ᠄ ᠨᠢᠭᠡ᠂ | ᠬᠠᠷᠠᠭᠠᠯᠵᠠᠯ ᠦᠵᠡᠭᠦᠯᠬᠦ ᠡᠳᠡᠭᠡᠳ ᠪᠦᠬᠦ ᠤᠷᠤᠨ ᠤ ᠡᠯ᠎ᠡ ᠱᠠᠲᠤᠨ ᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡᠨ ᠤ ᠠᠵᠢᠯ ᠤᠨ ᠪᠠᠶᠢᠷᠢᠨ ᠳᠤ ᠪᠠᠨ ᠪᠠᠶᠢᠭ᠎ᠠ ᠭᠠᠯ ᠢ | ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ᠂ ᠵᠡᠮᠳᠡᠭ ᠪᠤᠯᠤᠭᠰᠠᠨ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ | ᠪᠠᠭᠤᠵᠤ ᠠᠮᠠᠷᠠᠭᠰᠠᠨ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠪᠤᠯᠤᠨ᠎ᠠ᠃ ᠬᠤᠶᠠᠷ᠂ | ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ ︵ᠨᠢᠭᠡ︶ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠳᠤ ᠬᠠᠷᠠᠭᠠᠯᠵᠠᠯ | ᠦᠵᠡᠭᠦᠯᠦᠨ᠎ᠡ᠃ ᠵᠠᠮ ᠬᠠᠷᠢᠯᠴᠠᠭᠠᠨ ᠤ ᠬᠡᠷᠡᠭᠰᠡᠯ ᠳᠤ ᠤᠷᠢᠳ ᠢᠶᠠᠷ ᠰᠠᠭᠤᠵᠣ ᠪᠣᠯᠤᠨ᠎ᠠ᠃ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠭᠠᠯᠲᠤ ᠲᠡᠷᠭᠡ ︵ᠳᠡᠭᠡᠳᠦ ᠬᠤᠷᠳᠤ ᠶᠢᠨ ᠲᠡᠮᠦᠷ ᠵᠠᠮ︶᠂ | ᠠᠶᠠᠨᠴᠢᠳ ᠤᠨ ᠲᠡᠭᠡᠭᠡᠪᠦᠷᠢ ᠶᠢᠨ ᠡᠭᠡᠯᠵᠢᠨ ᠤ ᠲᠡᠷᠭᠡ ᠪᠣᠯᠤᠨ ᠠᠷᠠᠳ ᠤᠨ ᠠᠭᠠᠷ ᠠᠶᠠᠯᠠᠯ ᠤᠨ ᠡᠭᠡᠯᠵᠢᠨ ᠤ | ᠨᠢᠰᠭᠡᠯ ᠳᠤ ᠰᠠᠭᠤᠬᠤ ᠳᠤ ᠪᠠᠨ᠂ ᠪᠢᠯᠧᠲ ᠬᠤᠳᠠᠯᠳᠤᠨ ᠠᠪᠬᠤ ᠪᠠ ᠨᠢᠰᠭᠡᠯ ᠳᠤ ᠰᠠᠭᠤᠬᠤ ᠭᠠᠷᠳᠠᠮ ᠭᠦᠢᠴᠡᠳᠭᠡᠬᠦ᠂ | ᠠᠶᠤᠯ ᠦᠭᠡᠢ ᠶᠢᠨ ᠪᠠᠶᠢᠴᠠᠭᠠᠯᠲᠠ ᠬᠢᠬᠦ᠂ ᠲᠡᠷᠭᠡ ︵ᠨᠢᠰᠭᠡᠯ︶ ᠬᠦᠯᠢᠶᠡᠬᠦ᠂ ᠲᠡᠷᠭᠡᠨ ︵ᠨᠢᠰᠭᠡᠯ︶ ᠳᠤ ᠰᠠᠭᠤᠬᠤ | ᠦᠢᠯᠡᠴᠢᠯᠡᠭᠡ ᠶᠢ ᠤᠷᠢᠳ ᠢᠶᠠᠷ ᠬᠦᠷᠲᠡᠵᠦ᠂ ᠤᠷᠢᠳ ᠢᠶᠠᠷ ᠭᠦᠢᠴᠡᠳᠭᠡᠬᠦ ᠨᠡᠪᠲᠡᠷᠡᠯ ᠵᠠᠮ ︵ᠴᠤᠩᠬᠤᠪᠴᠢ︶ ᠢ | ᠬᠡᠷᠡᠭᠯᠡᠵᠦ ᠪᠣᠯᠤᠨ᠎ᠠ᠂ ᠬᠠᠮᠲᠤ ᠶᠠᠪᠤᠭ᠎ᠠ ᠭᠡᠷ ᠪᠦᠯᠢ ᠶᠢᠨ ᠬᠢᠨ ᠴᠦ ︵ᠵᠠᠷᠴᠢᠮ ᠳᠡᠭᠡᠷ᠎ᠡ ᠪᠠᠨ 2 ᠬᠦᠮᠦᠨ ᠠᠴᠠ | ᠣᠯᠠᠨ ᠪᠠᠶᠢᠵᠤ ᠪᠣᠯᠬᠤ ᠦᠭᠡᠢ᠂ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠨ ᠯᠤᠭ᠎ᠠ ᠶᠢᠨ | ᠬᠠᠷᠢᠴᠠᠭᠠᠨ ᠤ ᠭᠡᠷᠡᠴᠢ ᠭᠠᠷᠭᠠᠬᠤ ᠴᠢᠬᠤᠯᠠ ᠦᠭᠡᠢ︶ ᠤᠷᠢᠳ ᠢᠶᠠᠷ ᠭᠦᠢᠴᠡᠳᠭᠡᠬᠦ ᠦᠢᠯᠡᠴᠢᠯᠡᠭᠡ ᠬᠦᠷᠲᠡᠵᠦ | ᠪᠣᠯᠤᠨ᠎ᠠ︔ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠬᠤᠲᠠ ᠶᠢᠨ ᠨᠡᠶᠢᠲᠡ ᠶᠢᠨ ᠮᠠᠰᠢᠨ | ᠂ ᠴᠠᠬᠢᠯᠭᠠᠨ ᠲᠡᠷᠭᠡ ᠪᠤᠯᠤᠨ ᠲᠡᠮᠥᠷ ᠵᠢᠮᠲᠦ ᠵᠠᠮ ᠬᠠᠷᠢᠯᠴᠠᠭᠠᠨ ᠤ ᠬᠡᠷᠡᠭᠰᠡᠯ ᠳᠤ ᠰᠠᠭᠤᠬᠤ ᠳᠤ᠂ ᠠᠯᠪᠠᠨ | ᠴᠡᠷᠢᠭ ᠯᠤᠭ᠎ᠠ ᠠᠳᠠᠯᠢ ᠬᠠᠷᠠᠭᠠᠯᠵᠠᠯ ᠤᠨ ᠲᠥᠷᠥ ᠶᠢᠨ ᠪᠤᠳᠣᠯᠭ᠎ᠠ ᠶᠢ ᠬᠦᠷᠲᠡᠨ᠎ᠡ᠃ ᠠᠶᠠᠨᠴᠢᠳ ᠤᠨ ᠲᠡᠷᠭᠡᠨ ᠳᠤ | ᠰᠠᠭᠤᠬᠤ ᠳᠤ ᠪᠢᠯᠧᠲ ᠠᠪᠬᠤ ᠦᠭᠡᠢ ᠪᠤᠶᠤ ᠬᠢᠮᠳᠠᠷᠠᠯ ᠲᠠᠢ ᠪᠢᠯᠧᠲ ᠶᠢᠨ ᠬᠠᠷᠠᠭᠠᠯᠵᠠᠯ ᠬᠦᠷᠲᠡᠨ᠎ᠡ᠃ ᠭᠠᠯ ᠢ | ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠵᠡᠮᠳᠡᠭ ᠠᠵᠢᠯᠲᠠᠳ ᠭᠠᠯᠲᠤ ᠲᠡᠷᠭᠡ ︵ᠳᠡᠭᠡᠳᠦ ᠬᠤᠷᠳᠤ ᠶᠢᠨ | ᠲᠡᠮᠦᠷ ᠵᠠᠮ︶᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢᠨ ᠤ ᠲᠡᠷᠭᠡ ᠪᠣᠯᠤᠨ ᠠᠷᠠᠳ ᠤᠨ ᠠᠭᠠᠷ ᠠᠶᠠᠯᠠᠯ ᠤᠨ | ᠡᠭᠡᠯᠵᠢᠨ ᠤ ᠨᠢᠰᠭᠡᠯ ᠳᠤ ᠰᠠᠭᠤᠬᠤ ᠳᠤ᠂ ᠵᠡᠮᠳᠡᠭ ᠪᠤᠯᠤᠭᠰᠠᠨ ᠴᠡᠷᠢᠭ ᠯᠤᠭ᠎ᠠ ᠠᠳᠠᠯᠢ ᠠᠶᠠᠨᠴᠢᠳ ᠤᠨ ᠪᠢᠯᠧᠲ ᠤᠨ | ᠬᠠᠷᠠᠭᠠᠯᠵᠠᠯ ᠬᠦᠷᠲᠡᠨ᠎ᠡ︔ ᠬᠤᠲᠠ ᠶᠢᠨ ᠨᠡᠶᠢᠲᠡ ᠶᠢᠨ ᠮᠠᠰᠢᠨ᠂ ᠴᠠᠬᠢᠯᠭᠠᠨ ᠲᠡᠷᠭᠡ ᠪᠤᠯᠤᠨ ᠲᠡᠮᠥᠷ ᠵᠢᠮᠲᠦ ᠵᠠᠮ | ᠬᠠᠷᠢᠯᠴᠠᠭᠠᠨ ᠤ ᠬᠡᠷᠡᠭᠰᠡᠯ ᠳᠤ ᠰᠠᠭᠤᠬᠤ ᠳᠤ᠂ ᠪᠢᠯᠧᠲ ᠠᠪᠬᠤ ᠦᠭᠡᠢ ᠬᠠᠷᠠᠭᠠᠯᠵᠠᠯ ᠬᠦᠷᠲᠡᠨ᠎ᠡ᠃ ᠭᠠᠯ ᠢ | ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠬᠦᠷᠲᠡᠬᠦ ᠪᠢᠯᠧᠲ ᠠᠪᠬᠤ ᠦᠭᠡᠢ ᠪᠤᠶᠤ | ᠬᠢᠮᠳᠠᠷᠠᠯ ᠲᠠᠢ ᠪᠢᠯᠧᠲ ᠶᠢᠨ ᠬᠠᠷᠠᠭᠠᠯᠵᠠᠯ ᠦᠵᠡᠭᠦᠯᠬᠦ ᠲᠥᠷᠥ ᠶᠢᠨ ᠪᠤᠳᠤᠯᠭ᠎ᠠ ᠳᠤ ᠬᠡᠷᠡᠭᠰᠡᠬᠦ ᠵᠠᠷᠤᠳᠠᠯ ᠢ ᠤᠤᠯ ᠤᠨ | ᠠᠷᠭ᠎ᠠ ᠵᠠᠮ ᠢᠶᠠᠷ ᠪᠠᠲᠤᠯᠠᠬᠤ ᠬᠡᠷᠡᠭᠲᠡᠢ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ | ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠳᠤ ᠬᠠᠷᠠᠭᠠᠯᠵᠠᠯ ᠦᠵᠡᠭᠦᠯᠬᠦ ᠪᠤᠲᠠᠲᠠᠢ ᠠᠷᠭ᠎ᠠ ᠬᠡᠮᠵᠢᠶ᠎ᠡ ᠶᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ | ᠡᠳ᠋ ᠤᠨ ᠵᠠᠰᠠᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠲᠡᠮᠦᠷ | ᠵᠠᠮ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠠᠶᠠᠯᠠᠯ ᠤᠨ ᠲᠣᠪᠴᠢᠶ᠎ᠠ᠂ | ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠣᠮᠫᠠᠨᠢ ᠶᠢᠨ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠢ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠵᠠᠮ ᠬᠠᠷᠢᠯᠴᠠᠭ᠎ᠠ ᠪᠠᠷ ᠶᠠᠪᠤᠵᠤ | ᠰᠠᠭᠤᠬᠤ ᠳᠤ ᠬᠠᠷᠠᠭᠠᠯᠵᠠᠯ ᠦᠵᠡᠭᠦᠯᠬᠦ ᠡᠷᠬᠡ ᠠᠰᠢᠭ ᠢ ᠪᠠᠲᠤᠯᠠᠬᠤ ᠬᠤᠯᠪᠤᠭᠳᠠᠯ ᠪᠦᠬᠦᠢ ᠵᠦᠢᠯᠡᠰ ᠤᠨ ᠲᠤᠬᠠᠢ | ᠮᠡᠳᠡᠭᠳᠡᠯ︾ ︵ᠵᠠᠮ ᠲᠡᠭᠡᠭᠡᠪᠦᠷᠢ ᠲᠣᠭᠲᠠᠭᠠᠯ ︹2019︺ 4 ᠳ᠋ᠤᠭᠡᠷ ᠲᠣᠭᠠᠲᠤ︶ ᠪᠠ ᠳᠤᠮᠳᠠᠳᠤ ᠤᠯᠤᠰ ᠤᠨ | ᠲᠡᠮᠦᠷ ᠵᠠᠮ ᠤᠨ ᠶᠡᠷᠦᠩᠬᠡᠢ ᠺᠣᠮᠫᠠᠨᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ︽ | ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡᠨ ᠤ | ᠠᠵᠢᠯᠲᠠᠳ ᠤᠨ ᠭᠠᠯᠲᠤ ᠲᠡᠷᠭᠡ ᠪᠠᠷ ᠶᠠᠪᠤᠵᠤ ᠰᠠᠭᠤᠬᠤ ᠳᠤ ᠬᠠᠷᠠᠭᠠᠯᠵᠠᠯ ᠦᠵᠡᠭᠦᠯᠬᠦ ᠶᠢ ᠪᠠᠲᠤᠯᠠᠬᠤ ᠲᠤᠬᠠᠢ | ᠮᠡᠳᠡᠭᠳᠡᠯ︾ ︵ᠲᠡᠮᠦᠷ ᠶᠡᠷᠦᠩᠬᠡᠢ ᠠᠶᠠᠨᠴᠢᠨ ︹2019︺ 92 ᠳ᠋ᠤᠭᠠᠷ ᠲᠤᠭᠠᠲᠤ︶ ᠤᠨ ᠬᠤᠯᠪᠤᠭᠳᠠᠯ ᠪᠦᠬᠦᠢ | ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ ︵ᠬᠤᠶᠠᠷ︶ ᠰᠤᠷᠭᠠᠨ ᠬᠦᠮᠦᠵᠢᠯ ᠬᠦᠷᠲᠡᠬᠦ ᠳᠤ ᠬᠠᠷᠠᠭᠠᠯᠵᠠᠯ | ᠦᠵᠡᠭᠦᠯᠦᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠵᠢᠴᠢ ᠲᠡᠳᠡᠨ ᠤ ᠦᠷ᠎ᠡ | ᠬᠡᠤᠬᠡᠳ ᠨᠢ ᠰᠤᠷᠭᠠᠨ ᠬᠦᠮᠦᠵᠢᠯ ᠬᠦᠷᠲᠡᠬᠦ ᠲᠠᠯ᠎ᠠ ᠪᠠᠷ ᠠᠯᠪᠠᠨ ᠴᠡᠷᠢᠭ ᠲᠠᠢ ᠠᠳᠠᠯᠢ ᠬᠠᠷᠠᠭᠠᠯᠵᠠᠯ ᠤᠨ ᠲᠥᠷᠥ ᠶᠢᠨ | ᠪᠣᠳᠤᠯᠭ᠎ᠠ ᠬᠦᠷᠲᠡᠨ᠎ᠡ᠃ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠦᠷ᠎ᠡ ᠬᠡᠤᠬᠡᠳ ᠤᠨ ᠰᠤᠷᠭᠠᠨ ᠬᠦᠮᠦᠵᠢᠯ ᠬᠦᠷᠲᠡᠬᠦ ᠳᠤ | ᠬᠠᠷᠠᠭᠠᠯᠵᠠᠯ ᠦᠵᠡᠭᠦᠯᠬᠦ ᠨᠠᠷᠢᠨ ᠳᠥᠷᠢᠮ ︵ᠲᠦᠷ ᠬᠡᠷᠡᠭᠵᠢᠭᠦᠯᠬᠦ︶︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠷᠢᠨ | ᠳᠥᠷᠢᠮ ᠳᠤ ᠳᠤᠳᠤᠷᠬᠠᠶᠢᠯᠠᠭᠰᠠᠨ ᠦᠭᠡᠢ ᠵᠦᠢᠯᠡᠰ ᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ | ᠰᠤᠷᠭᠠᠨ ᠬᠦᠮᠦᠵᠢᠯ ᠤᠨ ᠶᠠᠮᠤᠨ ᠤ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ | ᠠᠪᠤᠷᠠᠨ ᠲᠤᠰᠠᠯᠠᠬᠤ ᠡᠩᠨᠡᠭᠡᠨ ᠤ ᠠᠵᠢᠯᠲᠠᠳ ᠵᠢᠴᠢ ᠲᠡᠳᠡᠨ ᠤ ᠦᠷ᠎ᠡ ᠬᠡᠤᠬᠡᠳ ᠤᠨ ᠰᠤᠷᠭᠠᠨ ᠬᠦᠮᠦᠵᠢᠯ | ᠬᠦᠷᠲᠡᠬᠦ ᠳᠤ ᠬᠠᠷᠠᠭᠠᠯᠵᠠᠯ ᠦᠵᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠪᠠᠴᠢᠮ ᠪᠠᠶᠢᠳᠠᠯ ᠢ | ᠠᠷᠭᠠᠴᠠᠭᠠᠬᠤ ︹2019︺ 37 ᠳ᠋ᠤᠭᠠᠷ ᠲᠤᠭᠠᠲᠤ︶ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ | ᠬᠡᠷᠡᠭᠵᠢᠭᠦᠯᠦᠨ᠎ᠡ᠃ ︵ᠭᠤᠷᠪᠠ︶ ᠡᠮᠴᠢᠯᠡᠭᠡᠨ ᠤ ᠬᠠᠷᠠᠭᠠᠯᠵᠠᠯ ᠦᠵᠡᠭᠦᠯᠦᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ | ᠠᠪᠤᠷᠠᠨ ᠲᠤᠰᠠᠯᠠᠬᠤ ᠠᠵᠢᠯᠲᠠᠳ ᠡᠮᠴᠢᠯᠡᠭᠡᠨ ᠤ ᠲᠠᠯ᠎ᠠ ᠳᠤ ᠠᠯᠪᠠᠨ ᠴᠡᠷᠢᠭ ᠲᠠᠢ ᠠᠳᠠᠯᠢ ᠬᠠᠷᠠᠭᠠᠯᠵᠠᠯ ᠤᠨ | ᠲᠥᠷᠥ ᠶᠢᠨ ᠪᠣᠳᠤᠯᠭ᠎ᠠ ᠬᠦᠷᠲᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠢ ᠭᠠᠯ ᠢ | ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠢ ᠪᠠᠴᠢᠮ ᠡᠮᠴᠢᠯᠡᠵᠦ ᠠᠪᠤᠷᠠᠬᠤ ᠰᠠᠭᠠᠳ ᠦᠭᠡᠢ | ᠨᠡᠪᠲᠡᠷᠡᠬᠦ ᠵᠠᠮ ᠢ ᠪᠠᠶᠢᠭᠤᠯᠵᠤ᠂ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠠᠯᠪᠠᠨ ᠤ | ᠠᠵᠢᠯ ᠠᠴᠠ ᠪᠣᠯᠵᠤ ᠰᠢᠷᠬᠠᠲᠤᠬᠤ ᠪᠠ ᠪᠠᠴᠢᠮ ᠲᠥᠭᠰᠢᠭᠦᠷᠢᠲᠡᠢ ᠬᠦᠨᠳᠦ ᠡᠪᠡᠳᠴᠢᠨ ᠳᠤ ᠨᠡᠷᠪᠡᠭᠳᠡᠬᠦ ᠦᠶᠡᠰ ᠲᠡᠷᠡ | ᠳᠠᠷᠤᠢ ᠳᠤ ᠨᠢ ᠪᠦᠲᠦᠮᠵᠢᠲᠡᠢ ᠡᠮᠴᠢᠯᠡᠭᠡᠨ ᠤ ᠡᠮᠨᠡᠨ ᠠᠪᠤᠷᠠᠯᠲᠠ ᠣᠯᠵᠤ ᠬᠦᠷᠲᠡᠬᠦ ᠶᠢ ᠪᠠᠲᠤᠯᠠᠬᠤ ᠬᠡᠷᠡᠭᠲᠡᠢ᠃ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠬᠠᠮᠢᠶ᠎ᠠ ᠪᠦᠬᠦᠢ ᠭᠡᠷᠡᠴᠢ ᠲᠡᠮᠳᠡᠭ ᠢᠶᠠᠷ ᠢᠶᠠᠨ | ᠤᠷᠢᠳ ᠢᠶᠠᠷ ᠦᠢᠯᠡᠴᠢᠯᠡᠬᠦ ᠴᠤᠪᠤᠷᠠᠯ ᠢᠶᠠᠷ ᠣᠷᠤᠵᠤ᠂ ᠲᠡᠳᠡᠨ ᠳᠤ ᠤᠷᠢᠳ ᠢᠶᠠᠷ ᠡᠮᠨᠡᠨ ᠠᠪᠤᠷᠠᠵᠤ ᠳᠠᠷᠠᠭ᠎ᠠ ᠳᠤ ᠨᠢ | ᠰᠦᠢᠳᠬᠡᠯ ᠲᠤᠰᠢᠶᠠᠬᠤ ᠶᠢ ᠬᠡᠷᠡᠭᠵᠢᠭᠦᠯᠦᠨ᠎ᠡ᠃ ︵ᠳᠥᠷᠪᠡ︶ ᠣᠷᠣᠨ ᠰᠠᠭᠤᠴᠠ ᠶᠢᠨ ᠬᠠᠷᠠᠭᠠᠯᠵᠠᠯ ᠦᠵᠡᠭᠦᠯᠦᠨ᠎ᠡ᠃ | ᠨᠦᠬᠦᠴᠡᠯ ᠳᠤ ᠨᠡᠶᠢᠴᠡᠬᠦ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠢ ︵ᠵᠠᠰᠠᠭ ᠤᠨ | ᠤᠷᠳᠤᠨ ᠤ ᠲᠤᠰᠬᠠᠢ ᠠᠵᠢᠯ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯᠲᠠᠳ ᠢ ᠪᠠᠭᠲᠠᠭᠠᠨ᠎ᠠ︶ ᠤᠷᠤᠨ | ᠨᠤᠲᠤᠭ ᠤᠨ ᠨᠡᠶᠢᠲᠡ ᠶᠢᠨ ᠲᠦᠷᠢᠶᠡᠰᠦᠨ ᠭᠡᠷ ᠤᠨ ᠪᠠᠲᠤᠯᠠᠭ᠎ᠠ ᠶᠢᠨ ᠬᠠᠮᠤᠷᠬᠤ ᠬᠡᠪᠴᠢᠶᠡᠨ ᠳᠤ ᠤᠷᠤᠭᠤᠯᠤᠨ᠂ | ᠠᠳᠠᠯᠢ ᠨᠦᠬᠦᠴᠡᠯ ᠤᠨ ᠳᠤᠤᠷ᠎ᠠ ᠤᠷᠤᠨ ᠨᠤᠲᠤᠭ ᠤᠨ ᠤᠷᠤᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ | ᠪᠣᠳᠤᠯᠭ᠎ᠠ ᠶᠢ ᠤᠷᠢᠳ ᠢᠶᠠᠷ ᠬᠦᠷᠲᠡᠭᠡᠨ᠎ᠡ᠃ ︵ᠲᠠᠪᠤ︶ ᠭᠡᠷ ᠤᠨ ᠬᠦᠮᠦᠰ ᠲᠤ ᠨᠢ ᠬᠠᠷᠠᠭᠠᠯᠵᠠᠯ ᠦᠵᠡᠭᠦᠯᠦᠨ᠎ᠡ᠃ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠭᠡᠷ ᠤᠨ ᠬᠦᠮᠦᠰ ᠨᠢ ᠠᠯᠪᠠᠨ ᠴᠡᠷᠢᠭ ᠤᠨ | ᠭᠡᠷ ᠪᠦᠯᠢ ᠶᠢᠨ ᠬᠢᠨ ᠲᠠᠢ ᠠᠳᠠᠯᠢ ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠬᠦᠷᠲᠡᠵᠦ᠂ ᠨᠦᠬᠦᠴᠡᠯ ᠳᠤ | ᠨᠡᠶᠢᠴᠡᠬᠦ ᠶᠢᠨ ᠭᠡᠷ ᠤᠨ ᠬᠦᠮᠦᠰ ᠨᠢ ᠳᠠᠭᠠᠵᠤ ᠠᠵᠢᠯ ᠰᠢᠯᠵᠢᠵᠦ ᠪᠣᠯᠤᠨ᠎ᠠ᠂ ᠠᠵᠢᠯ ᠣᠯᠵᠤ ᠦᠢᠯᠡᠰ | ᠴᠤᠭᠴᠠᠯᠠᠬᠤ ᠳᠤ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠴᠡᠷᠢᠭ ᠤᠨ ᠴᠡᠷᠢᠭ ᠳᠠᠭᠠᠭᠰᠠᠨ ᠭᠡᠷ | ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠡᠷᠡᠭᠵᠢᠭᠦᠯᠬᠦ ᠠᠷᠭ᠎ᠠ︾ ᠶᠢᠨ ᠶᠤᠰᠤᠭᠠᠷ | ᠬᠡᠷᠡᠭᠵᠢᠭᠦᠯᠵᠦ᠂ ᠨᠦᠬᠦᠴᠡᠯ ᠳᠤ ᠨᠡᠶᠢᠴᠡᠬᠦ ᠠᠵᠢᠯ ᠣᠯᠤᠭᠠᠳᠦᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠠᠵᠢᠯᠲᠠᠳ ᠤᠨ ᠭᠡᠷ ᠪᠦᠯᠢ ᠶᠢᠨ ᠬᠢᠨ ᠲᠥᠷᠢᠮ ᠢ ᠦᠭᠡᠷᠡᠴᠢᠯᠡᠬᠦ ᠠᠴᠠ ᠡᠮᠦᠨᠡᠬᠢ ᠡᠯ᠎ᠡ ᠱᠠᠲᠤᠨ ᠤ | ᠵᠠᠰᠠᠭ ᠤᠨ ᠤᠷᠳᠤᠨ ᠤ ᠳᠤᠭᠲᠠᠭᠠᠭᠰᠠᠨ ᠠᠵᠢᠯ ᠤᠯᠤᠭᠠᠳᠦᠢ ᠴᠡᠷᠢᠭ ᠳᠠᠭᠠᠭᠰᠠᠳ ᠤᠨ ᠨᠦᠬᠦᠪᠦᠷᠢ ᠶᠢᠨ | ᠲᠥᠷᠥ ᠶᠢᠨ ᠪᠣᠳᠤᠯᠭ᠎ᠠ ᠶᠢ ᠦᠷᠭᠦᠯᠵᠢᠯᠡᠨ ᠡᠳ᠋ᠯᠡᠨ᠎ᠡ᠃ ᠡᠯ᠎ᠡ ᠭᠠᠵᠠᠷ ᠤᠷᠤᠨ ᠨᠢ ᠦᠷᠭᠦᠯᠵᠢᠯᠡᠨ ᠠᠵᠢᠯ ᠳᠤ | ᠤᠷᠤᠭᠠᠳ 2 ᠵᠢᠯ ᠤᠨ ᠬᠤᠭᠤᠴᠠᠭᠠᠨ ᠳᠠᠬᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠠᠵᠢᠯᠲᠠᠳ ᠤᠨ ᠭᠡᠷ ᠪᠦᠯᠢ ᠳᠤ ᠬᠠᠷᠠᠭᠠᠯᠵᠠᠯ ᠤᠨ ᠮᠦᠩᠭᠦ ᠥᠭᠬᠦ ᠪᠤᠶᠤ ᠪᠤᠰᠤᠳ ᠬᠠᠷᠠᠭᠠᠯᠵᠠᠯ ᠦᠵᠡᠭᠦᠯᠦᠨ᠎ᠡ᠃ ︵ | ᠵᠢᠷᠭᠤᠭ᠎ᠠ︶ ᠠᠰᠠᠷᠠᠮᠵᠢ ᠶᠢᠨ ᠬᠠᠷᠠᠭᠠᠯᠵᠠᠯ ᠦᠵᠡᠭᠦᠯᠦᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠠᠵᠢᠯᠲᠠᠳ ᠵᠢᠴᠢ ᠲᠡᠳᠡᠨ ᠤ ᠭᠡᠷ ᠪᠦᠯᠢ ᠶᠢᠨ ᠬᠢᠨ ᠳᠤ ᠠᠰᠠᠷᠠᠮᠵᠢ ᠥᠭᠬᠦ ᠠᠵᠢᠯ ᠢ ︽ᠥᠪᠥᠷ | ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠴᠡᠷᠢᠭ ᠤᠨ ᠠᠰᠠᠷᠠᠮᠵᠢ ᠶᠢᠨ ᠬᠠᠷᠠᠭᠠᠯᠵᠠᠯ ᠤᠨ ᠠᠷᠭ᠎ᠠ︾ ︵ᠥᠪᠥᠷ | ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 215 ᠳ᠋ᠤᠭᠠᠷ | ᠲᠤᠭᠠᠳᠤ︶ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ︵ᠳᠤᠯᠤᠭ᠎ᠠ︶ ᠪᠤᠰᠤᠳ ᠬᠠᠷᠠᠭᠠᠯᠵᠠᠯ ᠦᠵᠡᠭᠦᠯᠦᠨ᠎ᠡ᠃ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡ ᠪᠠ ᠠᠵᠢᠯᠲᠠᠳ ᠢ ᠤᠷᠤᠨ ᠨᠤᠲᠤᠭ ᠤᠨ | ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠤ ᠭᠡᠷ ᠲᠤ ᠨᠢ | ᠪᠤᠯᠭᠤᠭᠠᠵᠤ ᠲᠤᠬᠤᠨᠢᠭᠤᠯᠬᠤ ᠬᠡᠪᠴᠢᠶᠡᠨ ᠳᠤ ᠨᠢᠭᠡᠳᠦᠯᠲᠡᠢ ᠤᠷᠤᠭᠤᠯᠵᠤ᠂ ᠠᠯᠪᠠᠨ ᠴᠡᠷᠢᠭ ᠯᠦᠭᠡ ᠠᠳᠠᠯᠢ | ᠪᠤᠯᠭᠤᠭᠠᠵᠤ ᠲᠤᠬᠤᠨᠢᠭᠤᠯᠬᠤ ᠬᠠᠷᠠᠭᠠᠯᠵᠠᠯ ᠬᠦᠷᠲᠡᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠠᠵᠢᠯᠲᠠᠳ ᠨᠢ ᠬᠦᠴᠦᠨ ᠪᠦᠬᠦᠢ ᠭᠡᠷᠡᠴᠢ ᠲᠡᠮᠳᠡᠭ ᠢᠶᠠᠷ ᠢᠶᠠᠨ᠂ ᠵᠠᠰᠠᠭ ᠤᠨ ᠤᠷᠳᠤᠨ ᠠᠴᠠ ᠦᠨ᠎ᠡ ᠲᠤᠭᠲᠠᠭᠠᠭᠰᠠᠨ | ᠴᠡᠴᠡᠷᠯᠢᠭ᠂ ᠮᠦᠽᠧᠢ᠂ ᠦᠵᠡᠭᠦᠯᠭᠡ ᠶᠢᠨ ᠤᠷᠳᠤᠨ ᠪᠤᠯᠤᠨ ᠨᠡᠷᠡᠲᠦ ᠦᠵᠡᠮᠵᠢ ᠶᠢᠨ ᠤᠷᠤᠨ ᠢᠶᠠᠷ ᠲᠤᠭᠤᠷᠢᠨ | ᠵᠤᠭᠠᠴᠠᠬᠤ ᠪᠠ ᠪᠤᠰᠤᠳ ᠨᠡᠶᠢᠭᠡᠮ ᠨᠡᠶᠢᠲᠡ ᠶᠢᠨ ᠦᠢᠯᠡᠴᠢᠯᠡᠭᠡ ᠬᠦᠷᠲᠡᠬᠦ ᠳᠤ ᠪᠠᠨ ᠠᠯᠪᠠᠨ ᠴᠡᠷᠢᠭ ᠯᠦᠭᠡ ᠠᠳᠠᠯᠢ | ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠬᠦᠷᠲᠡᠨ᠎ᠡ᠃ ᠳᠡᠭᠡᠷᠡᠬᠢ ᠬᠠᠷᠠᠭᠠᠯᠵᠠᠯ ᠤᠨ ᠠᠷᠭ᠎ᠠ ᠬᠡᠮᠵᠢᠶ᠎ᠡ ᠳᠤ | ᠳᠤᠷᠠᠳᠤᠭᠰᠠᠨ ᠦᠭᠡᠢ ᠵᠦᠢᠯᠡᠰ ᠢ ᠤᠯᠤᠰ ᠤᠨ ᠬᠤᠯᠪᠤᠭᠳᠠᠯ ᠪᠦᠬᠦᠢ ᠳᠤᠭᠲᠠᠭᠠᠯ ᠪᠤᠯᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠵᠡᠷᠭᠡ 13 ᠶᠠᠮᠤᠨ ᠵᠦᠪᠯᠡᠯ ᠤᠨ ︽ᠤᠯᠤᠰ ᠤᠨ ᠶᠡᠷᠦᠩᠬᠡᠶᠢᠯᠡᠭᠰᠡᠨ | ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡᠨ ᠤ ᠠᠵᠢᠯᠲᠠᠳ ᠲᠤ ᠬᠠᠷᠠᠭᠠᠯᠵᠠᠯ | ᠦᠵᠡᠭᠦᠯᠬᠦ ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠪᠠᠴᠢᠮ ᠪᠠᠶᠢᠳᠠᠯ ᠢ | ᠠᠷᠭᠠᠴᠠᠭᠠᠬᠤ ︹2019︺ 84 ᠳ᠋ᠤᠭᠡᠷ ᠲᠤᠭᠠᠲᠤ︶ ᠤᠨ ᠶᠤᠰᠤᠭᠠᠷ ᠬᠡᠷᠡᠭᠵᠢᠭᠦᠯᠦᠨ᠎ᠡ᠃ ᠡᠭᠦᠨ ᠳᠤ | ᠥᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠭᠠᠯ ᠢ ᠰᠡᠷᠭᠡᠶᠢᠯᠡᠨ ᠤᠨᠲᠠᠷᠠᠭᠠᠵᠣ | ᠠᠪᠤᠷᠠᠨ ᠲᠤᠰᠠᠯᠠᠬᠤ ᠠᠵᠢᠯᠲᠠᠳ ᠲᠤ ᠤᠷᠢᠳ ᠢᠶᠠᠷ ᠬᠠᠷᠠᠭᠠᠯᠵᠠᠯ ᠦᠵᠡᠭᠦᠯᠬᠦ ᠲᠥᠷᠥ ᠶᠢ ᠪᠣᠳᠤᠯᠭ᠎ᠠ ᠭᠠᠷᠭᠠᠭᠰᠠᠨ | ᠪᠠᠶᠢᠪᠠᠯ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠠᠵᠢᠯᠲᠠᠳ ᠤᠨ ᠵᠢᠵᠢᠭᠦᠷᠯᠡᠨ ᠠᠵᠢᠯᠯᠠᠵᠤ ᠪᠠᠴᠢᠮ ᠪᠠᠶᠢᠳᠠᠯ ᠳᠤ ᠪᠡᠯᠡᠳᠭᠡᠬᠦ᠂ ᠠᠶᠤᠯ ᠲᠥᠭᠰᠢᠭᠦᠷᠢ ᠶᠡᠭᠡ᠂ | ᠬᠤᠤᠷᠳᠠᠭᠳᠠᠯ ᠶᠡᠭᠡ ᠪᠠᠶᠢᠬᠤ ᠠᠵᠢᠯ ᠤᠨ ᠤᠨᠴᠠᠯᠢᠭ ᠢ ᠭᠦᠢᠴᠡᠳ ᠪᠤᠳᠤᠯᠬᠢᠯᠠᠵᠤ᠂ ᠦᠨᠳᠦᠷ ᠲᠡᠰ ᠢᠶᠠᠷ ᠯᠡ | ᠪᠠᠷᠢᠮᠵᠢᠶ᠎ᠠ ᠪᠣᠯᠭᠠᠬᠤ ᠵᠠᠷᠴᠢᠮ ᠢ ᠪᠠᠷᠢᠮᠲᠠᠯᠠᠵᠤ᠂ ᠳᠤᠬᠠᠢ ᠶᠢᠨ ᠭᠠᠵᠠᠷ ᠤᠷᠤᠨ᠂ ᠲᠤᠰ ᠰᠠᠯᠠᠭ᠎ᠠ ᠮᠦᠴᠢᠷ ᠤᠨ | ᠪᠤᠲᠠᠲᠠᠢ ᠲᠠᠢ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠰᠠᠶᠢᠲᠤᠷ | ᠠᠳᠬᠤᠬᠤ ᠬᠡᠷᠡᠭᠲᠡᠢ᠃ ᠭᠤᠷᠪᠠ᠂ ᠠᠵᠢᠯ ᠤᠨ ᠱᠠᠭᠠᠷᠳᠠᠯᠭ᠎ᠠ ︵ᠨᠢᠭᠡ︶ ᠤᠯᠤᠰ ᠲᠥᠷᠥ ᠶᠢᠨ ᠵᠤᠭᠰᠤᠯᠲᠠ ᠪᠠᠨ | ᠳᠡᠭᠡᠭᠰᠢᠯᠡᠭᠦᠯᠬᠦ ᠬᠡᠷᠡᠭᠲᠡᠢ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠲᠤ ᠬᠠᠷᠠᠭᠠᠯᠵᠠᠯ | ᠦᠵᠡᠭᠦᠯᠬᠦ ᠠᠵᠢᠯ ᠢ ᠰᠠᠶᠢᠲᠤᠷ ᠬᠢᠬᠦ ᠪᠣᠯ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡᠨ ᠤ | ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠦᠭᠡᠷᠡᠴᠢᠯᠡᠯᠲᠡ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠬᠤ ᠶᠢᠨ ᠪᠤᠲᠠᠲᠠᠢ ᠠᠷᠭ᠎ᠠ ᠬᠡᠮᠵᠢᠶ᠎ᠡ᠂ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠲᠣᠰᠢᠶᠠᠯ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠶᠢ ᠤᠷᠮᠠᠰᠢᠭᠤᠯᠤᠨ ᠪᠠᠲᠤᠯᠠᠬᠤ ᠪᠤᠰᠤᠳᠴᠢ ᠬᠡᠷᠡᠭᠴᠡᠭᠡ ᠪᠤᠯᠤᠨ᠎ᠠ᠃ ᠡᠯ᠎ᠡ ᠭᠠᠵᠠᠷ ᠤᠷᠤᠨ᠂ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠤᠯᠤᠰ ᠲᠥᠷᠥ ᠶᠢᠨ ᠵᠣᠭᠰᠤᠯᠲᠠ ᠪᠠᠨ ᠦᠨᠡᠨ ᠬᠦ ᠳᠡᠭᠡᠭᠰᠢᠯᠡᠭᠦᠯᠵᠦ᠂ | ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ | ᠪᠤᠲᠠᠲᠠᠶᠢᠵᠢᠭᠤᠯᠤᠨ ᠴᠢᠩᠭᠠᠳᠬᠠᠵᠤ᠂ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡ ᠳᠤ | ᠬᠠᠷᠠᠭᠠᠯᠵᠠᠯ ᠦᠵᠡᠭᠦᠯᠬᠦ ᠠᠵᠢᠯ ᠢ ᠪᠤᠲᠠᠲᠠᠶᠢᠵᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ︵ᠬᠤᠶᠠᠷ︶ ᠲᠥᠷᠥ ᠶᠢᠨ | ᠪᠣᠳᠤᠯᠭ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ | ᠪᠦᠬᠦᠢ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠨᠠᠷᠢᠯᠢᠬ ᠵᠣᠬᠢᠶᠠᠨ | ᠪᠠᠶᠢᠭᠤᠯᠵᠤ ᠲᠤᠬᠢᠷᠠᠭᠤᠯᠤᠨ᠂ ᠲᠥᠷᠥ ᠶᠢᠨ ᠪᠣᠳᠤᠯᠭ᠎ᠠ ᠶᠢ ᠥᠷᠭᠡᠨ ᠬᠡᠪᠴᠢᠶ᠎ᠡ ᠪᠠᠷ ᠤᠬᠠᠭᠤᠯᠵᠤ᠂ ᠵᠢᠯᠤᠭᠤᠳᠴᠦ | ᠪᠠᠶᠢᠭᠠᠳ ᠲᠥᠷᠥ ᠶᠢᠨ ᠪᠣᠳᠤᠯᠭ᠎ᠠ ᠶᠢ ᠨᠡᠶᠢᠲᠡ ᠳᠤ ᠵᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠂ ᠦᠢᠯᠡᠴᠢᠯᠡᠭᠡᠨ ᠤ | ᠴᠣᠩᠬᠤᠪᠴᠢ ᠳᠤ ︽ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠲᠤ ᠤᠷᠢᠳ ᠢᠶᠠᠷ | ᠦᠢᠯᠡᠴᠢᠯᠡᠬᠦ︾ ᠲᠡᠮᠳᠡᠭ ᠲᠤᠬᠢᠷᠠᠭᠤᠯᠬᠤ ᠶᠢᠨ ᠬᠠᠮᠲᠤ ᠬᠠᠮᠢᠶ᠎ᠠ ᠪᠦᠬᠦᠢ ᠠᠵᠢᠯᠲᠠᠳ ᠢ ᠪᠣᠯᠪᠠᠰᠤᠷᠠᠭᠤᠯᠵᠤ | ᠬᠦᠮᠦᠵᠢᠭᠦᠯᠬᠦ ᠪᠠᠨ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠪᠤᠯᠤᠨ ᠬᠢᠷᠢ ᠲᠥᠪᠰᠢᠨ ᠢ ᠨᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ᠃ ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠢ | ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠵᠤ᠂ ᠪᠠᠶᠢᠴᠠᠭᠠᠭᠰᠠᠨ ᠦᠷ᠎ᠡ ᠳ᠋ᠦᠢᠩ ᠢᠶᠠᠨ ᠣᠷᠤᠨ ᠨᠤᠲᠤᠭ ᠤᠨ ᠬᠤᠶᠠᠷ ᠢ ᠬᠦᠷᠢᠶᠡᠯᠡᠬᠦ ᠵᠢᠱᠢᠶᠡᠴᠢ | ᠬᠤᠲᠠ ︵ᠬᠤᠰᠢᠭᠤ ᠰᠢᠶᠠᠨ︶ ᠶᠢ ᠰᠢᠯᠭᠠᠨ ᠦᠨᠡᠯᠡᠬᠦ ᠠᠭᠤᠯᠭ᠎ᠠ ᠳᠤ ᠤᠷᠤᠭᠤᠯᠵᠤ᠂ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠲᠤ ᠦᠵᠡᠭᠦᠯᠬᠦ ᠡᠯ᠎ᠡ ᠲᠥᠷᠥᠯ ᠤᠨ ᠬᠠᠷᠠᠭᠠᠯᠵᠠᠯ ᠤᠨ ᠲᠥᠷᠥ ᠶᠢᠨ | ᠪᠣᠳᠤᠯᠭ᠎ᠠ ᠶᠢ ᠪᠤᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ︵ᠭᠤᠷᠪᠠ︶ | ᠰᠢᠨ᠎ᠡ ᠶᠢ ᠡᠭᠦᠳᠦᠨ ᠬᠦᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠪᠦᠬᠦ ᠤᠷᠤᠨ ᠤ ᠡᠯ᠎ᠡ ᠱᠠᠲᠤᠨ ᠤ ᠤᠯᠤᠰ ᠤᠨ | ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡ ᠨᠢ ᠤᠳᠤ ᠡᠭᠦᠳᠴᠦ | ᠪᠠᠶᠢᠭᠤᠯᠤᠭᠰᠠᠨ ᠠᠩᠬᠠᠨ ᠤ ᠱᠠᠲᠤᠨ ᠳᠤ ᠤᠷᠤᠰᠢᠵᠤ᠂ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠠᠵᠢᠯᠲᠠᠳ ᠲᠤ ᠬᠠᠷᠠᠭᠠᠯᠵᠠᠯ ᠦᠵᠡᠭᠦᠯᠬᠦ ᠠᠵᠢᠯ ᠤᠨ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ | ᠠᠰᠠᠭᠤᠳᠠᠯ ᠢ ᠰᠠᠶᠢᠲᠤᠷ ᠬᠢᠬᠦ ᠳᠤ᠂ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠤᠲᠠᠲᠠᠢ ᠲᠠᠢ ᠪᠠᠨ ᠤᠶᠠᠯᠳᠤᠭᠤᠯᠤᠨ᠂ ᠬᠠᠷᠠᠭᠠᠯᠵᠠᠯ ᠦᠵᠡᠭᠦᠯᠵᠦ | ᠪᠠᠲᠤᠯᠠᠬᠤ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠴᠦ᠂ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠠᠵᠢᠯᠲᠠᠳ ᠤᠨ ᠬᠦᠴᠢᠷᠳᠡᠯ ᠪᠤᠯᠤᠨ ᠠᠰᠠᠭᠤᠳᠠᠯ ᠢ ᠨᠢ ᠦᠨᠡᠨ ᠬᠦ ᠰᠢᠢᠳᠪᠦᠷᠢᠯᠡᠬᠦ ᠬᠡᠷᠡᠭᠲᠡᠢ᠃ | |