ᠦᠪᠦᠷ ᠵᠠᠰᠠᠭ ᠲᠠᠷᠬᠠᠭᠠᠨᠨᠰᠠᠨ ﹇2020﹈ 16 ᠳ᠋ᠤᠭᠠᠷ ᠲᠤᠭᠠᠳᠤ ᠡᠯ᠎ᠡ ᠬᠤᠯᠪᠣᠭᠳᠠᠯ ᠪᠦᠬᠦᠢ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ᠡᠳᠦᠭᠡ ︽ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ | ᠬᠡᠮᠵᠢᠶ᠎ᠡ ᠶᠢ ᠲᠤᠬᠢᠷᠠᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | 2020 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ | ᠤᠰᠤᠨ ᠤ ᠬᠡᠮᠵᠢᠶ᠎ᠡ ᠶᠢ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ | ︵ᠲᠤᠷᠰᠢᠨ ᠬᠡᠷᠡᠭᠵᠢᠭᠦᠯᠦᠨ᠎ᠡ︶ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠬᠡᠳᠦᠬᠡᠷ ᠵᠦᠢᠯ 【 ᠵᠤᠷᠢᠵᠦ ᠬᠢᠭᠰᠡᠨ ᠦᠨᠳᠦᠰᠦᠯᠡᠯ 】 ᠥᠪᠥᠷ ᠮᠣᠩᠭᠤᠯ ᠤᠨ ᠪᠠᠷᠠᠭᠤᠨ ᠯᠢᠶᠣᠤ ᠾᠧ | ᠭᠤᠤᠯ ᠤᠨ ᠰᠠᠪᠠ ᠭᠠᠵᠠᠷ ᠤᠨ ᠤᠰᠤᠨ ᠤ ᠡᠬᠢ ᠰᠤᠷᠪᠤᠯᠵᠢ ᠶᠢ ᠨᠢᠭᠡᠳᠦᠯᠲᠡᠶ ᠲᠤᠬᠢᠷᠠᠭᠤᠯᠬᠤ ᠪᠠ ᠬᠠᠮᠢᠶᠠᠷᠬᠤ ᠪᠠᠨ | ᠴᠢᠩᠭᠠᠳᠬᠠᠵᠦ᠂ ᠤᠰᠤᠨ ᠤ ᠡᠬᠢ ᠰᠤᠷᠪᠤᠯᠵᠢ ᠶᠢ ᠵᠣᠬᠢᠰᠲᠠᠶ ᠲᠣᠬᠢᠷᠠᠭᠤᠯᠬᠤ ᠪᠠ ᠪᠦᠲᠦᠮᠵᠢᠲᠡᠶ ᠬᠠᠮᠠᠭᠠᠯᠠᠨ᠂ | ᠤᠰᠤᠨ ᠤ ᠠᠮᠢ ᠠᠬᠤᠢ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠩ ᠲᠠᠢ ᠲᠡᠮᠡᠴᠡᠬᠦ | ᠳᠦᠷᠢᠮ︾ ᠪᠠ ᠤᠰᠤᠨ ᠠᠰᠢᠭᠯᠠᠯᠲᠠ ᠶᠢᠨ ᠶᠠᠮᠤᠨ ᠤ ︽ᠤᠰᠤᠨ ᠤ ᠬᠡᠮᠵᠢᠶ᠎ᠡ ᠶᠢ ᠬᠤᠪᠢᠶᠠᠷᠢᠯᠠᠬᠠᠤ ᠲᠦᠷ | ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ | ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬ᠊ᠤᠶᠠᠳᠤᠭᠠᠷ ᠵᠦᠢᠯ 【 ᠲᠤᠬᠢᠷᠠᠭᠤᠯᠤᠨ ᠬᠡᠷᠡᠭᠯᠡᠬᠦ ᠬᠡᠪᠴᠢᠶ᠎ᠡ 】 ᠲᠣᠰ ᠠᠷᠭ᠎ᠠ ᠥᠪᠥᠷ ᠮᠣᠩᠭᠤᠯ ᠤᠨ | ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠭᠤᠤᠯ ᠪᠠ ᠰᠠᠯᠪᠤᠷᠢ ᠤᠷᠤᠰᠬᠠᠯ ᠤᠨ ᠤᠰᠤᠨ ᠤ | ᠬᠡᠮᠵᠢᠶ᠎ᠡ ᠶᠢ ᠳᠣᠭᠢᠷᠠᠭᠤᠯᠬᠤ ᠪᠠ ᠬᠠᠮᠢᠶᠠᠷᠬᠤ ᠳᠤ ᠬᠡᠷᠡᠭᠯᠡᠭᠳᠡᠨᠠ᠃ | ᠭᠤᠷᠪᠠᠳᠤᠭᠠᠷ ᠵᠦᠢᠯ 【 ᠲᠤᠬᠢᠷᠠᠭᠤᠯᠬᠤ ᠵᠠᠷᠴᠢᠮ 】 ᠥᠪᠥᠷ ᠮᠣᠩᠭᠤᠯ ᠤᠨ ᠪᠠᠷᠠᠭᠤᠨ ᠯᠢᠶᠤᠤ ᠾᠧ | ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ | ᠲᠣᠬᠢᠷᠠᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠤᠰᠤᠨ ᠤ ᠬᠡᠮᠵᠢᠶ᠎ᠡ ᠶᠢ ᠦᠵᠡᠵᠦ | ᠲᠤᠬᠢᠷᠠᠭᠤᠯᠬᠤ᠂ ᠴᠢᠬᠤᠯᠠ ᠣᠭᠲᠣᠯᠤᠭᠠᠰᠤ ᠶᠢᠨ ᠤᠰᠤᠨ ᠤ ᠬᠡᠮᠵᠢᠶ᠎ᠡ ᠶᠢ ᠬᠢᠵᠠᠭᠠᠷᠯᠠᠬᠤ᠂ ᠱᠠᠲᠤ ᠬᠤᠪᠢᠶᠠᠨ | ᠬᠠᠮᠢᠶᠠᠷᠬᠤ ᠪᠠ ᠱᠠᠲᠤ ᠬᠤᠪᠢᠶᠠᠨ ᠬᠠᠷᠢᠭᠤᠴᠠᠬᠤ ᠵᠠᠷᠴᠢᠮ ᠢ ᠵᠢᠷᠤᠮᠯᠠᠬᠤ ᠬᠡᠷᠡᠭᠲᠡᠶ᠃ ᠥᠪᠥᠷ ᠮᠣᠩᠭᠤᠯ ᠤᠨ | ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ ᠯᠢᠶᠣᠤ ᠾᠧ | ᠭᠤᠤᠯ ᠤᠨ ᠭᠤᠤᠯ ᠤᠷᠤᠰᠬᠠᠯ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠱᠠᠭᠠᠷᠳᠠᠯᠭ᠎ᠠ ᠶᠢ ᠵᠢᠷᠤᠮᠯᠠᠨ ᠳᠠᠭᠠᠵᠤ᠂ ᠰᠠᠪᠠ ᠭᠠᠵᠠᠷ ᠲᠠᠬᠢ ᠤᠰᠤᠨ ᠴᠥᠭᠦᠷᠥᠮ᠂ ᠤᠰᠤᠨ | ᠠᠰᠢᠭᠯᠠᠯᠲᠠ ᠶᠢᠨ ᠭᠦᠢᠰᠦ ᠵᠢᠴᠢ ᠤᠰᠤᠨ ᠴᠠᠬᠢᠯᠭᠠᠨ ᠤ ᠦᠷᠳᠡᠭᠡ ᠶᠢᠨ ᠴᠠᠬᠢᠯᠭᠠᠨ ᠭᠠᠷᠭᠠᠬᠤ ᠳᠤ ᠬᠡᠷᠡᠭᠯᠡᠬᠦ ᠤᠰᠤ | ᠵᠢᠴᠢ ᠲᠡᠭᠦᠨ ᠢ ᠲᠤᠬᠢᠷᠠᠭᠤᠯᠤᠨ ᠬᠡᠷᠡᠭᠯᠡᠬᠦ ᠳᠤ ᠪᠠᠨ ᠤᠰᠤᠨ ᠤ ᠬᠡᠮᠵᠢᠶ᠎ᠡ ᠶᠢ ᠲᠤᠬᠢᠷᠠᠭᠤᠯᠬᠤ᠂ ᠦᠶᠡᠷ ᠢ | ᠰᠡᠷᠭᠡᠶᠢᠯᠡᠬᠦ ᠳᠤ ᠲᠤᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠲᠠᠯ᠎ᠠ ᠶᠢᠨ ᠲᠤᠬᠢᠷᠠᠭᠤᠯᠵᠦ ᠬᠠᠮᠢᠶᠠᠷᠬᠤ | ᠱᠠᠭᠠᠷᠳᠠᠯᠭ᠎ᠠ ᠶᠢ ᠵᠢᠷᠤᠮᠯᠠᠨ ᠳᠠᠭᠠᠬᠤ ᠬᠡᠷᠡᠭᠲᠡᠶ᠃ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠣᠯ ᠤᠨ ᠰᠠᠪᠠ | ᠭᠠᠵᠠᠷ ᠤᠨ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ ᠬᠡᠷᠡᠭᠵᠢᠬᠦᠯᠬᠦ ᠳᠤ ᠪᠠᠨ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ | ᠬᠠᠩᠭᠠᠵᠤ᠂ ᠭᠤᠣᠯ ᠤᠨ ᠵᠠᠮ ᠤᠨ ᠠᠮᠢ ᠠᠬᠤᠢ ᠳᠤ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠯᠡᠵᠦ᠂ ᠲᠠᠷᠢᠶᠠᠯᠠᠩ᠂ | ᠠᠵᠤ ᠦᠢᠯᠡᠳᠪᠦᠷᠢ ᠳᠤ ᠬᠡᠷᠡᠭᠯᠡᠬᠦ ᠤᠰᠤ ᠶᠢ ᠵᠣᠬᠢᠰᠲᠠᠶ ᠲᠤᠬᠢᠷᠠᠭᠤᠯᠤᠨ᠂ ᠴᠠᠬᠢᠯᠭᠠᠨ ᠭᠠᠷᠭᠠᠬᠤ ᠶᠢ ᠬᠠᠮᠲᠤ ᠳᠤ ᠨᠢ | ᠬᠠᠷᠠᠭᠠᠯᠵᠠᠬᠤ ᠬᠡᠷᠡᠭᠳᠡᠢ᠃ | ᠳᠥᠷᠪᠡᠳᠦᠭᠡᠷ ᠵᠦᠢᠯ 【 ᠬᠠᠷᠢᠭᠤᠴᠠᠯᠭ᠎ᠠ ᠶᠢᠨ ᠲᠦᠷᠢᠮ 】 ᠥᠪᠥᠷ ᠮᠣᠩᠭᠤᠯ ᠤᠨ ᠪᠠᠷᠠᠭᠤᠨ ᠯᠢᠶᠣᠤ | ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠳᠤ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠪᠠ ᠬᠠᠮᠢᠶ᠎ᠠ ᠪᠥᠬᠦᠶ ᠬᠡᠷᠡᠭᠵᠢᠭᠦᠯᠬᠦ | ᠰᠠᠯᠠᠭ᠎ᠠ ᠮᠥᠴᠢᠷ᠂ ᠨᠢᠬᠡᠴᠢ ᠶᠢᠨ ᠭᠤᠤᠯ ᠤᠳᠤᠷᠢᠳᠤᠯᠭ᠎ᠠ ᠬᠠᠷᠢᠭᠤᠴᠠᠬᠤ ᠲᠦᠷᠢᠮ ᠢ ᠬᠡᠷᠡᠭᠵᠢᠬᠦᠯᠬᠦ ᠬᠡᠷᠡᠭᠳᠡᠢ᠃ | ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠪᠠ ᠤᠰᠤᠨ ᠤ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠵᠢᠴᠢ ᠤᠰᠤᠨ ᠤ | ᠬᠡᠮᠵᠢᠶ᠎ᠡ ᠶᠢ ᠲᠤᠬᠢᠷᠠᠭᠤᠯᠤᠯᠳᠠ ᠶᠢ ᠬᠡᠷᠡᠭᠵᠢᠭᠦᠯᠬᠦ ᠨᠢᠬᠡᠴᠢ ᠶᠢᠨ ᠭᠤᠤᠯ ᠬᠠᠷᠢᠭᠤᠴᠠᠯᠭᠠᠲᠠᠨ ᠨᠠᠷ ᠪᠤᠯ ᠥᠪᠥᠷ | ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ | ᠠᠵᠢᠯ ᠤᠨ ᠬᠠᠷᠢᠭᠤᠴᠠᠯᠭᠠᠲᠠᠨ ᠪᠤᠯᠤᠨ᠎ᠠ᠃ | ᠲᠠᠪᠤᠳᠤᠭᠠᠷ ᠵᠦᠢᠯ 【 ᠬᠠᠷᠢᠭᠤᠴᠠᠯᠭ᠎ᠠ ᠶᠢᠨ ᠭᠤᠤᠯ ᠴᠤᠨᠨᠴᠠ 】 ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ | ᠳᠣᠭᠢᠷᠠᠭᠤᠯᠬᠤ ᠠᠵᠢᠯ ᠤᠨ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠪᠠ ᠵᠢᠭᠠᠨ | ᠵᠢᠯᠣᠭᠤᠳᠬᠤ ᠶᠢ ᠬᠠᠷᠢᠭᠤᠴᠠᠬᠤ ᠬᠡᠷᠡᠭᠳᠡᠢ᠃ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠠᠷᠭ᠎ᠠ ᠶᠢᠨ ᠲᠣᠭᠲᠠᠭᠠᠯ | ᠶᠣᠰᠣᠭᠠᠷ᠂ ᠲᠤᠰ ᠬᠠᠷᠢᠶ᠎ᠠ ᠣᠷᠣᠨ ᠤ ᠬᠡᠪᠴᠢᠶᠡᠨ ᠳᠠᠬᠢ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ | ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠠᠵᠢᠯ ᠢ ᠬᠠᠷᠢᠭᠤᠴᠠᠬᠤ ᠬᠡᠷᠡᠭᠳᠡᠢ᠃ ᠥᠪᠥᠷ | ᠮᠣᠩᠭᠤᠯ ᠤᠨ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠲᠠᠬᠢ ᠤᠰᠤᠨ ᠴᠥᠭᠦᠷᠥᠮ᠂ ᠤᠰᠤᠨ | ᠠᠰᠢᠭᠯᠠᠯᠲᠠ ᠶᠢᠨ ᠬᠦᠢᠰᠦ᠂ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠨᠢᠭᠡᠴᠢ ᠪᠠ ᠰᠢᠭᠤᠳ ᠤᠰᠤ | ᠵᠠᠯᠠᠵᠦ ᠬᠡᠷᠡᠭᠯᠡᠬᠦ ᠪᠤᠰᠤᠳ ᠨᠢᠭᠡᠴᠢ ᠪᠤᠯ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ ᠬᠡᠷᠡᠭᠵᠢᠭᠦᠯᠬᠦ ᠨᠢᠬᠡᠴᠢ | ᠪᠠᠶᠢᠵᠤ᠂ ᠲᠣᠰ ᠲᠣᠰ ᠤᠨ ᠬᠡᠪᠴᠢᠶᠡᠨ ᠳᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠵᠠᠷᠯᠢᠭ ᠤᠨ ᠪᠣᠳᠠᠲᠠᠶ | ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠬᠡᠨ ᠤ | ᠪᠠᠶᠢᠭᠤᠯᠤᠮᠵᠢ ᠨᠢ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ | ᠰᠢᠨᠵᠢᠯᠡᠬᠡᠨ ᠤ ᠮᠡᠳᠡᠭᠡ ᠴᠢᠮᠡᠭᠡ ᠶᠢ ᠤᠷᠢᠳᠴᠢᠯᠠᠨ ᠮᠡᠳᠡᠬᠡᠯᠡᠬᠦ ᠵᠢᠴᠢ ᠤᠰᠤᠨ ᠤ ᠬᠡᠮᠵᠢᠶ᠎ᠡ ᠶᠢ ᠲᠣᠬᠢᠷᠠᠭᠤᠯᠬᠤ | ᠶᠠᠪᠤᠴᠠ ᠳᠠᠬᠢ ᠡᠯ᠎ᠡ ᠴᠢᠬᠤᠯᠠ ᠣᠭᠲᠣᠯᠤᠭᠠᠰᠤ ᠶᠢᠨ ᠤᠰᠤᠨ ᠰᠢᠨᠵᠢᠯᠡᠬᠡᠨ ᠤ ᠬᠢᠨᠠᠨ ᠰᠢᠨᠵᠢᠬᠦ ᠠᠵᠢᠯ ᠢ | ᠬᠠᠷᠢᠭᠤᠴᠠᠬᠤ ᠬᠡᠷᠡᠭᠳᠡᠢ᠃ | ᠵᠢᠷᠭᠤᠳᠤᠭᠠᠷ ᠵᠦᠢᠯ 【 ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ 】 ᠥᠪᠡᠷᠲᠡᠭᠡᠨ ᠵᠠᠰᠠᠬᠤ ᠣᠷᠣᠨ | ᠵᠢᠴᠢ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤᠨ ᠤ ᠬᠡᠮᠵᠢᠶ᠎ᠡ ᠶᠢᠨ ᠳᠣᠭᠢᠷᠠᠭᠤᠯᠤᠨ ᠬᠠᠮᠢᠶᠠᠷᠬᠤ | ᠰᠢᠰᠲ᠋ᠧᠮ᠂ ᠤᠰᠤᠨ ᠤ ᠬᠡᠮᠵᠢᠶ᠎ᠡ ᠶᠢᠨ ᠬᠢᠨᠠᠨ ᠰᠢᠨᠵᠢᠬᠦ᠂ ᠤᠷᠢᠳᠴᠢᠯᠠᠨ ᠮᠡᠳᠡᠭᠡᠯᠡᠬᠦ ᠰᠢᠰᠲ᠋ᠧᠮ ᠵᠡᠷᠭᠡ ᠰᠠᠭᠤᠷᠢ | ᠪᠡᠯᠡᠳᠭᠡᠮᠵᠢ ᠶᠢᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ | ᠰᠦᠯᠵᠢᠶ᠎ᠡ ᠪᠠᠷ ᠬᠢᠨᠠᠨ ᠰᠢᠨᠵᠢᠬᠦ ᠪᠠ ᠮᠡᠳᠡᠭᠡ ᠵᠠᠩᠭᠢ ᠶᠢ ᠬᠠᠮᠳᠤ ᠳᠤ ᠪᠠᠨ ᠬᠦᠷᠲᠡᠬᠦ ᠶᠢ ᠪᠡᠶᠡᠯᠡᠬᠦᠯᠬᠦ ᠬᠡᠷᠡᠭᠳᠡᠢ᠃ | ᠬᠤᠶᠠᠳᠤᠭᠠᠷ ᠪᠦᠯᠦᠭ ᠤᠰᠤᠨ ᠤ ᠬᠡᠮᠵᠢᠶ᠎ᠡ ᠶᠢ ᠬᠤᠪᠢᠶᠠᠷᠢᠯᠠᠬᠤ | ᠳᠣᠯᠣᠳᠤᠭᠠᠷ ᠵᠦᠢᠯ 【 ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ 】 ᠥᠪᠥᠷ ᠮᠣᠩᠭᠤᠯ ᠤᠨ | ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠪᠤᠯ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠲᠠᠢ ᠵᠥᠪᠳᠡᠯᠴᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠬᠦ ᠬᠡᠷᠡᠭᠳᠡᠢ᠃ ᠤᠰᠤᠨ ᠤ ᠬᠡᠮᠵᠢᠶ᠎ᠡ ᠶᠢ ᠬᠤᠪᠢᠶᠠᠷᠢᠯᠠᠬᠤ | ᠲᠥᠰᠦᠯ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ ᠤᠤᠯ ᠤᠨ ᠬᠢᠨᠠᠨ ᠵᠥᠪᠰᠢᠶᠡᠷᠡᠭᠰᠡᠨ ᠨᠢᠬᠡᠴᠢ ᠳᠤ ᠮᠡᠳᠡᠭᠦᠯᠵᠦ | ᠳᠠᠬᠢᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠰᠡᠨ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ | ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠤᠯ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ | ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠦᠨᠳᠦᠰᠦᠯᠡᠯ ᠪᠣᠯᠣᠨ᠎ᠠ᠂ ᠬᠤᠯᠪᠤᠨᠨᠳᠠᠯ ᠪᠦᠭᠦᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠠᠷᠢᠶ᠎ᠠ ᠪᠦᠬᠦᠢ | ᠬᠠᠮᠢᠶᠠᠷᠤᠯᠲᠠ ᠶᠢᠨ ᠪᠠᠶᠢᠭᠤᠯᠤᠮᠵᠢ ᠨᠢ ᠡᠷᠬᠡᠪᠰᠢ ᠬᠡᠷᠡᠭᠵᠢᠭᠦᠯᠬᠦ ᠬᠡᠷᠡᠭᠲᠡᠶ᠃ | ᠨᠠᠢᠮᠠᠳᠤᠭᠠᠷ ᠵᠦᠢᠯ 【 ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠤᠨ ᠲᠤᠨᠨᠳᠠᠭᠠᠯᠳᠠ 】 ᠥᠪᠥᠷ | ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ | ᠲᠥᠰᠦᠯ ᠢ ᠲᠤᠨᠨᠳᠠᠭᠠᠬᠤ ᠳᠤ ᠳᠣᠤᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠶ᠄ | ︵ᠨᠢᠭᠡ︶ ᠡᠷᠬᠡ ᠲᠡᠭᠰᠢ᠂ ᠲᠥᠪ ᠭᠤᠤᠯᠴᠢ᠂ ᠰᠢᠨᠵᠢᠯᠡᠬᠦ ᠤᠬᠠᠭᠠᠨᠴᠢ ᠪᠦᠭᠡᠳ ᠵᠦᠶ ᠵᠣᠬᠢᠰᠲᠠᠶ ᠪᠠᠶᠢᠬᠤ︔ | | ︵ᠬᠤᠶᠠᠷ︶ ᠠᠮᠢ ᠠᠬᠤᠶ ᠶᠢ ᠬᠠᠮᠠᠭᠠᠯᠠᠵᠦ᠂ ᠦᠷᠭᠦᠯᠵᠢᠳᠡ ᠠᠰᠢᠭᠯᠠᠵᠤ ᠪᠣᠯᠬᠤ︔ | ︵ᠭᠤᠷᠪᠠ︶ ᠰᠢᠯᠢᠳᠡᠭᠵᠢᠭᠦᠯᠦᠨ ᠲᠤᠬᠢᠷᠠᠭᠤᠯᠵᠦ᠂ ᠠᠷᠪᠢᠯᠠᠨ ᠭᠠᠮᠨᠠᠬᠤ ᠶᠢ ᠠᠬᠢᠭᠤᠯᠬᠤ︔ | ︵ᠳᠥᠷᠪᠡ︶ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠵᠦ᠂ ᠨᠢᠭᠡᠳᠦᠯᠲᠡᠶ ᠲᠥᠯᠥᠪᠯᠡᠨ ᠨᠡᠶᠢᠲᠡ ᠳᠤ | ᠨᠢ ᠬᠠᠷᠠᠭᠠᠯᠵᠠᠬᠤ︔ | ︵ᠲᠠᠪᠤ︶ ᠤᠷᠤᠰᠬᠠᠯ ᠰᠠᠶᠢᠳᠠᠢ ᠪᠤᠯ ᠨᠡᠮᠡᠭᠳᠡᠬᠦᠯᠦᠨ ᠤᠷᠤᠰᠬᠠᠯ ᠲᠠᠳᠠᠭᠤᠷᠠᠬᠤ ᠳᠤ ᠪᠠᠭᠠᠰᠬᠠᠵᠦ᠂ | ᠬᠠᠩᠭᠠᠯᠭ᠎ᠠ ᠪᠠᠷ ᠬᠡᠷᠡᠭᠴᠡᠭᠡ ᠶᠢ ᠲᠣᠭᠲᠠᠭᠠᠬᠤ︔ | ︵ᠵᠢᠷᠭᠤᠭ᠎ᠠ︶ ᠠᠷᠠᠳᠴᠢᠯᠠᠯ ᠢᠶᠠᠷ ᠵᠦᠪᠳᠡᠯᠴᠡᠵᠦ᠂ ᠵᠠᠰᠠᠭ ᠤᠨ ᠣᠷᠳᠣᠨ ᠠᠴᠠ ᠰᠶᠢᠳᠪᠦᠷᠢᠳᠦ ᠪᠣᠳᠣᠯᠭ᠎ᠠ | ᠲᠣᠭᠲᠠᠭᠠᠬᠤ᠃ | ᠭᠤᠷᠪᠠᠳᠤᠭᠠᠷ ᠪᠦᠯᠦᠭ ᠶᠡᠷᠦᠳᠡ ᠶᠢᠨ ᠤᠰᠤᠨ ᠤ ᠬᠡᠮᠵᠢᠶ᠎ᠡ ᠶᠢ ᠲᠣᠬᠢᠷᠠᠭᠤᠯᠬᠤ | ᠶᠢᠰᠦᠳᠦᠭᠡᠷ ᠵᠦᠢᠯ 【 ᠲᠤᠬᠢᠷᠠᠭᠤᠯᠬᠤ ᠠᠷᠭ᠎ᠠ ᠮᠠᠶ᠋ᠢᠭ ᠬᠢᠬᠡᠳ ᠲᠤᠨᠨᠳ᠋ᠬᠠᠰᠠᠨ ᠴᠠᠭ 】 | ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ | ᠳᠣᠭᠢᠷᠠᠭᠤᠯᠬᠤ ᠳᠤ ᠤᠰᠤᠨ ᠤ ᠬᠡᠮᠵᠢᠶ᠎ᠡ ᠶᠢ ᠲᠤᠬᠢᠷᠠᠭᠤᠯᠬᠤ ᠣᠨ ᠤ ᠲᠥᠯᠥᠪᠯᠡᠭᠡ᠂ ᠳᠣᠭᠢᠷᠠᠭᠤᠯᠬᠤ | ᠵᠠᠩᠭᠢᠯᠠᠭ᠎ᠠ ᠶᠢᠨ ᠬᠤᠭᠤᠴᠠᠭᠠᠨ ᠳᠤ ᠰᠠᠷ᠎ᠠ ᠳᠠᠷᠠᠭᠠᠯᠠᠨ ᠲᠤᠬᠢᠷᠠᠭᠤᠯᠵᠦ ᠡᠵᠡᠮᠳᠡᠬᠦ ᠪᠠ ᠲᠤᠬᠠᠢ ᠶᠢᠨ ᠴᠠᠭ ᠲᠤ ᠨᠢ | ᠳᠣᠭᠢᠷᠠᠭᠤᠯᠬᠤ ᠪᠠᠷ ᠵᠠᠷᠯᠢᠨᠨᠳᠠᠬᠤ ᠶᠢ ᠤᠶᠠᠯᠳᠤᠭᠤᠯᠤᠭᠰᠠᠨ ᠲᠤᠬᠢᠷᠠᠭᠤᠯᠬᠤ ᠠᠷᠭ᠎ᠠ ᠮᠠᠶ᠋ᠢᠭ ᠢ ᠬᠡᠷᠡᠭᠵᠢᠬᠦᠯᠬᠦ ᠬᠡᠷᠡᠭᠳᠡᠢ᠃ | ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ | ᠳᠣᠭᠢᠷᠠᠭᠤᠯᠬᠤ ᠤᠨ ᠪᠣᠯ ᠲᠣᠰ ᠵᠢᠯ ᠤᠨ 3 ᠳ᠋ᠤᠭᠠᠷ ᠰᠠᠷ᠎ᠠ ᠶᠢᠨ 1 ᠤ ᠡᠳᠦᠷ ᠠᠴᠠ ᠢᠷᠡᠬᠦ ᠵᠢᠯ ᠤᠨ 2 ᠳ᠋ᠤᠭᠠᠷ | ᠰᠠᠷ᠎ᠠ ᠶᠢᠨ 28 ᠤ ᠡᠳᠦᠷ ᠪᠣᠯᠣᠨ᠎ᠠ᠃ | ᠠᠷᠪᠠᠳᠤᠭᠠᠷ ᠵᠦᠢᠯ 【 ᠤᠰᠤᠨ ᠤ ᠬᠡᠮᠵᠢᠶ᠎ᠡ ᠶᠢ ᠲᠣᠬᠢᠷᠠᠭᠤᠯᠬᠤ ᠣᠨ ᠤ ᠲᠥᠯᠥᠪᠯᠡᠭᠡ 】 ᠤᠰᠤᠨ ᠤ | ᠬᠡᠮᠵᠢᠶ᠎ᠡ ᠶᠢ ᠲᠣᠬᠢᠷᠠᠭᠤᠯᠬᠤ ᠣᠨ ᠤ ᠲᠥᠯᠥᠪᠯᠡᠭᠡ ᠶᠢ ᠦᠶᠡᠷ ᠤᠨ ᠬᠤᠭᠤᠴᠠᠭᠠᠨ ᠳᠠᠬᠢ ᠤᠰᠤᠨ ᠤ ᠬᠡᠮᠵᠢᠶ᠎ᠡ ᠶᠢ | ᠲᠣᠬᠢᠷᠠᠭᠤᠯᠬᠤ ᠲᠦᠯᠦᠪᠯᠡᠭᠡ ︵ᠬᠠᠪᠤᠷ ᠤᠨ ᠦᠶᠡᠷ 3 ᠳ᠋ᠤᠭᠠᠷ ᠰᠠᠷ᠎ᠠ ᠶᠢᠨ 15 ᠤ ᠡᠳᠦᠷ ᠠᠴᠠ 5 ᠳ᠋ᠤᠭᠠᠷ | ᠰᠠᠷ᠎ᠠ ᠶᠢᠨ 15 ᠤ ᠡᠳᠦᠷ᠂ ᠵᠤᠨ ᠤ ᠦᠶᠡᠷ 6 ᠳ᠋ᠤᠭᠠᠷ ᠰᠠᠷ᠎ᠠ ᠶᠢᠨ 20 ᠤ ᠡᠳᠦᠷ ᠠᠴᠠ 9 ᠳ᠋ᠤᠬᠡᠷ ᠰᠠᠷ᠎ᠠ ᠶᠢᠨ | 20 ᠤ ᠡᠳᠦᠷ︶ ᠪᠠ ᠦᠶᠡᠷ ᠤᠨ ᠪᠤᠰᠤ ᠬᠤᠭᠤᠴᠠᠭᠠᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠯᠥᠪᠯᠡᠭᠡ ︵ | 9 ᠳ᠋ᠤᠬᠡᠷ ᠰᠠᠷ᠎ᠠ ᠶᠢᠨ 21 ᠤ ᠡᠳᠦᠷ ᠠᠴᠠ ᠢᠷᠡᠬᠦ ᠵᠢᠯ ᠤᠨ 3 ᠳ᠋ᠤᠭᠠᠷ ᠰᠠᠷ᠎ᠠ ᠶᠢᠨ 14 ᠤ ᠡᠳᠦᠷ︶ ᠬᠡᠵᠦ | ᠬᠤᠪᠢᠶᠠᠨ᠎ᠠ᠃ ᠦᠶᠡᠷ ᠤᠨ ᠬᠤᠭᠤᠴᠠᠭᠠᠨ ᠳᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠯᠥᠪᠯᠡᠭᠡ ᠨᠢ ᠦᠶᠡᠷ ᠢ | ᠰᠡᠷᠭᠡᠶᠢᠯᠡᠬᠦ ᠲᠤᠬᠢᠷᠠᠭᠤᠯᠤᠯᠳᠠ ᠶᠢ ᠵᠢᠷᠤᠮᠯᠠᠨ ᠳᠠᠭᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ 【 ᠲᠦᠯᠦᠪᠯᠡᠭᠡ ᠶᠢᠨ ᠰᠠᠨᠠᠭᠤᠯᠭ᠎ᠠ 】 ᠲᠦᠩᠯᠢᠶᠣᠤ ᠬᠤᠲᠠ᠂ ᠤᠯᠠᠭᠠᠨᠬᠠᠳᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠪᠠ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠣᠪᠴᠢᠶ᠎ᠠ ᠨᠢ ᠲᠣᠬᠢᠷᠠᠭᠤᠯᠤᠯᠲᠠ | ᠬᠠᠮᠢᠶᠠᠷᠤᠯᠲᠠ ᠶᠢᠨ ᠡᠷᠬᠡ ᠮᠡᠳᠡᠯ ᠤᠨ ᠢᠶᠠᠨ ᠬᠡᠪᠴᠢᠶᠡᠨ ᠳᠤ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠣᠨ ᠤ ᠪᠠ ᠰᠠᠷ᠎ᠠ ᠶᠢᠨ ᠤᠰᠤ ᠬᠡᠷᠡᠭᠯᠡᠬᠦ | ᠲᠥᠯᠥᠪᠯᠡᠭᠡ ᠶᠢᠨ ᠰᠠᠨᠠᠭᠤᠯᠭ᠎ᠠ ᠵᠢᠴᠢ ᠤᠰᠤᠨ ᠴᠥᠭᠦᠷᠥᠮ ᠤᠨ ᠠᠵᠢᠯᠯᠠᠭᠠᠨ ᠤ ᠲᠦᠯᠦᠪᠯᠡᠭᠡ ᠶᠢᠨ ᠰᠠᠨᠠᠭᠤᠯᠭ᠎ᠠ ᠪᠠᠨ | ᠮᠡᠳᠡᠭᠦᠯᠦᠨ ᠬᠦᠷᠭᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ 【 ᠤᠰᠤᠨ ᠤ ᠬᠡᠮᠵᠢᠶ᠎ᠡ ᠶᠢ ᠲᠤᠬᠢᠷᠠᠭᠤᠯᠬᠤ ᠤᠨ ᠤ ᠲᠦᠯᠦᠪᠯᠡᠭᠡ ᠶᠢ | ᠨᠠᠶᠢᠷᠠᠭᠤᠯᠤᠨ ᠵᠤᠬᠢᠶᠠᠬᠤ 】 ᠤᠰᠤᠨ ᠤ ᠬᠡᠮᠵᠢᠶ᠎ᠡ ᠶᠢ ᠲᠣᠬᠢᠷᠠᠭᠤᠯᠬᠤ ᠤᠨ ᠤ ᠲᠥᠯᠥᠪᠯᠡᠭᠡ ᠶᠢ ᠪᠣᠯ | ᠵᠥᠪᠰᠢᠶᠡᠷᠡᠭᠦᠯᠦᠭᠰᠡᠨ ᠥᠪᠥᠷ ᠮᠣᠩᠭᠤᠯ ᠤᠨ ᠪᠠᠷᠠᠭᠤᠨ ᠯᠢᠶᠤᠤ ᠡᠾᠧ ᠭᠤᠤᠯ ᠤᠨ ᠰᠠᠪᠠ ᠭᠠᠵᠠᠷ ᠤᠨ ᠤᠰᠤᠨ ᠤ | ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠣᠨ ᠤ ᠲᠦᠰᠦᠬᠡᠯᠡᠭᠰᠡᠨ ᠤᠰᠤᠨ ᠤ ᠬᠡᠮᠵᠢᠶ᠎ᠡ᠂ ᠤᠰᠤᠨ | ᠴᠥᠭᠦᠷᠥᠮ ᠤᠨ ᠤᠰᠤᠨ ᠤ ᠬᠠᠳᠠᠭᠠᠯᠠᠭᠳᠠᠴᠠ ᠪᠠᠷ ᠦᠨᠳᠦᠰᠦᠯᠡᠯ ᠪᠤᠯᠭᠠᠵᠦ᠂ ᠠᠳᠠᠯᠢ ᠬᠠᠷᠢᠴᠠᠯ ᠢᠶᠠᠷ ᠤᠷᠤᠰᠬᠠᠯ | ᠰᠠᠶᠢᠳᠠᠢ ᠪᠤᠯ ᠨᠡᠮᠡᠭᠳᠡᠬᠦᠯᠦᠨ ᠤᠷᠤᠰᠬᠠᠯ ᠲᠠᠳᠠᠭᠤᠷᠠᠬᠤ ᠳᠤ ᠪᠠᠭᠠᠰᠬᠠᠬᠤ ᠵᠠᠷᠴᠢᠮ ᠶᠤᠰᠤᠭᠠᠷ ᠤᠰᠤ ᠬᠡᠷᠡᠭᠯᠡᠬᠦ | ᠤᠨ ᠤ ᠲᠦᠯᠦᠪᠯᠡᠭᠡ ᠶᠢᠨ ᠰᠠᠨᠠᠭᠤᠯᠭ᠎ᠠ ᠪᠠ ᠤᠰᠤᠨ ᠴᠦᠭᠦᠷᠦᠮ ᠤᠨ ᠠᠵᠢᠯᠯᠠᠭᠠᠨ ᠤ ᠲᠦᠯᠦᠪᠯᠡᠭᠡ ᠶᠢᠨ | ᠰᠠᠨᠠᠭᠤᠯᠭ᠎ᠠ ᠶᠢᠨ ᠰᠠᠭᠤᠷᠢᠨ ᠲᠡᠬᠡᠷ᠎ᠡ ᠲᠤᠨᠨᠳᠠᠭᠠᠬᠤ ᠬᠡᠷᠡᠭᠳᠡᠢ᠃ ᠲᠦᠩᠯᠢᠶᠤᠤ ᠬᠤᠳᠠ᠂ ᠤᠯᠠᠭᠠᠨᠬᠠᠳᠠ ᠬᠤᠳᠠ ᠶᠢᠨ | ᠬᠠᠮᠢᠶ᠎ᠠ ᠪᠦᠭᠦᠢ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤᠨ ᠤ | ᠬᠡᠮᠵᠢᠶ᠎ᠡ ᠶᠢ ᠲᠤᠬᠢᠷᠠᠭᠤᠯᠬᠤ ᠤᠨ ᠤ ᠲᠦᠯᠦᠪᠯᠡᠭᠡ ᠪᠠᠨ ᠤᠰᠤ ᠵᠠᠯᠠᠵᠦ ᠬᠡᠷᠡᠭᠯᠡᠬᠦ ᠡᠯ᠎ᠡ ᠨᠢᠬᠡᠴᠢ ᠳᠤ ᠬᠤᠪᠢᠶᠠᠷᠢᠯᠠᠵᠦ | ᠪᠠᠭᠤᠯᠭᠠᠬᠤ ᠬᠡᠷᠡᠭᠳᠡᠢ᠃ ᠤᠰᠤ ᠵᠠᠯᠠᠵᠦ ᠬᠡᠷᠡᠭᠯᠡᠬᠦ ᠡᠯ᠎ᠡ ᠨᠢᠬᠡᠴᠢ ᠨᠢ ᠤᠰᠤ ᠬᠡᠷᠡᠭᠯᠡᠬᠦ ᠲᠦᠯᠦᠪᠯᠡᠬᠡᠨ ᠤ ᠭᠦᠢᠴᠡᠳᠬᠡᠯ | ᠲᠤᠭ᠎ᠠ ᠪᠠᠷ ᠤᠰᠤ ᠵᠠᠯᠠᠵᠦ ᠬᠡᠷᠡᠭᠯᠡᠨ᠂ ᠭᠦᠢᠴᠡᠳᠬᠡᠯ ᠲᠤᠭ᠎ᠠ ᠠᠴᠠ ᠲᠠᠪᠠᠭᠤᠯᠤᠨ ᠤᠰᠤ ᠬᠡᠷᠡᠭᠯᠡᠬᠦ ᠶᠢ ᠴᠢᠩᠭ᠎ᠠ | ᠴᠠᠭᠠᠵᠠᠯᠠᠬᠤ ᠬᠡᠷᠡᠭᠳᠡᠢ᠃ | ᠠᠷᠪᠠᠨ ᠭᠤᠷᠪᠠᠳᠤᠭᠠᠷ ᠵᠦᠢᠯ 【 ᠲᠤᠬᠠᠢ ᠶᠢᠨ ᠴᠠᠭ ᠲᠤ ᠨᠢ ᠲᠤᠬᠢᠷᠠᠭᠤᠯᠬᠤ 】 ᠤᠰᠤᠨ ᠤ | ᠬᠡᠮᠵᠢᠶ᠎ᠡ ᠶᠢᠨ ᠲᠤᠬᠢᠷᠠᠭᠤᠯᠤᠯᠳᠠ ᠶᠢ ᠬᠡᠷᠡᠭᠵᠢᠬᠦᠯᠬᠦ ᠶᠠᠪᠤᠴᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠲᠤᠬᠠᠢ ᠶᠢᠨ ᠴᠠᠭ ᠤᠨ ᠤᠰᠤ ᠪᠣᠷᠣᠭᠠᠨ ᠭᠠᠩ ᠴᠢᠭᠢᠭ ᠤᠨ ᠪᠠᠶᠢᠳᠠᠯ᠂ ᠤᠰᠤᠨ ᠴᠥᠭᠦᠷᠥᠮ ᠤᠨ ᠤᠰᠤ | ᠬᠠᠳᠠᠭᠠᠯᠠᠬᠤ ᠬᠡᠮᠵᠢᠶ᠎ᠡ ᠵᠢᠴᠢ ᠤᠰᠤ ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ ᠨᠢᠭᠡᠨᠲᠡ ᠪᠠᠭᠤᠯᠭᠠᠭᠰᠠᠨ ᠤᠰᠤᠨ ᠤ | ᠬᠡᠮᠵᠢᠶ᠎ᠡ ᠶᠢ ᠲᠣᠬᠢᠷᠠᠭᠤᠯᠬᠤ ᠣᠨ ᠤ ᠲᠥᠯᠥᠪᠯᠡᠭᠡ᠂ ᠤᠰᠤᠨ ᠤ ᠬᠡᠮᠵᠢᠶ᠎ᠡ ᠶᠢ ᠲᠣᠬᠢᠷᠠᠭᠤᠯᠬᠤ ᠰᠠᠷ᠎ᠠ ᠬᠤᠨᠤᠭ ᠤᠨ | ᠲᠥᠰᠦᠯ ᠳᠤ ᠲᠣᠬᠢᠷᠠᠭᠤᠯᠤᠯᠲᠠ ᠬᠢᠵᠦ ᠪᠣᠯᠬᠤ ᠪᠦᠭᠡᠳ ᠲᠤᠬᠠᠢ ᠶᠢᠨ ᠴᠠᠭ ᠲᠤ ᠨᠢ ᠲᠣᠬᠢᠷᠠᠭᠤᠯᠬᠤ ᠵᠠᠷᠯᠢᠭ | ᠪᠠᠭᠤᠯᠭᠠᠬᠤ ᠬᠡᠷᠡᠭᠳᠡᠢ᠃ | ᠠᠷᠪᠠᠨ ᠲᠦᠷᠪᠡᠳᠦᠬᠡᠷ ᠵᠦᠢᠯ 【 ᠵᠤᠬᠢᠶᠠᠨ ᠪᠠᠶᠢᠭᠤᠯᠵᠦ ᠬᠡᠷᠡᠭᠵᠢᠬᠦᠯᠬᠦ 】 ᠲᠦᠩᠯᠢᠶᠣᠤ ᠬᠤᠲᠠ᠂ | ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠠ ᠤᠰᠤᠨ ᠤ ᠬᠡᠮᠵᠢᠶ᠎ᠡ ᠶᠢ ᠳᠣᠭᠢᠷᠠᠭᠤᠯᠤᠨ ᠬᠡᠷᠡᠭᠵᠢᠭᠦᠯᠬᠦ ᠨᠢᠬᠡᠴᠢ ᠨᠢ ᠪᠠᠭᠤᠯᠭᠠᠭᠰᠠᠨ ᠤᠰᠤᠨ ᠤ ᠬᠡᠮᠵᠢᠶ᠎ᠡ ᠶᠢ | ᠲᠤᠬᠢᠷᠠᠭᠤᠯᠬᠤ ᠣᠨ ᠤ ᠲᠥᠯᠥᠪᠯᠡᠭᠡ᠂ ᠤᠰᠤᠨ ᠤ ᠬᠡᠮᠵᠢᠶ᠎ᠡ ᠶᠢ ᠳᠣᠭᠢᠷᠠᠭᠤᠯᠬᠤ ᠰᠠᠷ᠎ᠠ ᠬᠤᠨᠤᠭ ᠤᠨ ᠲᠥᠰᠦᠯ | ᠪᠤᠶᠤ ᠲᠤᠬᠠᠢ ᠶᠢᠨ ᠴᠠᠭ ᠲᠤ ᠨᠢ ᠲᠤᠬᠢᠷᠠᠭᠤᠯᠬᠤ ᠵᠠᠷᠯᠢᠭ ᠢᠶᠠᠷ ᠦᠨᠳᠦᠰᠦᠯᠡᠯ ᠪᠤᠯᠭᠠᠵᠦ᠂ ᠬᠠᠷᠢᠶ᠎ᠠ ᠬᠡᠪᠴᠢᠶᠡᠨ | ᠳᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢᠶᠠᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ | ᠤᠰᠤᠨ ᠴᠥᠭᠦᠷᠥᠮ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ ᠤᠰᠤᠨ ᠴᠥᠭᠦᠷᠥᠮ ᠤᠨ ᠨᠦᠬᠡᠴᠡᠯᠡᠬᠦ ᠪᠠ | ᠲᠠᠳᠠᠭᠤᠷᠠᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠤᠰᠤᠨ ᠴᠦᠭᠦᠷᠦᠮ ᠤᠨ ᠤᠰᠤ ᠲᠣᠬᠢᠷᠠᠭᠤᠯᠬᠤ | ᠵᠥᠪᠰᠢᠶᠡᠷᠡᠭᠦᠯᠦᠭᠰᠡᠨ ᠲᠥᠰᠦᠯ ᠤᠨ ᠶᠣᠰᠣᠭᠠᠷ ᠬᠠᠮᠳᠤᠷᠠᠨ ᠰᠢᠯᠢᠳᠡᠭᠵᠢᠬᠦᠯᠵᠦ ᠲᠣᠬᠢᠷᠠᠭᠤᠯᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ 【 ᠦᠶᠡᠷ ᠤᠨ ᠬᠤᠭᠤᠴᠠᠭᠠᠨ ᠳᠤ ᠲᠤᠬᠢᠷᠠᠭᠤᠯᠬᠤ 】 ᠦᠶᠡᠷ ᠤᠨ | ᠬᠤᠭᠤᠴᠠᠭᠠᠨ ᠳᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ ᠦᠶᠡᠷ ᠢ ᠰᠡᠷᠭᠡᠶᠢᠯᠡᠬᠦ ᠪᠠ ᠪᠠᠷᠢᠯᠭ᠎ᠠ ᠶᠢᠨ ᠠᠮᠤᠷ | ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠦᠶᠡᠷ ᠤᠨ ᠪᠤᠰᠤ ᠬᠤᠭᠤᠴᠠᠭᠠᠨ ᠤ ᠤᠰᠤ ᠬᠠᠩᠭᠠᠬᠤ ᠬᠡᠷᠡᠭᠴᠡᠭᠡ | ᠱᠠᠭᠠᠷᠳᠠᠯᠭ᠎ᠠ ᠶᠢ ᠭᠦᠢᠴᠡᠳ ᠪᠤᠳᠤᠯᠬᠢᠯᠠᠵᠦ᠂ ᠪᠣᠷᠣᠭᠠᠨ ᠤ ᠦᠶᠡᠷ ᠢ ᠡᠬᠢ ᠪᠠᠶᠠᠯᠢᠭᠵᠢᠭᠤᠯᠤᠨ ᠠᠰᠢᠭᠯᠠᠬᠤ ᠶᠢ | ᠠᠬᠢᠭᠤᠯᠬᠤ ᠬᠡᠷᠡᠭᠳᠡᠢ᠃ | ᠠᠷᠪᠠᠨ ᠵᠢᠷᠭᠤᠳᠤᠭᠠᠷ ᠵᠦᠢᠯ 【 ᠵᠠᠩᠬᠢᠯᠠᠭ᠎ᠠ ᠶᠢ ᠬᠢᠵᠠᠭᠠᠷᠯᠠᠬᠤ 】 ᠥᠪᠥᠷ ᠮᠣᠩᠭᠤᠯ ᠤᠨ ᠪᠠᠷᠠᠭᠤᠨ | ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ ᠪᠤᠬᠢᠷᠳᠤᠯ ᠢ ᠡᠵᠡᠮᠳᠡᠬᠦ | ᠴᠢᠬᠤᠯᠠ ᠣᠭᠲᠣᠯᠤᠭᠠᠰᠤ ᠶᠢᠨ ᠤᠰᠤᠨ ᠤ ᠬᠡᠮᠵᠢᠶ᠎ᠡ ︵ᠤᠷᠤᠰᠬᠠᠯ︶ ᠶᠢ ᠬᠢᠵᠠᠭᠠᠷᠯᠠᠬᠤ ᠪᠤᠳᠤᠯᠭ᠎ᠠ ᠬᠡᠷᠡᠭᠵᠢᠬᠦᠯᠵᠦ᠂ | ᠬᠢᠵᠠᠭᠠᠷᠯᠠᠬᠤ ᠭᠦᠢᠴᠡᠳᠬᠡᠯ ᠲᠤᠭ᠎ᠠ ᠶᠢ ᠪᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠨᠨᠳᠠᠭᠠᠬᠤ ᠬᠡᠷᠡᠭᠳᠡᠢ᠃ | ᠠᠷᠪᠠᠨ ᠳᠣᠯᠣᠳᠤᠭᠠᠷ ᠵᠦᠢᠯ 【 ᠤᠰᠤᠨ ᠰᠢᠨᠵᠢᠯᠡᠬᠡᠨ ᠤ ᠬᠢᠨᠠᠨ ᠰᠢᠨᠵᠢᠯᠳᠠ 】 ᠥᠪᠥᠷ ᠮᠣᠩᠭᠤᠯ ᠤᠨ | ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠳᠤ ᠪᠤᠬᠢᠷᠳᠤᠯ ᠢ | ᠡᠵᠡᠮᠳᠡᠬᠦ ᠴᠢᠬᠤᠯᠠ ᠣᠭᠲᠣᠯᠤᠭᠠᠰᠤ ᠶᠢᠨ ᠤᠰᠤᠨ ᠤ ᠬᠡᠮᠵᠢᠶ᠎ᠡ ︵ᠤᠷᠤᠰᠬᠠᠯ︶ ᠶᠢᠨ ᠮᠤᠵᠢ ᠣᠷᠣᠨ ᠤ ᠵᠠᠭᠠᠭ ᠤᠨ | ᠣᠭᠲᠣᠯᠤᠭᠠᠰᠤ ᠶᠢ ᠤᠯᠤᠰ ᠤᠨ ᠪᠠᠶᠢᠭᠤᠯᠤᠭᠰᠠᠨ ᠤᠰᠤᠨ ᠰᠢᠨᠵᠢᠯᠡᠬᠡᠨ ᠤ ᠥᠷᠲᠡᠭᠡ ᠶᠢᠨ ᠬᠢᠨᠠᠨ ᠰᠢᠨᠵᠢᠭᠰᠡᠨ | ᠲᠤᠭ᠎ᠠ ᠪᠠᠷᠢᠮᠲᠠ ᠪᠠᠷ ᠪᠠᠷᠢᠮᠵᠢᠶ᠎ᠠ ᠪᠤᠯᠭᠠᠵᠦ᠂ ᠠᠶᠢᠮᠠᠭ ᠬᠤᠲᠠ ᠶᠢᠨ ᠵᠠᠭᠠᠭ ᠤᠨ ᠣᠭᠲᠣᠯᠤᠭᠠᠰᠤ ᠶᠢ ᠥᠪᠡᠷᠲᠡᠭᠡᠨ | ᠵᠠᠰᠠᠬᠤ ᠣᠷᠣᠨ ᠤ ᠪᠠᠶᠢᠭᠤᠯᠤᠭᠰᠠᠨ ᠤᠰᠤᠨ ᠰᠢᠨᠵᠢᠯᠡᠬᠡᠨ ᠤ ᠥᠷᠲᠡᠭᠡ ᠶᠢᠨ ᠬᠢᠨᠠᠨ ᠰᠢᠨᠵᠢᠭᠰᠡᠨ ᠲᠤᠭ᠎ᠠ | ᠪᠠᠷᠢᠮᠲᠠ ᠪᠠᠷ ᠪᠠᠷᠢᠮᠵᠢᠶ᠎ᠠ ᠪᠤᠯᠭᠠᠬᠤ ᠬᠡᠷᠡᠭᠳᠡᠢ᠃ ᠤᠰᠤᠨ ᠰᠢᠨᠵᠢᠯᠡᠬᠡᠨ ᠤ ᠬᠢᠨᠠᠨ ᠰᠢᠨᠵᠢᠭᠰᠡᠨ ᠲᠤᠭ᠎ᠠ ᠪᠠᠷᠢᠮᠲᠠ ᠳᠤ | ᠮᠠᠷᠭᠤᠭᠠᠨ ᠲᠠᠢ ᠪᠣᠯ᠂ ᠲᠡᠬᠡᠳᠦ ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠨᠤᠲᠠᠯᠠᠭᠰᠠᠨ ᠤᠰᠤᠨ ᠰᠢᠨᠵᠢᠯᠡᠬᠡᠨ ᠤ ᠬᠢᠨᠠᠨ ᠰᠢᠨᠵᠢᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ | ᠪᠤᠯᠭᠠᠬᠤ ᠬᠡᠷᠡᠭᠳᠡᠢ᠃ | ᠠᠷᠪᠠᠨ ᠨᠠᠢᠮᠠᠳᠤᠭᠠᠷ ᠵᠦᠢᠯ 【 ᠤᠰᠤᠨ ᠤ ᠬᠡᠮᠵᠢᠶ᠎ᠡ ᠶᠢ ᠮᠡᠳᠡᠭᠦᠯᠦᠨ ᠬᠦᠷᠭᠡᠬᠦ 】 ᠲᠦᠩᠯᠢᠶᠣᠤ ᠬᠤᠲᠠ᠂ | ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠠ ᠤᠰᠤᠨ ᠤ ᠬᠡᠮᠵᠢᠶ᠎ᠡ ᠶᠢ ᠳᠣᠭᠢᠷᠠᠭᠤᠯᠤᠨ ᠬᠡᠷᠡᠭᠵᠢᠭᠦᠯᠬᠦ ᠨᠢᠬᠡᠴᠢ ᠨᠢ ᠱᠠᠭᠠᠷᠳᠠᠯᠭ᠎ᠠ ᠶᠣᠰᠣᠭᠠᠷ ᠬᠠᠷᠢᠶ᠎ᠠ | ᠬᠡᠪᠴᠢᠶᠡᠨ ᠳᠠᠬᠢ ᠵᠠᠯᠠᠵᠦ ︵ᠪᠤᠴᠠᠭᠠᠵᠦ︶ ᠬᠡᠷᠡᠭᠯᠡᠭᠰᠡᠨ ᠤᠰᠤᠨ ᠤ ᠬᠡᠮᠵᠢᠶ᠎ᠡ ᠶᠢᠨ ᠪᠠᠶᠢᠳᠠᠯ ᠢᠶᠠᠨ ᠱᠠᠲᠤ ᠳᠠᠷᠠᠭᠠᠯᠠᠨ | ᠳᠡᠭᠡᠭᠰᠢ ᠮᠡᠳᠡᠭᠦᠯᠬᠦ ᠬᠡᠷᠡᠭᠲᠡᠶ᠃ | ᠳᠥᠷᠪᠡᠳᠦᠭᠡᠷ ᠪᠦᠯᠦᠭ ᠪᠠᠴᠢᠮ ᠪᠠᠶᠢᠳᠠᠯ ᠢ ᠠᠷᠭᠠᠴᠠᠭᠠᠬᠤ ᠪᠠᠷ ᠤᠰᠤᠨ ᠤ ᠬᠡᠮᠵᠢᠶ᠎ᠡ ᠶᠢ ᠲᠣᠬᠢᠷᠠᠭᠤᠯᠬᠤ | ᠠᠷᠪᠠ ᠶᠢᠰᠦᠳᠦᠭᠡᠷ ᠵᠦᠢᠯ 【 ᠠᠷᠭᠠᠴᠠᠭᠠᠬᠤ ᠪᠠᠴᠢᠮ ᠪᠠᠶᠢᠳᠠᠯ ᠤᠨ ᠨᠦᠭᠦᠴᠡᠯ 】 ᠲᠤᠤᠷᠠᠬᠢ | ᠪᠠᠶᠢᠳᠠᠯ ᠤᠨ ᠨᠢᠭᠡ ᠨᠢ ᠭᠠᠷᠪᠠᠯ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠪᠠᠴᠢᠮ ᠪᠠᠶᠢᠳᠠᠯ ᠢ | ᠠᠷᠭᠠᠴᠠᠭᠠᠬᠤ ᠪᠠᠷ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠦᠪᠡᠷᠳᠡᠬᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠰᠤᠨ ᠤ ᠵᠠᠰᠠᠭ ᠵᠠᠬᠢᠷᠭᠠᠨ᠂ ᠠᠮᠢ | ᠠᠬᠤᠢ ᠣᠷᠴᠢᠨ ᠲᠣᠭᠤᠷᠢᠨ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠵᠢᠭᠠᠨ ᠵᠢᠯᠣᠭᠤᠳᠬᠤ | ᠬᠡᠷᠡᠭᠲᠡᠶ᠃ | ︵ᠨᠢᠭᠡ︶ ᠤᠰᠤ ᠶᠢ ᠭᠦᠨᠳᠦ ᠨᠤᠴᠢᠳᠠᠢ ᠪᠤᠬᠢᠷᠳᠤᠭᠤᠯᠤᠨᠨᠰᠠᠨ ᠵᠡᠷᠭᠡ ᠤᠰᠤ ᠬᠠᠩᠭᠠᠬᠤ ᠲᠠᠯ᠎ᠠ ᠪᠠᠷ ᠠᠮᠤᠷ | ᠲᠦᠪᠰᠢᠨ ᠤ ᠠᠳᠡᠯ ᠭᠠᠷᠴᠤ᠂ ᠪᠠᠴᠢᠮ ᠪᠠᠶᠢᠳᠠᠯ ᠢ ᠠᠷᠭᠠᠴᠠᠭᠠᠬᠤ ᠪᠠᠷ ᠲᠣᠬᠢᠷᠠᠭᠤᠯᠤᠯᠲᠠ ᠬᠢᠬᠦ ᠴᠢᠬᠤᠯᠠᠲᠠᠶ | ᠪᠣᠯᠤᠭᠰᠠᠨ︔ | ︵ᠬᠤᠶᠠᠷ︶ ᠤᠰᠤᠨ ᠴᠥᠭᠦᠷᠥᠮ ᠳᠤ ᠠᠵᠢᠯᠯᠠᠭᠠᠨ ᠤ ᠭᠦᠨᠳᠦ ᠶᠡᠭᠡ ᠰᠠᠭᠠᠳ ᠵᠡᠷᠭᠡ ᠭᠡᠨᠡᠳᠲᠡ ᠶᠢᠨ | ᠴᠢᠨᠠᠷᠲᠠᠶ ᠠᠳᠡᠯ ᠭᠠᠷᠴᠤ᠂ ᠪᠠᠴᠢᠮ ᠪᠠᠶᠢᠳᠠᠯ ᠢ ᠠᠷᠭᠠᠴᠠᠭᠠᠬᠤ ᠪᠠᠷ ᠲᠤᠬᠢᠷᠠᠭᠤᠯᠤᠯᠳᠠ ᠬᠢᠬᠦ ᠴᠢᠬᠤᠯᠠᠲᠠᠶ ᠪᠣᠯᠤᠭᠰᠠᠨ︔ | | ︵ᠭᠤᠷᠪᠠ︶ ᠣᠨᠴᠠ ᠲᠤᠨᠨᠳ᠋ᠬᠠᠰᠠᠨ ᠣᠷᠣᠨ ᠪᠦᠰᠡ ᠳᠠᠬᠢ ᠤᠰᠤ ᠬᠠᠩᠭᠠᠬᠤ ᠲᠦᠭᠰᠢᠭᠦᠷᠢ ᠪᠤᠶᠤ ᠠᠮᠢ | ᠠᠬᠤᠢ ᠶᠢᠨ ᠲᠦᠭᠰᠢᠭᠦᠷᠢ ᠵᠡᠷᠭᠡ ᠣᠨᠴᠠ ᠲᠤᠨᠨᠳ᠋ᠬᠠᠰᠠᠨ ᠬᠡᠷᠡᠭ ᠢ ᠲᠦᠷ ᠴᠠᠭ ᠰᠢᠢᠳᠪᠦᠷᠢᠯᠡᠬᠦ ᠳᠤ ᠪᠠᠴᠢᠮ ᠪᠠᠶᠢᠳᠠᠯ ᠢ | ᠠᠷᠭᠠᠴᠠᠭᠠᠬᠤ ᠪᠠᠷ ᠲᠣᠬᠢᠷᠠᠭᠤᠯᠤᠯᠲᠠ ᠬᠢᠬᠦ ᠴᠢᠬᠤᠯᠠᠲᠠᠶ ᠪᠣᠯᠤᠭᠰᠠᠨ︔ | ︵ᠲᠦᠷᠪᠡ︶ ᠬᠦᠨᠳᠦ ᠶᠡᠭᠡ ᠭᠠᠩ ᠤᠨ ᠭᠠᠮᠰᠢᠭ ᠪᠤᠯᠤᠨᠨᠰᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠩ ᠲᠠᠢ ᠲᠡᠮᠡᠴᠡᠬᠦ ᠲᠦᠷᠢᠮ︾ ᠤᠨ ᠬᠠᠮᠢᠶ᠎ᠠ ᠪᠥᠬᠦᠶ ᠲᠤᠨᠨᠳᠠᠭᠠᠯ ᠶᠣᠰᠣᠭᠠᠷ᠂ ᠪᠠᠴᠢᠮ | ᠪᠠᠶᠢᠳᠠᠯ ᠢ ᠠᠷᠭᠠᠴᠠᠭᠠᠬᠤ ᠪᠠᠷ ᠲᠣᠬᠢᠷᠠᠭᠤᠯᠤᠯᠲᠠ ᠬᠢᠬᠦ ᠴᠢᠬᠤᠯᠠᠲᠠᠶ ᠪᠤᠯᠤᠨᠨᠰᠠᠨ︔ | ︵ᠲᠠᠪᠤ︶ ᠪᠤᠰᠤᠳ ᠪᠠᠴᠢᠮ ᠪᠠᠶᠢᠳᠠᠯ ᠳᠤ ᠪᠠᠴᠢᠮ ᠪᠠᠶᠢᠳᠠᠯ ᠢ ᠠᠷᠭᠠᠴᠠᠭᠠᠬᠤ ᠪᠠᠷ ᠲᠣᠬᠢᠷᠠᠭᠤᠯᠤᠯᠲᠠ ᠬᠢᠬᠦ | ᠴᠢᠬᠤᠯᠠᠲᠠᠶ ᠪᠤᠯᠤᠨᠨᠰᠠᠨ᠃ | ᠬᠤᠷᠢᠳᠤᠭᠠᠷ ᠵᠦᠢᠯ 【 ᠦᠪᠡᠷᠳᠡᠬᠡᠨ ᠵᠠᠰᠠᠬᠤ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠦᠰᠦᠯ 】 ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ | ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ | ᠤᠰᠤᠨ ᠤ ᠬᠡᠮᠵᠢᠶ᠎ᠡ ᠶᠢ ᠳᠣᠭᠢᠷᠠᠭᠤᠯᠤᠨ ᠬᠡᠷᠡᠭᠵᠢᠭᠦᠯᠬᠦ ᠨᠢᠬᠡᠴᠢ ᠲᠠᠢ ᠵᠦᠪᠳᠡᠯᠴᠡᠵᠦ᠂ ᠪᠠᠴᠢᠮ ᠪᠠᠶᠢᠳᠠᠯ ᠳᠠᠬᠢ | ᠪᠠᠴᠢᠮ ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠪᠡᠯᠡᠳᠬᠡᠯ ᠲᠥᠰᠦᠯ ᠢ ᠲᠣᠭᠲᠠᠭᠠᠬᠤ | ᠬᠡᠷᠡᠭᠲᠡᠶ᠃ | ᠬᠤᠷᠢᠨ ᠨᠢᠭᠡᠳᠦᠭᠡᠷ ᠵᠦᠢᠯ 【 ᠬᠤᠳᠠ ᠶᠢᠨ ᠲᠡᠰ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ 】 | ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ | ᠬᠡᠷᠡᠭᠵᠢᠭᠦᠯᠬᠦ ᠨᠢᠬᠡᠴᠢ ᠨᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠨ ᠤᠰᠤᠨ ᠤ | ᠬᠡᠮᠵᠢᠶ᠎ᠡ ᠶᠢ ᠳᠣᠭᠢᠷᠠᠭᠤᠯᠬᠤ ᠶᠢᠨ ᠪᠡᠯᠡᠳᠬᠡᠯ ᠲᠥᠰᠦᠯ ᠢ ᠦᠨᠳᠦᠰᠦᠯᠡᠵᠦ᠂ ᠬᠠᠷᠢᠶ᠎ᠠ ᠬᠡᠪᠴᠢᠶᠡᠨ ᠳᠠᠬᠢ ᠪᠠᠴᠢᠮ | ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ | ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ 【 ᠪᠠᠴᠢᠮ ᠪᠠᠶᠢᠳᠠᠯ ᠢ ᠠᠷᠭᠠᠴᠠᠭᠠᠬᠤ ᠪᠠᠷ ᠬᠢᠨᠠᠨ ᠰᠢᠨᠵᠢᠬᠦ ᠬᠢᠬᠡᠳ ᠮᠡᠳᠡᠭᠡ | ᠵᠠᠩᠬᠢ ᠶᠢ ᠮᠡᠳᠡᠭᠦᠯᠦᠨ ᠭᠦᠷᠬᠡᠬᠦ 】 ᠪᠠᠴᠢᠮ ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠲᠣᠬᠢᠷᠠᠭᠤᠯᠬᠤ | ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠬᠡᠨ ᠤ ᠪᠠᠶᠢᠭᠤᠯᠤᠮᠵᠢ ᠨᠢ ᠤᠰᠤᠨ | ᠰᠢᠨᠵᠢᠯᠡᠬᠡᠨ ᠤ ᠬᠢᠨᠠᠨ ᠰᠢᠨᠵᠢᠬᠦ ᠪᠠ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠤᠰᠤᠨ ᠰᠢᠨᠵᠢᠯᠡᠬᠡᠨ ᠤ ᠬᠢᠨᠠᠨ ᠰᠢᠨᠵᠢᠭᠰᠡᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠡᠳᠦᠷ ᠪᠦᠷᠢ | ᠮᠡᠳᠡᠭᠦᠯᠦᠨ ᠬᠦᠷᠭᠡᠬᠦ ᠬᠡᠷᠡᠭᠲᠡᠶ᠃ ᠲᠦᠩᠯᠢᠶᠣᠤ ᠬᠤᠳᠠ᠂ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ ᠤ | ᠬᠡᠮᠵᠢᠶ᠎ᠡ ᠶᠢ ᠲᠤᠬᠢᠷᠠᠭᠤᠯᠤᠨ ᠬᠡᠷᠡᠭᠵᠢᠭᠦᠯᠬᠦ ᠨᠢᠬᠡᠴᠢ ᠨᠢ ᠤᠰᠤ ᠵᠠᠯᠠᠵᠦ ︵ᠪᠤᠴᠠᠭᠠᠵᠦ︶ ᠬᠡᠷᠡᠭᠯᠡᠬᠦ ᠬᠡᠮᠵᠢᠶ᠎ᠡ ᠪᠠ | ᠤᠰᠤᠨ ᠴᠥᠭᠦᠷᠥᠮ ᠤᠨ ᠤᠰᠤ ᠬᠠᠳᠠᠭᠠᠯᠠᠬᠤ ︵ᠤᠷᠤᠰᠬᠠᠬᠤ︶ ᠬᠡᠮᠵᠢᠶ᠎ᠡ᠂ ᠬᠠᠰᠢᠯᠭ᠎ᠠ ᠶᠢᠨ ᠲᠡᠭᠰᠢᠳᠬᠡᠭᠰᠡᠨ | ᠤᠰᠤᠨ ᠲᠦᠪᠰᠢᠨ ᠵᠢᠴᠢ ᠴᠦᠭᠦᠷᠦᠮ ᠳᠤ ᠣᠷᠣᠭᠤᠯᠬᠤ ︵ᠭᠠᠷᠭᠠᠬᠤ︶ ᠤᠷᠤᠰᠬᠠᠯ ᠤᠨ ᠬᠡᠮᠵᠢᠶ᠎ᠡ ᠶᠢ | ᠲᠤᠬᠢᠷᠠᠭᠤᠯᠬᠤ ᠳᠤ ᠤᠷᠤᠯᠴᠬᠠᠰᠠᠨ ᠮᠠᠲ᠋ᠧᠷᠢᠶᠠᠯ ᠢᠶᠠᠨ ᠡᠳᠦᠷ ᠪᠦᠷᠢ ᠮᠡᠳᠡᠭᠦᠯᠦᠨ ᠬᠦᠷᠭᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ 【 ᠤᠰᠤ ᠬᠠᠩᠭᠠᠬᠤ ᠲᠠᠯ᠎ᠠ ᠪᠠᠷ ᠠᠮᠤᠷ ᠲᠦᠪᠰᠢᠨ ᠤ ᠠᠳᠡᠯ ᠭᠠᠷᠤᠭᠰᠠᠨ | ᠪᠠᠶᠢᠳᠠᠯ ᠳᠠᠬᠢ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ 】 ᠠᠳᠡᠯ ᠪᠤᠶᠤ ᠪᠤᠰᠤᠳ ᠭᠡᠨᠡᠳᠲᠡ ᠶᠢᠨ ᠬᠡᠷᠡᠭ | ᠭᠠᠷᠴᠤ᠂ ᠤᠰᠤ ᠪᠤᠬᠢᠷᠳᠤᠭᠤᠯᠤᠨᠨᠰᠠᠨ ᠬᠦᠨᠳᠦ ᠨᠣᠴᠢᠲᠠᠶ ᠠᠳᠡᠯ ᠭᠠᠷᠭᠠᠭᠰᠠᠨ ᠪᠤᠶᠤ ᠭᠠᠷᠴᠤ ᠮᠡᠳᠡᠬᠦ᠂ ᠡᠰᠡᠬᠦᠯ᠎ᠡ | ᠤᠰᠤ ᠪᠤᠬᠢᠷᠳᠤᠭᠤᠯᠤᠨᠨᠰᠠᠨ ᠬᠦᠨᠳᠦ ᠨᠣᠴᠢᠲᠠᠶ ᠬᠡᠷᠡᠭ ᠭᠠᠷᠤᠭᠰᠠᠨ ᠠᠴᠠ ᠤᠰᠤ ᠬᠠᠩᠭᠠᠬᠤ ᠲᠠᠯ᠎ᠠ ᠶᠢᠨ ᠠᠮᠤᠷ | ᠲᠦᠪᠰᠢᠨ ᠢ ᠬᠦᠨᠳᠦ ᠨᠣᠴᠢᠲᠠᠶ ᠨᠥᠯᠥᠭᠡᠯᠡᠵᠦ᠂ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ ᠴᠢᠬᠤᠯᠠᠲᠠᠶ | ᠪᠤᠯᠤᠨᠨᠰᠠᠨ ᠪᠠᠶᠢᠪᠠᠯ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ᠂ ᠠᠮᠢ ᠠᠬᠤᠶ ᠣᠷᠴᠢᠨ ᠲᠣᠭᠤᠷᠢᠨ ᠵᠡᠷᠭᠡ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠤᠰᠤ ᠪᠤᠬᠢᠷᠳᠤᠭᠤᠯᠤᠨᠨᠰᠠᠨ ᠠᠳᠡᠯ ︵ᠬᠡᠷᠡᠭ︶ ᠤᠨ ᠪᠠᠴᠢᠮ ᠪᠠᠶᠢᠳᠠᠯ ᠢ | ᠠᠷᠭᠠᠴᠠᠭᠠᠨ ᠲᠤᠬᠢᠷᠠᠭᠤᠯᠬᠤ ᠪᠡᠯᠡᠳᠬᠡᠯ ᠲᠥᠰᠦᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ | ᠲᠣᠬᠢᠷᠠᠭᠤᠯᠤᠯᠲᠠ ᠬᠢᠬᠦ ᠬᠡᠷᠡᠭᠳᠡᠢ︔ ᠴᠢᠬᠤᠯᠠᠳᠠᠢ ᠦᠶ᠎ᠡ ᠳᠤ᠂ ᠤᠰᠤ ᠵᠠᠯᠠᠵᠦ ᠬᠡᠷᠡᠭᠯᠡᠬᠦ ᠬᠡᠮᠵᠢᠶ᠎ᠡ ᠶᠢ ᠬᠠᠰᠤᠵᠤ | ᠪᠠᠭᠠᠰᠬᠠᠬᠤ᠂ ᠤᠰᠤᠨ ᠴᠥᠭᠦᠷᠥᠮ ᠤᠨ ᠲᠤᠤᠷᠠᠳᠤ ᠤᠷᠤᠰᠬᠠᠯ ᠤᠷᠤᠭᠤ ᠤᠷᠤᠰᠬᠠᠬᠤ ᠤᠷᠤᠰᠬᠠᠯ ᠢ ᠨᠡᠮᠡᠭᠳᠡᠭᠦᠯᠬᠦ᠂ | ᠤᠰᠤᠨ ᠰᠢᠨᠵᠢᠯᠡᠬᠡᠨ ᠤ ᠬᠢᠨᠠᠨ ᠰᠢᠨᠵᠢᠯᠳᠡ ᠶᠢ ᠴᠢᠩᠭᠠᠳᠬᠠᠬᠤ ᠵᠡᠷᠬᠡ ᠰᠶᠢᠳᠪᠦᠷᠢᠯᠡᠬᠦ ᠠᠷᠭ᠎ᠠ ᠬᠡᠮᠵᠢᠶ᠎ᠡ ᠶᠢ ᠬᠠᠤᠯᠢ | ᠶᠣᠰᠣᠭᠠᠷ ᠬᠡᠷᠡᠭᠯᠡᠵᠦ ᠪᠣᠯᠤᠨ᠎ᠠ᠃ | ᠬᠤᠷᠢᠨ ᠳᠥᠷᠪᠡᠳᠦᠭᠡᠷ ᠵᠦᠢᠯ 【 ᠪᠠᠷᠢᠯᠭ᠎ᠠ ᠶᠢᠨ ᠭᠦᠨᠳᠦ ᠶᠡᠭᠡ ᠠᠳᠡᠯ ᠭᠠᠷᠤᠨᠨᠰᠠᠨ ᠪᠠᠶᠢᠳᠠᠯ ᠳᠠᠬᠢ ᠪᠠᠴᠢᠮ | ᠪᠠᠶᠢᠳᠠᠯ ᠢ ᠠᠷᠭᠠᠴᠠᠭᠠᠨ ᠲᠤᠬᠢᠷᠠᠭᠤᠯᠬᠤ 】 ᠤᠰᠤᠨ ᠴᠥᠭᠦᠷᠥᠮ ᠳᠤ ᠬᠦᠨᠳᠦ ᠶᠡᠭᠡ ᠠᠵᠢᠯᠯᠠᠭᠠᠨ ᠤ ᠰᠠᠭᠠᠳ | ᠵᠡᠷᠭᠡ ᠭᠡᠨᠡᠳᠲᠡ ᠶᠢᠨ ᠴᠢᠨᠠᠷᠲᠠᠶ ᠠᠳᠡᠯ ᠭᠠᠷᠤᠭᠰᠠᠨ ᠦᠶ᠎ᠡ ᠳᠤ᠂ ᠤᠰᠤᠨ ᠴᠥᠭᠦᠷᠥᠮ ᠤᠨ ᠬᠠᠮᠢᠶᠠᠷᠤᠯᠲᠠ ᠶᠢᠨ | ᠨᠢᠬᠡᠴᠢ ᠨᠢ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ ᠶᠢᠨ ᠬᠡᠷᠡᠭᠵᠢᠭᠦᠯᠬᠦ ᠲᠥᠰᠦᠯ ᠢ ᠳᠠᠷᠦ᠋ᠢᠬᠠᠨ | ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠠᠳᠡᠯ ᠭᠠᠷᠤᠭᠰᠠᠨ | ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ | ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠮᠡᠳᠡᠭᠦᠯᠦᠯᠲᠡ ᠶᠢ ᠲᠤᠰᠤᠨᠨᠰᠠᠨ ᠤ ᠳᠠᠷᠠᠭ᠎ᠠ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠴᠠᠭ | ᠲᠤᠬᠠᠶ ᠳᠤ ᠨᠢ ᠮᠡᠳᠡᠭᠦᠯᠬᠦ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ ᠪᠡᠯᠡᠳᠬᠡᠯ ᠲᠥᠰᠦᠯ ᠢ | ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠠᠵᠢᠯ ᠢᠶᠠᠨ ᠵᠣᠬᠢᠶᠠᠨ | ᠪᠠᠶᠢᠭᠤᠯᠵᠦ ᠥᠷᠨᠢᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ 【 ᠤᠨᠴᠠ ᠲᠤᠨᠨᠳ᠋ᠬᠠᠰᠠᠨ ᠤᠷᠤᠨ ᠪᠦᠰᠡ ᠳᠤ ᠭᠠᠷᠤᠨᠨᠰᠠᠨ ᠤᠨᠴᠠ | ᠲᠤᠨᠨᠳ᠋ᠬᠠᠰᠠᠨ ᠬᠡᠷᠡᠭ ᠢ ᠲᠦᠷ ᠴᠠᠭ ᠰᠶᠢᠳᠪᠦᠷᠢᠯᠡᠬᠦ ᠪᠠᠷ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ 】 | ᠤᠰᠤ ᠬᠠᠩᠭᠠᠬᠤ ᠲᠦᠭᠰᠢᠭᠦᠷᠢ ᠪᠤᠶᠤ ᠠᠮᠢ ᠠᠬᠤᠶ ᠶᠢᠨ ᠲᠦᠭᠰᠢᠬᠦᠷᠢ ᠵᠡᠷᠭᠡ ᠣᠨᠴᠠ ᠲᠤᠨᠨᠳ᠋ᠬᠠᠰᠠᠨ ᠬᠡᠷᠡᠭ ᠢ ᠲᠦᠷ | ᠴᠠᠭ ᠰᠶᠢᠳᠪᠦᠷᠢᠯᠡᠬᠦ ᠪᠠᠷ ᠪᠠᠴᠢᠮ ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠪᠤᠯᠤᠨᠨᠰᠠᠨ | ᠪᠠᠶᠢᠪᠠᠯ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠭᠠᠨ | ᠲᠤᠬᠢᠷᠠᠭᠤᠯᠬᠤ ᠠᠵᠢᠯ ᠢ ᠵᠣᠬᠢᠶᠠᠨ ᠪᠠᠶᠢᠭᠤᠯᠵᠦ ᠬᠡᠷᠡᠭᠵᠢᠬᠦᠯᠬᠦ ᠬᠡᠷᠡᠭᠳᠡᠢ᠃ | ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ | ᠬᠤᠷᠢᠨ ᠵᠢᠷᠭᠤᠳᠤᠭᠠᠷ ᠵᠦᠢᠯ 【 ᠰᠢᠮᠳᠠᠭᠤᠯᠤᠨ ᠪᠠᠶᠢᠴᠠᠭᠠᠬᠤ ᠲᠦᠷᠢᠮ 】 ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠠ ᠲᠦᠩᠯᠢᠶᠣᠤ ᠬᠤᠳᠠ᠂ ᠤᠯᠠᠭᠠᠨᠬᠠᠳᠠ ᠬᠤᠲᠠ ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠠᠷᠢᠶ᠎ᠠ ᠬᠡᠪᠴᠢᠶᠡᠨ ᠳᠠᠬᠢ ᠤᠰᠤᠨ ᠤ ᠬᠡᠮᠵᠢᠶ᠎ᠡ ᠶᠢ ᠳᠣᠭᠢᠷᠠᠭᠤᠯᠤᠨ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠪᠠᠷᠠᠭᠤᠨ ᠯᠢᠶᠣᠤ | ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠠᠵᠢᠯ ᠢ ᠲᠦᠩᠯᠢᠶᠣᠤ ᠬᠤᠲᠠ᠂ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠮᠥᠷᠡᠨ ᠨᠠᠭᠤᠷ ᠴᠦᠬᠦᠷᠦᠮ ᠤᠨ | ᠳᠠᠷᠤᠭ᠎ᠠ ᠶᠢᠨ ᠲᠦᠷᠢᠮ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ | ᠵᠡᠷᠭᠡ ᠬᠠᠮᠢᠶ᠎ᠠ ᠪᠥᠬᠦᠶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠤᠷᠤᠭᠤᠯᠬᠤ | ᠬᠡᠷᠡᠭᠳᠡᠢ᠃ | ᠬᠤᠷᠢᠨ ᠳᠣᠯᠣᠳᠤᠭᠠᠷ ᠵᠦᠢᠯ 【 ᠰᠢᠮᠳᠠᠭᠤᠯᠤᠨ ᠪᠠᠶᠢᠴᠠᠭᠠᠬᠤ ᠡᠷᠬᠡ ᠮᠡᠳᠡᠯ 】 ᠬᠢᠨᠠᠯᠲᠠ ᠲᠠᠯᠪᠢᠵᠤ | ᠪᠠᠶᠢᠴᠠᠭᠠᠬᠤ ᠠᠵᠢᠯᠳᠠᠳ ᠲᠣᠰ ᠠᠷᠭ᠎ᠠ ᠶᠢᠨ ᠲᠣᠭᠲᠠᠭᠠᠯ ᠢ ᠭᠦᠢᠴᠡᠳᠬᠡᠬᠦ ᠳᠤ ᠪᠠᠨ ᠳᠣᠤᠷᠠᠬᠢ ᠠᠷᠭ᠎ᠠ ᠬᠡᠮᠵᠢᠶ᠎ᠡ ᠶᠢ | ᠠᠪᠬᠤ ᠡᠷᠬᠡ ᠲᠠᠢ᠄ | ︵ᠨᠢᠭᠡ︶ ᠪᠠᠶᠢᠴᠠᠭᠠᠭᠳᠠᠬᠤ ᠨᠢᠭᠡᠴᠢ ᠶᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ | ᠬᠠᠩᠭᠠᠯᠭᠠᠬᠤ ᠪᠠᠷ ᠱᠠᠭᠠᠷᠳᠠᠵᠦ᠂ ᠲᠡᠳᠡᠬᠡᠷ ᠢ ᠨᠢ ᠪᠠᠶᠢᠴᠠᠭᠠᠨ ᠦᠵᠡᠬᠦ ᠪᠤᠶᠤ ᠬᠠᠭᠤᠯᠠᠪᠤᠷᠢᠯᠠᠬᠤ︔ | ︵ᠬᠤᠶᠠᠷ︶ ᠪᠠᠶᠢᠴᠠᠭᠠᠭᠳᠠᠬᠤ ᠨᠢᠭᠡᠴᠢ ᠳᠤ ᠲᠤᠰ ᠠᠷᠭ᠎ᠠ ᠶᠢ ᠬᠡᠷᠡᠭᠵᠢᠬᠦᠯᠦᠭᠰᠡᠨ ᠬᠤᠯᠪᠣᠭᠳᠠᠯ ᠪᠦᠬᠦᠢ | ᠠᠰᠠᠭᠤᠳᠠᠯ ᠳᠤ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔ | ︵ᠭᠤᠷᠪᠠ︶ ᠪᠠᠶᠢᠴᠠᠭᠠᠭᠳᠠᠬᠤ ᠨᠢᠭᠡᠴᠢ ᠶᠢᠨ ᠦᠢᠯᠡᠳᠪᠦᠷᠢᠯᠡᠬᠦ ᠲᠠᠯᠠᠪᠤᠷ ᠭᠠᠵᠠᠷ ᠲᠤ ᠨᠢ ᠣᠷᠣᠵᠤ | ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ ᠪᠠ ᠪᠠᠶᠢᠴᠠᠭᠠᠯᠲᠠ ᠬᠢᠬᠦ︔ | ︵ᠳᠥᠷᠪᠡ︶ ᠤᠰᠤ ᠵᠠᠯᠠᠵᠦ ︵ᠪᠤᠴᠠᠭᠠᠵᠦ︶ ᠬᠡᠷᠡᠭᠯᠡᠬᠦ ᠠᠮᠠᠰᠠᠷ ᠢ ᠨᠡᠭᠡᠭᠡᠵᠦ ᠬᠠᠭᠠᠬᠤ ᠵᠢᠴᠢ ᠤᠰᠤ ᠵᠠᠯᠠᠵᠦ | ︵ᠪᠤᠴᠠᠭᠠᠵᠦ︶ ᠬᠡᠷᠡᠭᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠬᠢᠨᠠᠨ ᠰᠢᠨᠵᠢᠬᠦ︔ | ︵ᠲᠠᠪᠤ︶ ᠪᠠᠶᠢᠴᠠᠭᠠᠭᠳᠠᠬᠤ ᠨᠢᠬᠡᠴᠢ ᠶᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠨ ᠵᠣᠭᠰᠤᠭᠠᠬᠤ ᠶᠢᠨ ᠬᠠᠮᠳᠤ | ᠵᠠᠯᠠᠷᠠᠭᠤᠯᠵᠤ᠂ ᠬᠠᠤᠯᠢ ᠳᠤ ᠲᠤᠨᠨᠳᠠᠭᠠᠨᠨᠰᠠᠨ ᠡᠭᠦᠷᠭᠡ ᠪᠠᠨ ᠭᠦᠢᠴᠡᠳᠬᠡᠬᠦ ᠶᠢ ᠵᠠᠷᠯᠢᠨᠨᠳᠠᠬᠤ᠃ | ᠬᠤᠷᠢᠨ ᠨᠠᠢᠮᠠᠳᠤᠭᠠᠷ ᠵᠦᠢᠯ 【 ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠬᠤ 】 ᠬᠢᠨᠠᠯᠲᠠ ᠲᠠᠯᠪᠢᠵᠤ | ᠪᠠᠶᠢᠴᠠᠭᠠᠬᠤ ᠠᠵᠢᠯᠳᠠᠳ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠶ᠎ᠡ ᠳᠤ᠂ | ᠪᠠᠶᠢᠴᠠᠭᠠᠭᠳᠠᠬᠤ ᠨᠢᠭᠡᠴᠢ ᠨᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠦᠯᠢᠶᠡᠨ ᠠᠪᠬᠤ ᠪᠠ ᠲᠡᠭᠦᠨ ᠳᠤ | ᠬᠠᠮᠵᠢᠯᠴᠠᠬᠤ ᠬᠡᠷᠡᠭᠲᠡᠶ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠬᠢᠨᠠᠯᠲᠠ ᠲᠠᠯᠪᠢᠵᠤ ᠪᠠᠶᠢᠴᠠᠭᠠᠬᠤ | ᠠᠵᠢᠯᠳᠠᠨ ᠤ ᠬᠠᠤᠯᠢ ᠶᠣᠰᠣᠭᠠᠷ ᠠᠯᠪᠠᠨ ᠠᠵᠢᠯ ᠢᠶᠠᠨ ᠭᠦᠢᠴᠡᠳᠬᠡᠬᠦ ᠶᠢ ᠲᠡᠪᠴᠢᠬᠦ ᠪᠤᠶᠤ ᠬᠠᠷᠰᠢᠯᠠᠵᠤ ᠪᠣᠯᠬᠤ | ᠦᠭᠡᠢ᠃ | ᠬᠤᠷᠢ ᠶᠢᠰᠦᠳᠦᠭᠡᠷ ᠵᠦᠢᠯ 【 ᠵᠠᠰᠠᠭ ᠵᠠᠬᠢᠷᠭᠠᠨ ᠤ ᠤᠷᠤᠨ ᠪᠦᠰᠡ ᠶᠢ ᠰᠢᠮᠳᠠᠭᠤᠯᠤᠨ ᠪᠠᠶᠢᠴᠠᠭᠠᠬᠤ 】 | ᠤᠰᠤᠨ ᠤ ᠬᠡᠮᠵᠢᠶ᠎ᠡ ᠶᠢ ᠲᠤᠬᠢᠷᠠᠭᠤᠯᠬᠤ ᠲᠥᠯᠥᠪᠯᠡᠭᠡ ᠪᠠ ᠲᠣᠬᠢᠷᠠᠭᠤᠯᠬᠤ ᠵᠠᠷᠯᠢᠭ ᠢ ᠬᠡᠷᠡᠭᠵᠢᠭᠦᠯᠬᠦ ᠦᠭᠡᠢ ᠤᠰᠤ | ᠵᠠᠯᠠᠵᠦ ᠬᠡᠷᠡᠭᠯᠡᠬᠦ ᠨᠢᠬᠡᠴᠢ ᠶᠢ ᠲᠡᠬᠡᠳᠦ ᠨᠢᠭᠡ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠡᠪᠳᠡᠷᠡᠭᠦᠯᠦᠨ ᠮᠡᠳᠡᠬᠡᠯᠡᠬᠦ ᠶᠢᠨ | ᠬᠠᠮᠲᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠭᠤᠴᠢᠳᠤᠭᠠᠷ ᠵᠦᠢᠯ 【 ᠲᠤᠬᠢᠷᠠᠭᠤᠯᠤᠨᠨᠰᠠᠨ ᠢ ᠨᠡᠪᠳᠡᠷᠡᠭᠦᠯᠦᠨ ᠮᠡᠳᠡᠬᠡᠯᠡᠬᠦ 】 ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠥᠪᠥᠷ | ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠳᠣᠭᠢᠷᠠᠭᠤᠯᠤᠭᠰᠠᠨ | ᠪᠠᠶᠢᠳᠠᠯ ᠢᠶᠠᠨ ᠵᠢᠯ ᠪᠦᠷᠢ ᠨᠡᠪᠳᠡᠷᠡᠭᠦᠯᠦᠨ ᠮᠡᠳᠡᠭᠡᠯᠡᠨ᠎ᠡ᠃ | ᠭᠤᠴᠢᠨ ᠨᠢᠭᠡᠳᠦᠭᠡᠷ ᠵᠦᠢᠯ 【 ᠲᠤᠬᠢᠷᠠᠭᠤᠯᠤᠨᠨᠰᠠᠨ ᠳ᠋ᠦᠩᠨᠡᠯᠲᠡ 】 ᠲᠦᠩᠯᠢᠶᠣᠤ ᠬᠤᠲᠠ᠂ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠠ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠣᠪᠴᠢᠶ᠎ᠠ ᠨᠢ ᠵᠢᠯ | ᠪᠦᠷᠢ ᠶᠢᠨ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠡᠬᠡᠷ᠎ᠡ | ᠨᠢᠬᠡ ᠲᠣᠬᠢᠷᠠᠭᠤᠯᠤᠭᠰᠠᠨ ᠵᠢᠯ ᠤᠨ ᠤᠰᠤᠨ ᠤ ᠬᠡᠮᠵᠢᠶ᠎ᠡ ᠶᠢ ᠳᠣᠭᠢᠷᠠᠭᠤᠯᠤᠭᠰᠠᠨ ᠲᠠᠯ᠎ᠠ ᠪᠠᠷ ᠬᠢ ᠳ᠋ᠦᠩᠨᠡᠯᠲᠡ ᠶᠢᠨ | ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ | ᠵᠢᠷᠭᠤᠳᠤᠭᠠᠷ ᠪᠦᠯᠦᠭ ᠲᠣᠭᠲᠠᠭᠠᠯ ᠠᠴᠠ ᠵᠦᠷᠢᠴᠡᠭᠰᠡᠨ ᠢ ᠰᠶᠢᠳᠪᠦᠷᠢᠯᠡᠬᠦ | ᠭᠤᠴᠢᠨ ᠬᠤᠶᠠᠳᠤᠭᠠᠷ ᠵᠦᠢᠯ 【 ᠨᠡᠪᠳᠡᠷᠡᠭᠦᠯᠦᠨ ᠮᠡᠳᠡᠬᠡᠯᠡᠵᠦ ᠰᠢᠭᠦᠮᠵᠢᠯᠡᠬᠦ ᠬᠢᠬᠡᠳ ᠵᠠᠰᠠᠭ ᠵᠠᠬᠢᠷᠭᠠᠨ ᠤ | ᠰᠢᠢᠳᠬᠡᠯ ᠦᠭᠬᠦ 】 ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠲᠤᠤᠷᠠᠬᠢ ᠦᠢᠯᠡ ᠠᠵᠢᠯᠯᠠᠭ᠎ᠠ ᠶᠢᠨ | ᠨᠢᠭᠡ ᠨᠢ ᠪᠠᠶᠢᠪᠠᠯ᠂ ᠬᠠᠷᠢᠭᠤᠴᠠᠯᠭ᠎ᠠ ᠲᠠᠢ ᠭᠤᠤᠯ ᠬᠠᠮᠢᠶᠠᠷᠤᠨᠨᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠴᠦ᠂ ᠶᠠᠯ᠎ᠠ ᠳᠤ ᠬᠦᠷᠦᠭᠰᠡᠨ ᠪᠠᠶᠢᠪᠠᠯ᠂ ᠡᠷᠡᠭᠦᠤ ᠶᠢᠨ | ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠳᠡᠢ᠃ | ︵ᠨᠢᠭᠡ︶ ᠤᠰᠤᠨ ᠤ ᠬᠡᠮᠵᠢᠶ᠎ᠡ ᠶᠢ ᠲᠤᠬᠢᠷᠠᠭᠤᠯᠬᠤ ᠣᠨ ᠤ ᠲᠥᠯᠥᠪᠯᠡᠭᠡ᠂ ᠤᠰᠤᠨ ᠴᠥᠭᠦᠷᠥᠮ ᠪᠠ | ᠤᠰᠤᠨ ᠴᠠᠬᠢᠯᠭᠠᠨ ᠦᠷᠳᠡᠬᠡᠨ ᠤ ᠠᠵᠢᠯᠯᠠᠭᠠᠨ ᠤ ᠲᠥᠯᠥᠪᠯᠡᠭᠡ ᠶᠢᠨ ᠰᠠᠨᠠᠭᠤᠯᠭ᠎ᠠ ᠶᠢ ᠴᠠᠭ ᠲᠤᠬᠠᠢ ᠳᠤ ᠨᠢ ᠳᠡᠭᠡᠭᠰᠢ | ᠮᠡᠳᠡᠭᠦᠯᠦᠭᠰᠡᠨ ᠥᠭᠡᠢ︔ | ︵ᠬᠤᠶᠠᠷ︶ ᠤᠰᠤᠨ ᠤ ᠬᠡᠮᠵᠢᠶ᠎ᠡ ᠶᠢ ᠲᠣᠬᠢᠷᠠᠭᠤᠯᠬᠤ ᠣᠨ ᠤ ᠲᠥᠯᠥᠪᠯᠡᠭᠡ ᠪᠠ ᠤᠰᠤᠨ ᠤ ᠬᠡᠮᠵᠢᠶ᠎ᠡ ᠶᠢ | ᠲᠣᠬᠢᠷᠠᠭᠤᠯᠬᠤ ᠪᠠᠷ ᠪᠠᠭᠤᠯᠭᠠᠭᠰᠠᠨ ᠰᠠᠷ᠎ᠠ ᠬᠤᠨᠤᠭ ᠤᠨ ᠲᠥᠰᠦᠯ᠂ ᠲᠤᠬᠠᠢ ᠶᠢᠨ ᠴᠠᠭ ᠲᠤ ᠨᠢ ᠲᠣᠬᠢᠷᠠᠭᠤᠯᠬᠤ | ᠵᠠᠷᠯᠢᠭ ᠵᠢᠴᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠠᠷᠭ᠎ᠠ | ᠬᠡᠮᠵᠢᠶ᠎ᠡ ᠶᠢ ᠬᠡᠷᠡᠭᠵᠢᠬᠦᠯᠦᠭᠰᠡᠨ ᠦᠭᠡᠢ︔ | ︵ᠭᠤᠷᠪᠠ︶ ᠤᠰᠤᠨ ᠰᠢᠨᠵᠢᠯᠡᠬᠡᠨ ᠤ ᠬᠢᠨᠠᠨ ᠰᠢᠨᠵᠢᠭᠰᠡᠨ ᠲᠤᠭ᠎ᠠ ᠪᠠᠷᠢᠮᠲᠠ᠂ ᠤᠰᠤ ᠵᠠᠯᠠᠵᠦ ᠬᠡᠷᠡᠭᠯᠡᠭᠰᠡᠨ | ᠬᠡᠮᠵᠢᠶᠡᠨ ᠤ ᠲᠤᠭ᠎ᠠ ᠪᠠᠷᠢᠮᠲᠠ ᠪᠤᠶᠤ ᠪᠤᠰᠤᠳ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤ ᠨᠢ | ᠳᠡᠭᠡᠭᠰᠢ ᠮᠡᠳᠡᠭᠦᠯᠦᠭᠰᠡᠨ ᠦᠭᠡᠢ᠂ ᠬᠤᠳᠠᠯ ᠬᠠᠭᠤᠷᠮᠠᠭ ᠢᠶᠠᠷ ᠲᠠᠭᠯᠠᠭᠰᠠᠨ ᠪᠤᠶᠤ ᠦᠬᠡᠷᠡᠳᠦᠬᠦᠯᠵᠦ᠂ ᠤᠰᠤᠨ ᠤ | ᠬᠡᠮᠵᠢᠶ᠎ᠡ ᠶᠢ ᠲᠣᠬᠢᠷᠠᠭᠤᠯᠬᠤ ᠳᠤ ᠬᠦᠨᠳᠦ ᠬᠡᠴᠡᠭᠦᠦ ᠨᠥᠯᠥᠭᠡ ᠪᠣᠯᠣᠭᠰᠠᠨ︔ | ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ | ᠪᠤᠶᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠶᠢᠳᠪᠦᠷᠢᠯᠡᠭᠰᠡᠨ ᠥᠬᠡᠶ︔ | | ︵ᠲᠠᠪᠤ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠡᠭᠦᠷᠬᠡ ᠲᠤᠰᠢᠶᠠᠯ ᠳᠤ ᠪᠠᠨ ᠠᠯᠮᠠᠢᠷᠠᠨ | ᠤᠰᠤᠯᠳ᠋ᠬᠠᠰᠠᠨ᠂ ᠬᠤᠪᠢ ᠶᠢᠨ ᠨᠠᠶᠢᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠭᠰᠡᠨ ᠵᠡᠷᠭᠡ ᠪᠤᠰᠤᠳ ᠦᠢᠯᠡ | ᠠᠵᠢᠯᠯᠠᠭ᠎ᠠ᠃ | ᠳᠣᠯᠣᠳᠤᠭᠠᠷ ᠪᠦᠯᠦᠭ | ᠲᠠᠭᠠᠯᠳᠤᠭᠤᠯᠤᠯ | ᠭᠤᠴᠢᠨ ᠭᠤᠷᠪᠠᠳᠤᠭᠠᠷ ᠵᠦᠢᠯ 【 ᠬᠠᠤᠯᠢ ᠴᠠᠭᠠᠵᠠ ᠬᠠᠤᠯᠢ ᠲᠤᠨᠨᠳᠠᠭᠠᠯ ᠢ ᠵᠤᠯᠭᠠᠯᠳᠤᠭᠤᠯᠬᠤ 】 | ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ | ᠲᠤᠬᠢᠷᠠᠭᠤᠯᠬᠤ ᠠᠵᠢᠯ ᠨᠢ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ᠂ ᠤᠰᠤᠨ ᠤ ᠡᠬᠢ ᠰᠤᠷᠪᠤᠯᠵᠢ ᠶᠢᠨ | ᠬᠠᠮᠢᠶᠠᠷᠤᠯᠲᠠ᠂ ᠦᠶᠡᠷ ᠢ ᠰᠡᠷᠭᠡᠶᠢᠯᠡᠬᠦ᠂ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ᠂ ᠭᠤᠤᠯ ᠤᠨ ᠵᠠᠮ ᠤᠨ | ᠬᠠᠮᠢᠶᠠᠷᠤᠯᠲᠠ ᠪᠠ ᠤᠰᠤᠨ ᠰᠢᠨᠵᠢᠯᠡᠬᠡᠨ ᠵᠡᠷᠭᠡ ᠵᠦᠢᠯᠡᠰ ᠲᠤ ᠬᠤᠯᠪᠣᠭᠳᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠤᠨ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃ | ᠭᠤᠴᠢᠨ ᠳᠥᠷᠪᠡᠳᠦᠭᠡᠷ ᠵᠦᠢᠯ 【 ᠬᠡᠷᠡᠭᠵᠢᠭᠦᠯᠬᠦ ᠨᠠᠷᠢᠨ ᠲᠦᠷᠢᠮ 】 ᠲᠦᠩᠯᠢᠶᠣᠤ ᠬᠤᠲᠠ᠂ | ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠢᠴᠢ ᠤᠰᠤᠨ ᠴᠥᠭᠦᠷᠥᠮ᠂ ᠤᠰᠤᠨ ᠴᠠᠬᠢᠯᠭᠠᠨ ᠥᠷᠲᠡᠭᠡ ᠵᠡᠷᠭᠡ ᠬᠠᠮᠢᠶᠠᠷᠤᠯᠲᠠ ᠶᠢᠨ ᠨᠢᠬᠡᠴᠢ ᠨᠢ ᠲᠣᠰ | ᠠᠷᠭ᠎ᠠ ᠶᠢ ᠦᠨᠳᠦᠰᠦᠯᠡᠨ ᠬᠠᠷᠢᠶ᠎ᠠ ᠬᠡᠪᠴᠢᠶᠡᠨ ᠳᠠᠬᠢ ᠤᠰᠤᠨ ᠤ ᠬᠡᠮᠵᠢᠶ᠎ᠡ ᠶᠢ ᠳᠣᠭᠢᠷᠠᠭᠤᠯᠬᠤ ᠶᠢᠨ ᠬᠡᠷᠡᠭᠵᠢᠭᠦᠯᠬᠦ | ᠨᠠᠷᠢᠨ ᠲᠦᠷᠢᠮ ᠢ ᠲᠣᠭᠲᠠᠭᠠᠵᠤ ᠪᠣᠯᠤᠨ᠎ᠠ᠃ | ᠭᠤᠴᠢᠨ ᠲᠠᠪᠤᠳᠤᠭᠠᠷ ᠵᠦᠢᠯ 【 ᠠᠷᠭ᠎ᠠ ᠶᠢ ᠬᠡᠷᠡᠭᠵᠢᠭᠦᠯᠬᠦ 】 ᠲᠣᠰ ᠠᠷᠭ᠎ᠠ ᠶᠢ ᠳᠠᠷᠤᠮᠠᠯᠯᠠᠨ | ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |