ᠡᠷᠬᠡ ᠶᠢᠨ ᠨᠡᠷᠡᠶᠢᠳᠦᠯ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ | ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ | ᠠᠮᠢᠳᠤᠷᠠᠵᠤ ᠦᠷᠡᠵᠢᠬᠦ ᠲᠠᠯᠠᠪᠤᠷ ᠭᠠᠵᠠᠷ ᠢ ᠡᠪᠳᠡᠭᠰᠡᠨ ᠪᠠᠶᠢᠳᠠᠯ ᠢ ᠰᠡᠷᠬᠦᠭᠡᠬᠦ | | ᠡᠷᠬᠡ ᠶᠢᠨ ᠲᠦᠷᠦᠯ ᠠᠩᠬᠢᠯᠠᠯ ᠵᠠᠰᠠᠭ ᠵᠠᠬᠢᠷᠭᠠᠨ ᠤ ᠠᠯᠪᠠᠳᠠᠨ ᠬᠦᠢᠴᠡᠳᠬᠡᠬᠦ | | ᠬᠠᠷᠢᠭᠤᠴᠠᠯᠭ᠎ᠠ ᠶᠢᠨ ᠭᠤᠣᠯ ᠴᠣᠭᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠲᠤᠭᠳᠠᠭᠠᠭᠰᠠᠨ ᠦᠨᠳᠦᠰᠦᠯᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ | ᠬᠠᠮᠠᠭᠠᠯᠠᠬᠤ ᠬᠠᠤᠯᠢ︾ ᠶᠢᠨ ᠭᠤᠴᠢᠨ ᠳᠥᠷᠪᠡᠳᠦᠭᠡᠷ ᠵᠤᠷᠪᠤᠰ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ | ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠢ | ᠡᠪᠳᠡᠭᠰᠡᠨ ᠪᠠᠶᠢᠪᠠᠯ᠂ ᠡᠷᠬᠢᠯᠡᠨ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠪᠳᠡᠬᠦ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠪᠠᠶᠢᠳᠠᠯ ᠢ ᠰᠡᠷᠬᠦᠭᠡᠵᠦ᠂ | ᠵᠣᠭᠤᠰ ᠢᠶᠠᠷ ᠲᠤᠷᠭᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠬᠠᠭᠤᠷᠠᠶ ᠶᠢᠨ ᠪᠠ | ᠬᠡᠭᠡᠷ᠎ᠡ ᠶᠢᠨ ᠵᠡᠷᠯᠢᠭ ᠠᠮᠢᠳᠠᠠ ᠤ ᠬᠠᠮᠠᠭᠠᠯᠠᠯᠲᠠ ᠶᠢᠨ ᠬᠡᠷᠡᠭᠵᠢᠭᠦᠯᠬᠦ ᠲᠦᠷᠢᠮ︾ ᠤᠨ ᠭᠤᠴᠢᠨ ᠵᠢᠷᠭᠤᠳᠤᠭᠠᠷ | ᠵᠤᠷᠪᠤᠰ᠄ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠲᠣᠭᠲᠠᠭᠠᠯ ᠠᠴᠠ ᠵᠥᠷᠢᠴᠡᠵᠦ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ | ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠢ ᠡᠪᠳᠡᠭᠰᠡᠨ | ᠪᠠᠶᠢᠪᠠᠯ᠂ ︽ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠭᠤᠴᠢᠨ ᠳᠥᠷᠪᠡᠳᠦᠭᠡᠷ ᠵᠤᠷᠪᠤᠰ ᠤᠨ | ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠬᠤ ᠪᠠᠷ ᠰᠢᠳᠬᠡᠭᠰᠡᠨ ᠪᠠᠶᠢᠪᠠᠯ᠂ ᠡᠨᠡ ᠨᠢ ᠤᠤᠯ ᠤᠨ ᠪᠠᠶᠢᠳᠠᠯ ᠢ ᠨᠢ | ᠰᠡᠷᠬᠦᠬᠡᠬᠦ ᠳᠤ ᠬᠡᠷᠡᠭᠰᠡᠭᠰᠡᠨ ᠵᠠᠷᠤᠳᠠᠯ ᠤᠨ ᠬᠢᠨᠢ ᠭᠤᠷᠪᠠᠨ ᠲᠠᠬᠢᠨ ᠠᠴᠠ ᠲᠤᠷᠤᠭᠰᠢ ᠪᠠᠷᠢᠮᠵᠢᠶ᠎ᠠ ᠶᠤᠰᠤᠭᠠᠷ | ᠬᠡᠷᠡᠭᠵᠢᠬᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠤ ᠤᠯᠤᠰ ᠤᠨ | ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ | ᠲᠠᠯᠠᠪᠤᠷ ᠪᠤᠰᠤ ᠭᠠᠵᠠᠷ ᠢ ᠡᠪᠳᠡᠭᠰᠡᠨ ᠪᠠᠶᠢᠪᠠᠯ᠂ ᠡᠷᠬᠢᠯᠡᠨ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠡᠪᠳᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠤᠨ ᠪᠠᠶᠢᠳᠠᠯ ᠢ | ᠰᠡᠷᠭᠦᠭᠡᠬᠦ ᠶᠢᠨ ᠬᠠᠮᠳᠤ ᠤᠤᠯ ᠤᠨ ᠪᠠᠶᠢᠳᠠᠯ ᠢ ᠨᠢ ᠰᠡᠷᠬᠦᠬᠡᠬᠦ ᠳᠤ ᠬᠡᠷᠡᠭᠰᠡᠬᠦ ᠵᠠᠷᠤᠳᠠᠯ ᠤᠨ ᠬᠢᠨᠢ ᠬᠤᠶᠠᠷ | ᠲᠡᠬᠢᠠ ᠠᠴᠠ ᠲᠤᠷᠤᠭᠰᠢ ᠵᠣᠭᠤᠰ ᠢᠶᠠᠷ ᠲᠤᠷᠭᠠᠨ᠎ᠠ᠃ | ᠬᠠᠷᠢᠭᠤᠴᠠᠯᠭ᠎ᠠ ᠶᠢᠨ ᠵᠦᠢᠯᠡᠰ | 1. ᠬᠢᠨᠠᠨ ᠪᠠᠶᠢᠴᠠᠭᠠᠵᠤ ᠰᠢᠪᠠᠳᠠᠨ ᠮᠡᠳᠡᠭᠳᠡᠬᠦ ᠬᠠᠷᠢᠭᠤᠴᠠᠯᠭ᠎ᠠ᠄ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ | ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ | ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠢ ᠡᠪᠳᠡᠭᠰᠡᠨ ᠠᠵᠢᠯᠯᠠᠭ᠎ᠠ ᠶᠢ ᠬᠢᠨᠠᠨ ᠪᠠᠶᠢᠴᠠᠭᠠᠵᠤ᠂ | ᠲᠤᠬᠠᠶ ᠶᠢᠨ ᠬᠥᠮᠦᠨ ᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠵᠢᠴᠢ ᠡᠳ᠋ᠯᠡᠬᠦ ᠶᠣᠰᠣᠲᠠᠶ ᠲᠣᠭᠠᠴᠢᠯᠲᠠ ᠬᠢᠬᠦ᠂ | ᠵᠥᠪᠲᠦᠭᠡᠨ ᠲᠣᠳᠣᠷᠬᠠᠶᠢᠯᠠᠬᠤ ᠵᠡᠷᠭᠡ ᠡᠷᠬᠡ ᠶᠢ ᠮᠡᠳᠡᠭᠳᠡᠨ᠎ᠡ︔ ᠲᠤᠭᠳᠠᠭᠰᠠᠨ ᠬᠤᠭᠤᠴᠠᠭ᠎ᠠ ᠶᠣᠰᠣᠭᠠᠷ ᠡᠭᠦᠷᠭᠡ ᠪᠠᠨ | ᠬᠦᠢᠴᠡᠳᠬᠡᠭᠰᠡᠨ ᠦᠭᠡᠢ ᠪᠠᠶᠢᠪᠠᠯ᠂ ᠰᠢᠪᠠᠳᠠᠨ ᠮᠡᠳᠡᠭᠳᠡᠬᠦ ᠪᠢᠴᠢᠭ ᠢ ᠵᠤᠬᠢᠶᠠᠬᠤ ᠶᠢᠨ ᠬᠠᠮᠳᠤ᠂ ᠢᠯᠠ ᠪᠠᠷ ᠵᠠᠷᠯᠠᠨ | ᠨᠡᠶᠢᠳᠠᠯᠡᠨᠡ᠃ | 2. ᠲᠣᠭᠲᠠᠭᠠᠬᠤ ᠬᠠᠷᠢᠭᠤᠴᠠᠯᠭ᠎ᠠ᠄ ᠲᠤᠬᠠᠶ ᠶᠢᠨ ᠬᠥᠮᠦᠨ ᠤ ᠰᠠᠨᠠᠯ ᠢ ᠭᠦᠢᠴᠡᠳ ᠰᠣᠨᠣᠰᠴᠤ᠂ ᠲᠤᠬᠠᠶ ᠶᠢᠨ | ᠬᠥᠮᠦᠨ ᠤ ᠰᠠᠨᠠᠯ᠂ ᠲᠤᠬᠠᠶ ᠶᠢᠨ ᠬᠥᠮᠦᠨ ᠤ ᠳᠤᠷᠠᠳᠤᠭᠰᠠᠨ ᠪᠣᠳᠠᠲᠤ ᠬᠡᠷᠡᠭ᠂ ᠤᠴᠢᠷ ᠰᠢᠯᠲᠠᠭᠠᠨ ᠪᠠ ᠭᠡᠷᠡᠴᠢ | ᠪᠠᠷᠢᠮᠲᠠ ᠶᠢ ᠲᠡᠮᠳᠡᠭᠯᠡᠨ ᠳᠠᠬᠢᠨ ᠬᠢᠨᠠᠵᠦ᠂ ᠠᠯᠪᠠᠳᠠᠨ ᠬᠦᠢᠴᠡᠳᠬᠡᠬᠦ ᠡᠰᠡᠬᠦ ᠲᠤᠬᠠᠶ ᠲᠣᠭᠲᠠᠭᠠᠯ ᠭᠠᠷᠭᠠᠵᠦ᠂ ᠵᠠᠰᠠᠭ | ᠵᠠᠬᠢᠷᠭᠠᠨ ᠤ ᠠᠯᠪᠠᠳᠠᠨ ᠬᠦᠢᠴᠡᠳᠬᠡᠬᠦ ᠲᠣᠭᠲᠠᠭᠠᠯ ᠤᠨ ᠪᠢᠴᠢᠭ ᠵᠤᠬᠢᠶᠠᠨ᠎ᠠ᠃ | 3. ᠬᠡᠷᠡᠭᠵᠢᠬᠦᠯᠬᠦ ᠬᠠᠷᠢᠭᠤᠴᠠᠯᠭ᠎ᠠ᠄ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠢ ᠬᠦᠷᠭᠡᠵᠦ᠂ ᠠᠯᠪᠠᠲᠠᠨ | ᠬᠦᠢᠴᠡᠳᠬᠡᠬᠦᠯᠬᠦ ᠪᠤᠶᠤ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠭᠤᠷᠪᠠᠳᠠᠬᠢ ᠬᠥᠮᠦᠨ ᠳᠤ ᠨᠠᠶᠢᠳᠠᠵᠤ | ᠣᠷᠣᠯᠠᠨ ᠬᠦᠢᠴᠡᠳᠬᠡᠬᠦᠯᠬᠦ ᠶᠢ ᠬᠡᠷᠡᠭᠵᠢᠬᠦᠯᠦᠨ᠎ᠡ᠃ | 4. ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠄ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ | ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠤᠨ ᠡᠪᠳᠡᠭᠰᠡᠨ | ᠪᠠᠶᠢᠳᠠᠯ ᠤᠨ ᠤᠤᠯ ᠪᠠᠶᠢᠳᠠᠯ ᠤᠨ ᠰᠡᠷᠬᠦᠯᠳᠡ ᠶᠢᠨ ᠪᠠᠶᠢᠳᠠᠯ ᠢ ᠪᠠᠶᠢᠴᠠᠭᠠᠨ᠎ᠠ᠃ | 5. ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠬᠠᠷᠢᠭᠤᠴᠠᠯᠭ᠎ᠠ ᠶᠢ ᠬᠦᠢᠴᠡᠳᠬᠡᠨ᠎ᠡ᠃ | | ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ | ᠶᠢᠨ ᠵᠢᠷᠠᠨ ᠨᠢᠭᠡᠳᠦᠭᠡᠷ ᠵᠤᠷᠪᠤᠰ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠠᠯᠪᠠᠳᠠᠯᠭ᠎ᠠ ᠶᠢ | ᠬᠡᠷᠡᠭᠵᠢᠭᠦᠯᠬᠦ ᠳᠤ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠡᠭᠡᠷ᠎ᠡ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠪᠤᠶᠤ ᠬᠤᠯᠪᠣᠭᠳᠠᠯ ᠪᠦ᠋ᠬᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠄ ︵ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ | ᠦᠨᠳᠦᠰᠦ ᠪᠠᠷᠢᠮᠲᠠ ᠪᠠᠶᠢᠬᠤ ᠦᠭᠡᠢ︔ ︵ᠬᠤᠶᠠᠷ︶ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠳᠡᠭᠡᠳ᠂ ᠨᠥᠬᠦᠴᠡᠯ᠂ | ᠠᠷᠭ᠎ᠠ ᠮᠠᠶ᠋ᠢᠭ ᠢ ᠬᠤᠪᠢᠷᠠᠭᠤᠯᠤᠭᠰᠠᠨ︔ ︵ᠭᠤᠷᠪᠠ︶ ᠬᠠᠤᠯᠢ ᠳᠤ ᠲᠣᠭᠲᠠᠭᠠᠭᠰᠠᠨ ᠵᠢᠷᠤᠮ ᠢ ᠵᠥᠷᠢᠴᠡᠨ ᠵᠠᠰᠠᠭ | ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠦᠭᠰᠡᠨ︔ ︵ᠳᠦᠷᠪᠡ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ | ᠰᠥᠨᠢ ᠲᠤᠮᠳᠠ ᠪᠤᠶᠤ ᠬᠠᠤᠯᠢ ᠳᠤ ᠲᠣᠭᠲᠠᠭᠠᠭᠰᠠᠨ ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ | ᠵᠠᠰᠠᠭ ᠵᠠᠬᠢᠷᠭᠠᠨ ᠤ ᠠᠯᠪᠠᠳᠠᠨ ᠬᠦᠢᠴᠡᠳᠬᠡᠬᠦ ᠶᠢ ᠬᠡᠷᠡᠭᠵᠢᠭᠦᠯᠦᠭᠰᠡᠨ︔ ︵ᠲᠠᠪᠤ︶ ᠰᠠᠭᠤᠭᠠᠯᠢ ᠠᠷᠠᠳ ᠤᠨ | ᠠᠮᠢᠳᠤᠷᠠᠯ ᠤᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠦᠷᠭᠡᠬᠦ᠂ ᠰᠢᠳᠠᠮᠠᠬᠠᠢ ᠬᠡᠢ ᠬᠠᠩᠭᠠᠬᠤ ᠶᠢ | ᠵᠤᠭᠰᠤᠭᠠᠬᠤ ᠵᠡᠷᠭᠡ ᠠᠷᠭ᠎ᠠ ᠮᠠᠶ᠋ᠢᠭ ᠢᠶᠠᠷ ᠲᠤᠬᠠᠶ ᠶᠢᠨ ᠬᠥᠮᠦᠨ ᠢ ᠰᠢᠬᠠᠮᠳᠠᠭᠤᠯᠤᠨ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠲᠣᠭᠲᠠᠭᠠᠯ ᠢ ᠬᠦᠢᠴᠡᠳᠬᠡᠬᠦᠯᠬᠦ︔ ︵ᠵᠢᠷᠭᠤᠭ᠎ᠠ︶ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ | ᠠᠯᠪᠠᠳᠠᠯᠭ᠎ᠠ ᠶᠢ ᠬᠡᠷᠡᠭᠵᠢᠭᠦᠯᠦᠭᠰᠡᠨ ᠪᠤᠰᠤᠳ ᠪᠠᠶᠢᠳᠠᠯ᠃ ᠵᠢᠷᠠᠨ ᠬᠤᠶᠠᠳᠤᠭᠠᠷ ᠵᠤᠷᠪᠤᠰ ᠲᠤᠰ ᠬᠠᠤᠯᠢ ᠶᠢᠨ | ᠲᠣᠭᠲᠠᠭᠠᠯ ᠢ ᠵᠥᠷᠢᠴᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ | ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠤᠯᠪᠣᠭᠳᠠᠯ ᠪᠦ᠋ᠬᠦᠢ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠷᠠᠭᠤᠯᠤᠭᠤᠯᠵᠦ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ | ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠄ ︵ᠨᠢᠭᠡ︶ | ᠪᠠᠶᠢᠴᠠᠭᠠᠨ ᠪᠢᠲᠡᠭᠦᠮᠵᠢᠯᠡᠭᠰᠡᠨ᠂ ᠪᠠᠷᠢᠴᠠᠭᠠᠨ ᠳᠤ ᠦᠯᠡᠳᠡᠭᠡᠬᠦ᠂ ᠴᠡᠪᠳᠡᠭᠯᠡᠬᠦ ᠬᠦᠷᠢᠶ᠎ᠡ ᠬᠡᠪᠴᠢᠶ᠎ᠡ ᠶᠢ ᠦᠷᠬᠡᠳᠭᠡᠭᠰᠡᠨ︔ | ︵ᠬᠤᠶᠠᠷ︶ ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠲᠠᠯᠠᠪᠤᠷ᠂ ᠲᠥᠬᠦᠭᠡᠷᠦᠮᠵᠢ ᠪᠤᠶᠤ ᠡᠳ᠋ ᠪᠣᠳᠠᠰ ᠢ | ᠬᠡᠷᠡᠭᠯᠡᠭᠰᠡᠨ ᠪᠤᠶᠤ ᠡᠪᠳᠡᠯᠡᠵᠦ ᠰᠦᠢᠳᠬᠡᠭᠰᠡᠨ︔ ︵ᠭᠤᠷᠪᠠ︶ ᠬᠠᠤᠯᠢ ᠳᠤ ᠲᠣᠭᠲᠠᠭᠠᠭᠰᠠᠨ ᠪᠠᠶᠢᠴᠠᠭᠠᠨ | ᠪᠢᠲᠡᠭᠦᠮᠵᠢᠯᠡᠬᠦ᠂ ᠳᠠᠷᠤᠵᠤ ᠠᠪᠬᠤ ᠬᠤᠭᠤᠴᠠᠭᠠᠨ ᠳᠤ ᠰᠢᠶᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠤᠶᠤ | ᠬᠠᠤᠯᠢ ᠶᠣᠰᠣᠭᠠᠷ ᠴᠠᠭ ᠲᠤᠬᠠᠢ ᠳᠤᠨᠢ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ ᠶᠢ ᠬᠦᠴᠦᠨ ᠦᠭᠡᠢ | ᠪᠣᠯᠭᠠᠭᠰᠠᠨ ᠦᠭᠡᠢ︔ ︵ᠳᠥᠷᠪᠡ︶ ᠬᠠᠤᠯᠢ ᠳᠤ ᠲᠣᠭᠲᠠᠭᠠᠭᠰᠠᠨ ᠬᠠᠳᠠᠭᠠᠯᠠᠮᠵᠢ᠂ ᠭᠤᠪᠢᠭᠤᠯᠭ᠎ᠠ ᠶᠢᠨ ᠵᠣᠭᠤᠰ ᠢ | ᠴᠡᠪᠳᠡᠭᠯᠡᠬᠦ ᠬᠤᠭᠤᠴᠠᠭᠠᠨ ᠳᠤ ᠰᠢᠶᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠤᠶᠤ ᠴᠡᠪᠳᠡᠭᠯᠡᠯ ᠢ ᠴᠠᠭ | ᠲᠤᠬᠠᠶ ᠳᠤᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ ᠦᠭᠡᠢ᠃ |