︽ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠤᠯᠠᠮᠵᠢᠯᠠᠨ ᠶᠠᠪᠤᠭᠤᠯᠬᠤ ᠲᠤᠬᠠᠶ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/12/23
     ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ︵ᠶᠠᠪᠤᠳᠠᠯ︶᠎ ᠶᠢᠨ ᠲᠣᠪᠴᠢᠶ᠎ᠠ ᠳᠤ᠄      ᠡᠳᠦᠭᠡ ︿ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠤ ᠳᠠᠪᠠᠭᠤᠯᠢᠭ ᠣᠷᠣᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀᠎ ᠶᠢ ᠤᠯᠠᠮᠵᠢᠯᠠᠨ ᠶᠠᠪᠤᠭᠤᠯᠬᠤ ᠲᠤᠬᠠᠶ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠬᠡᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠠᠯᠪᠠᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ᠂ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠲᠠᠷᠢᠶᠠᠯᠠᠩ ᠠᠯᠪᠠᠨ ᠵᠠᠬ᠎ᠠ ︹2020︺ 9 ᠳ᠋ᠦ᠋ᠭᠡᠷ ᠲᠣᠭᠠᠲᠤ︶᠎ ᠢ ᠲᠠᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠣᠤᠷᠠᠬᠢ ᠱᠠᠭᠠᠷᠳᠠᠯᠭ᠎ᠠ ᠨᠤᠭᠤᠳ ᠢ ᠳᠤᠷᠠᠳᠪᠠ᠂ ᠬᠠᠮᠲᠤ ᠳᠤ ᠨᠢ ᠳᠤᠭᠤᠰᠢᠯᠠᠭᠤᠯᠤᠨ ᠬᠡᠷᠡᠭᠵᠢᠭᠦᠯᠲᠦᠭᠡᠶ᠃      ᠨᠢᠭᠡ᠂ ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠤ ᠲᠠᠪᠠᠭᠤᠯᠢᠭ ᠣᠷᠣᠨ ᠢ ᠪᠦᠲᠦᠭᠡᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠤ ᠲᠠᠪᠠᠭᠤᠯᠢᠭ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠨᠢ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠠᠶᠢᠮᠠᠭ ᠬᠤᠲᠠ ᠨᠤᠭᠤᠳ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢ ᠪᠦᠲᠦᠭᠡᠨ ᠪᠠᠶᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠤ ᠲᠠᠪᠠᠭᠤᠯᠢᠭ ᠣᠷᠣᠨ ᠤ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠶᠢ ᠨᠢ ᠰᠢᠮᠳᠠᠭᠤᠯᠤᠨ᠂ ᠵᠠᠰᠠᠭ ᠤᠨ ᠣᠷᠳᠣᠨ ᠤ ᠭᠤᠤᠯ ᠣᠳᠣᠷᠢᠳᠤᠯᠭ᠎ᠠ ᠲᠦᠷᠦᠭᠦᠯᠦᠭᠰᠡᠨ᠂ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠣᠳᠠᠲᠠᠶ ᠨᠠᠶᠢᠳᠠᠪᠤᠷᠢᠵᠢᠭᠤᠯᠤᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠮᠵᠢᠵᠦ ᠬᠠᠮᠵᠢᠯᠴᠠᠭᠰᠠᠨ ᠵᠣᠬᠢᠶᠠᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠮᠢᠶ᠎ᠠ ᠪᠦᠬᠦᠢ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠨᠡᠶᠢᠲᠡᠯᠡᠨ᠂ ᠮᠠᠯ ᠠᠵᠤ ᠠᠬᠤᠶ ᠲᠠᠷᠢᠶᠠᠯᠠᠩ ᠣᠢ ᠰᠢᠭᠤᠶ ᠶᠢᠨ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠬᠤᠷᠰᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠷᠣᠯᠴᠠᠬᠤ ᠶᠢ ᠬᠥᠲᠥᠯᠥᠨ ᠵᠢᠯᠣᠭᠤᠳᠬᠤ ᠪᠠ ᠳᠠᠮᠵᠢᠵᠤ᠂ ᠳᠤᠮᠳᠠᠳᠤ ᠣᠯᠣᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠤ ᠲᠠᠪᠠᠭᠤᠯᠢᠭ ᠣᠷᠣᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃        ᠬᠤᠶᠠᠷ᠂ ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠤ ᠲᠠᠪᠠᠭᠤᠯᠢᠭ ᠣᠷᠣᠨ ᠤ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠤ ᠲᠠᠪᠠᠭᠤᠯᠢᠭ ᠣᠷᠣᠨ ᠳᠤ ︽ᠬᠢᠨᠠᠨ ᠬᠡᠮᠵᠢᠵᠦ ᠦᠨᠡᠯᠡᠨ ᠵᠢᠱᠢᠬᠦ᠂ ᠬᠥᠳᠡᠯᠦᠩᠭᠦᠶ ᠪᠠᠶᠢᠳᠠᠯ ᠢᠶᠠᠷ ᠬᠠᠮᠢᠶᠠᠷᠬᠤ︾ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠨ᠂ ᠵᠢᠯ ᠪᠦᠷᠢ ᠬᠦᠳᠡᠯᠦᠩᠭᠦᠢ ᠪᠠᠶᠢᠳᠠᠯ ᠢᠶᠠᠷ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠥᠷᠪᠡᠨ ᠵᠢᠯ ᠪᠣᠯᠬᠤ ᠪᠦᠷᠢ ᠨᠢᠭᠡ ᠤᠳᠠᠭ᠎ᠠ ᠦᠨᠡᠯᠡᠨ ᠵᠢᠱᠢᠨ᠎ᠡ᠃ ᠦᠨᠡᠯᠡᠨ ᠵᠢᠱᠢᠯᠲᠡ ᠳᠤ ᠪᠠᠷᠢᠮᠵᠢᠶ᠎ᠠ ᠳᠤ ᠬᠦᠷᠦᠭᠰᠡᠨ ᠦᠭᠡᠢ ᠪᠣᠯ ᠰᠡᠷᠡᠮᠵᠢᠯᠡᠭᠦᠯᠬᠦ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠵᠤ᠂ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠯᠡ ᠪᠠᠷᠢᠮᠵᠢᠶ᠎ᠠ ᠳᠤ ᠬᠦᠷᠦᠭᠰᠡᠨ ᠦᠭᠡᠢ ᠪᠠᠶᠢᠪᠠᠯ᠂ ︽ᠳᠤᠮᠳᠠᠳᠤ ᠤᠯᠣᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ︾᠎ ᠤ ᠴᠣᠯᠠ ᠶᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠠᠭᠤᠴᠢᠯᠠᠭᠤᠷ ᠢᠶᠠᠷ ᠳᠠᠮᠵᠢᠭᠤᠯᠤᠨ ᠵᠠᠷᠯᠠᠨ ᠨᠡᠶᠢᠲᠡᠯᠡᠨ᠎ᠡ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ᠂ ᠣᠢ ᠰᠢᠭᠤᠶ ᠪᠠ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ︽ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ︾᠎ ᠤ ᠴᠣᠯᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶ᠎ᠠ ᠣᠷᠣᠨ ᠳᠠᠬᠢ ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠤ ᠲᠠᠪᠠᠭᠤᠯᠢᠭ ᠣᠷᠣᠨ ᠢᠶᠠᠨ ᠵᠣᠬᠢᠶᠠᠨ ᠪᠠᠶᠢᠭᠤᠯᠤᠨ ᠬᠢᠨᠠᠨ ᠬᠡᠮᠵᠢᠵᠦ ᠦᠨᠡᠯᠡᠨ ᠵᠢᠱᠢᠬᠦ ᠪᠠᠷᠢᠮᠵᠢᠶ᠎ᠠ ᠯᠤᠭ᠎ᠠ ᠨᠠᠷᠢᠨ ᠬᠢᠨᠠᠮᠠᠭᠠᠶ ᠬᠠᠷᠢᠴᠠᠭᠤᠯᠤᠨ᠂ ᠳᠤᠲᠠᠭᠳᠠᠯ ᠢᠶᠠᠨ ᠪᠠᠶᠢᠴᠠᠭᠠᠵᠤ ᠳᠤᠲᠠᠭᠤ ᠶᠢ ᠨᠢ ᠨᠥᠬᠦᠪᠥᠷᠢᠯᠡᠨ᠂ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠤ ᠲᠠᠪᠠᠭᠤᠯᠢᠭ ᠣᠷᠣᠨ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠪᠠᠷ ᠴᠢᠷᠮᠠᠶᠢᠬᠤ ᠬᠡᠷᠡᠭᠲᠡᠢ᠃     ᠳᠠᠭᠠᠯᠳᠤᠭᠤᠯᠤᠯ᠄ ︽ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠤᠷᠤᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ                                                   2020 ᠣᠨ ᠤ 12 ᠰᠠᠷ᠎ᠠ ᠶᠢᠨ 1᠎ ᠤ ᠡᠳᠦᠷ    
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号