ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠯᠤᠳᠤᠭᠠᠷ ᠤᠳᠠᠭᠠᠨ ᠤ ᠬᠤᠷᠠᠯ ᠠᠴᠠ ᠵᠠᠰᠠᠪᠤᠷᠢ ᠤᠷᠤᠭᠤᠯᠤᠭᠰᠠᠨ ᠤ | ᠲᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ︾ ᠶᠢ ᠪᠠᠳᠤᠯᠠᠭᠰᠠᠨ | ᠪᠠᠶᠢᠨ᠎ᠠ᠃ | ᠰᠢᠨ᠎ᠡ ︽ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ︾ ᠨᠢ ᠬᠤᠳᠠ | ᠤᠷᠤᠭᠰᠠᠨ ᠮᠠᠯᠴᠢᠨ ᠲᠠᠷᠢᠶᠠᠴᠢᠨ ᠤ ᠭᠠᠵᠠᠷ ᠰᠢᠷᠤᠢ ᠲᠠᠭᠠᠭᠠᠴᠢᠯᠠᠬᠤ ᠡᠷᠭᠡ ᠶᠢᠨ ᠲᠤᠬᠠᠢ ᠴᠢᠬᠤᠯᠠ ᠶᠡᠭᠡ ᠵᠠᠰᠠᠪᠤᠷᠢ | ᠤᠷᠤᠭᠤᠯᠤᠭᠰᠠᠨ ᠪᠠᠶᠢᠨ᠎ᠠ᠃ | ᠭᠠᠵᠠᠷ ᠰᠢᠷᠤᠢ ︵ᠨᠤᠳᠤᠭ ᠪᠠᠯᠴᠢᠭᠡᠷ︶ ᠲᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠭᠡ ᠬᠤᠳᠠ ᠳᠤ | ᠡᠷᠦᠭᠡ ᠠᠮᠠ ᠪᠠᠨ ᠰᠢᠯᠵᠢᠭᠦᠯᠪᠡᠯ ᠲᠤᠰᠬᠤᠨ ︵ᠭᠠᠴᠠᠭ᠎ᠠ︶ ᠤ ᠲᠠᠯ᠎ᠠ ᠠᠴᠠ ᠲᠠᠭᠠᠭᠠᠴᠢᠯᠠᠭᠰᠠᠨ ᠭᠠᠵᠠᠷ ᠰᠢᠷᠤᠢ ᠶᠢ | ᠪᠤᠴᠠᠭᠠᠨ ᠠᠪᠬᠤ ᠪᠠᠷ ᠱᠠᠭᠠᠷᠳᠠᠬᠤ ᠡᠷᠭᠡ ᠦᠭᠡᠢ ᠪᠤᠯᠤᠭᠰᠠᠨ ᠪᠦᠭᠡᠳ ᠡᠮᠡᠭᠳᠠᠶᠢᠴᠤᠳ ᠴᠦ ᠠᠳᠠᠯᠢᠬᠠᠨ ᠢᠶᠠᠷ ᠭᠠᠵᠠᠷ | ᠰᠢᠷᠤᠢ ᠲᠠᠭᠠᠭᠠᠴᠢᠯᠠᠬᠤ ᠡᠷᠭᠡ ᠠᠰᠢᠭ ᠢ ᠬᠦᠷᠳᠡᠬᠦ ᠪᠤᠯᠤᠭᠰᠠᠨ ᠪᠠᠶᠢᠨ᠎ᠠ᠃ | ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠤᠯᠢ︾ ᠳᠤ ᠲᠤᠭᠳᠠᠭᠠᠭᠰᠠᠨ ᠨᠢ᠄ | ᠭᠠᠵᠠᠷ ᠰᠢᠷᠤᠢ ᠲᠠᠭᠠᠭᠠᠴᠢᠯᠠᠬᠤ ᠡᠷᠭᠡ ᠪᠠᠨ ᠪᠤᠴᠠᠭᠠᠬᠤ ᠪᠠᠷ ᠮᠠᠯᠴᠢᠨ ᠲᠠᠷᠢᠶᠠᠴᠢᠨ ᠤ ᠬᠤᠳᠠ ᠤᠷᠤᠬᠤ | ᠨᠦᠬᠦᠴᠡᠯ ᠪᠤᠯᠭᠠᠵᠦ ᠪᠤᠯᠬᠤ ᠦᠭᠡᠢ᠃ | ᠮᠠᠯᠴᠢᠨ ᠲᠠᠷᠢᠶᠠᠴᠢᠨ ᠬᠤᠳᠠ ᠳᠤ ᠡᠷᠦᠭᠡ ᠠᠮᠠ ᠪᠠᠨ ᠰᠢᠯᠵᠢᠭᠦᠯᠪᠡᠯ᠂ ᠶᠠᠮᠠᠷ ᠬᠤᠳᠠ ᠳᠤ ᠤᠴᠢᠭᠰᠠᠨ ᠴᠤ | ᠭᠡᠰᠡᠨ ᠭᠠᠵᠠᠷ ᠰᠢᠷᠤᠢ ᠲᠠᠭᠠᠭᠠᠴᠢᠯᠠᠬᠤ ᠬᠤᠭᠤᠴᠠᠭᠠᠨ ᠳᠤ ᠲᠡᠳᠡᠨ ᠤ ᠭᠠᠵᠠᠷ ᠰᠢᠷᠤᠢ ᠶᠢ ᠨᠢ ᠪᠤᠴᠠᠭᠠᠨ ᠠᠪᠴᠦ | ᠪᠤᠯᠬᠤ ᠦᠭᠡᠢ ᠬᠡᠵᠠᠢ᠃ | ᠦᠭᠡᠷ᠎ᠡ ᠪᠠᠷ ᠬᠡᠯᠡᠪᠡᠯ᠄ | ᠡᠷᠦᠭᠡ ᠠᠮᠠ ᠨᠢ ᠬᠠᠮᠢᠭ᠎ᠠ ᠪᠠᠶᠢᠭᠰᠠᠨ ᠴᠤ ᠲᠠᠭᠠᠭᠠᠴᠢᠯᠠᠭᠰᠠᠨ ᠭᠠᠵᠠᠷ ᠰᠢᠷᠤᠢ ᠪᠠᠨ ᠪᠤᠴᠠᠭᠠᠬᠤ ᠡᠰᠡᠬᠦ ᠶᠢ | ᠮᠠᠯᠴᠢᠨ ᠲᠠᠷᠢᠶᠠᠴᠢᠨ ᠦᠪᠡᠰᠦᠪᠡᠨ ᠲᠤᠭᠳᠠᠭᠠᠵᠦ ᠪᠤᠯᠤᠨ᠎ᠠ᠃ ᠰᠠᠶᠢᠨ ᠲᠤᠷ᠎ᠠ ᠠᠴᠠ ᠪᠠᠨ ᠪᠤᠴᠠᠭᠠᠬᠤ ᠪᠤᠯ ᠲᠠᠷᠢᠭᠦᠨ | ᠴᠢᠬᠤᠯᠠ ᠨᠦᠭᠦᠴᠡᠯ ᠪᠤᠯᠤᠨ᠎ᠠ᠃ | ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠤᠯᠢ︾ ᠳᠤ ᠮᠠᠯᠴᠢᠨ ᠲᠠᠷᠢᠶᠠᠴᠢᠨ ᠲᠠᠭᠠᠭᠠᠴᠢᠯᠠᠭᠰᠠᠨ ᠭᠠᠵᠠᠷ ᠰᠢᠷᠤᠢ ᠪᠠᠨ ᠭᠤᠷᠪᠠᠨ | ᠵᠦᠢᠯ ᠤᠨ ᠠᠷᠭ᠎ᠠ ᠪᠠᠷ ᠰᠢᠢᠳᠪᠦᠷᠢᠯᠡᠵᠦ ᠪᠤᠯᠤᠨ᠎ᠠ ᠭᠡᠵᠦ ᠲᠤᠭᠳᠠᠭᠠᠪᠠ᠄ | ᠨᠢᠭᠡ᠂ ᠰᠠᠶᠢᠨ ᠲᠤᠷ᠎ᠠ ᠠᠴᠠ ᠪᠠᠨ ᠲᠦᠯᠦᠪᠦᠷᠢ ᠠᠪᠬᠤ ᠵᠠᠷᠴᠢᠮ ᠢᠶᠠᠷ ᠭᠠᠵᠠᠷ ᠰᠢᠷᠤᠢ ᠲᠠᠭᠠᠭᠠᠴᠢᠯᠠᠬᠤ ᠪᠠᠷ | ᠲᠤᠰᠬᠤᠨ ︵ᠭᠠᠴᠠᠭ᠎ᠠ︶ ᠤ ᠪᠠᠨ ᠪᠤᠰᠤᠳ ᠮᠠᠯᠴᠢᠨ ᠲᠠᠷᠢᠶᠠᠴᠢᠨ ᠳᠤ ᠪᠦᠷᠢᠮᠤᠰᠤᠨ ᠰᠢᠯᠵᠢᠭᠦᠯᠵᠦ ᠪᠤᠯᠤᠨ᠎ᠠ᠃ | ᠬᠤᠶᠠᠷ᠂ ᠲᠠᠭᠠᠭᠠᠴᠢᠯᠠᠭᠰᠠᠨ ᠭᠠᠵᠠᠷ ᠰᠢᠷᠤᠢ ᠪᠠᠨ ᠰᠠᠨᠠᠭᠠᠴᠢᠯᠠᠭ᠎ᠠ ᠠᠴᠠ ᠪᠠᠨ ᠬᠠᠮᠳᠦ ᠨᠡᠶᠢᠳᠡ ᠳᠤ | ᠪᠤᠴᠠᠭᠠᠵᠦ᠂ ᠬᠠᠮᠳᠦ ᠨᠡᠶᠢᠳᠡ ᠠᠴᠠ ᠵᠤᠬᠢᠬᠤ ᠨᠦᠬᠦᠪᠦᠷᠢ ᠠᠪᠴᠦ ᠪᠤᠯᠤᠨ᠎ᠠ᠃ | ᠭᠤᠷᠪᠠ᠂ ᠡᠭᠦᠨ ᠠᠴᠠ ᠭᠠᠳᠠᠨ᠎ᠠ᠂ ᠲᠠᠭᠠᠭᠠᠴᠢᠯᠠᠬᠤ ᠡᠷᠭᠡ ᠪᠠᠨ ᠦᠯᠡᠳᠡᠭᠡᠵᠦ᠂ ᠡᠵᠡᠩᠨᠡᠬᠦ ᠡᠷᠭᠡ ᠪᠠᠨ | ᠪᠤᠰᠤᠳ ᠬᠦᠮᠦᠨ ᠳᠤ ᠰᠢᠯᠵᠢᠭᠦᠯᠵᠦ ᠪᠤᠯᠤᠨ᠎ᠠ᠃ | ᠡᠨᠡ ᠭᠤᠷᠪᠠᠨ ᠵᠦᠢᠯ ᠤᠨ ᠬᠡᠯᠪᠡᠷᠢ ᠶᠢ ᠮᠠᠯᠴᠢᠨ ᠲᠠᠷᠢᠶᠠᠴᠢᠨ ᠦᠪᠡᠷ ᠢᠶᠠᠨ ᠰᠤᠩᠭᠤᠵᠦ ᠪᠤᠯᠤᠨ᠎ᠠ᠃ | ᠤᠷᠢᠳᠡᠯ ᠨᠦᠬᠦᠴᠡᠯ ᠨᠢ ᠭᠠᠵᠠᠷ ᠰᠢᠷᠤᠢ ᠲᠠᠭᠠᠭᠠᠴᠢᠯᠠᠬᠤ ᠬᠤᠭᠤᠴᠠᠭᠠᠨ ᠳᠤ ᠪᠠᠶᠢᠬᠤ ᠬᠡᠷᠡᠭᠳᠠᠢ᠃ ᠶᠠᠮᠠᠷ ᠪᠠᠶᠢᠳᠠᠯ | ᠲᠤᠤᠷ᠎ᠠ ᠴᠤ ᠭᠡᠰᠡᠨ ᠲᠤᠰᠬᠤᠨ ︵ᠭᠠᠴᠠᠭ᠎ᠠ︶ ᠤ ᠬᠠᠮᠳᠦ ᠨᠡᠶᠢᠳᠡ ᠠᠴᠠ ᠮᠠᠯᠴᠢᠨ ᠲᠠᠷᠢᠶᠠᠴᠢᠨ ᠤ | ᠲᠠᠭᠠᠭᠠᠴᠢᠯᠠᠭᠰᠠᠨ ᠭᠠᠵᠠᠷ ᠰᠢᠷᠤᠢ ᠶᠢ ᠠᠯᠪᠠᠳᠠᠯᠭ᠎ᠠ ᠪᠠᠷ ᠪᠤᠴᠠᠭᠠᠨ ᠠᠪᠴᠦ ᠪᠤᠯᠬᠤ ᠦᠭᠡᠢ᠂ ᠰᠠᠶᠢᠨ | ᠲᠤᠷ᠎ᠠ ᠠᠴᠠ ᠪᠠᠨ ᠪᠠᠶᠢᠬᠤ ᠪᠤᠯ ᠬᠠᠮᠤᠭ ᠴᠢᠬᠤᠯᠠ ᠶᠤᠮ᠃ | ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠤᠯᠢ︾ ᠳᠤ ᠡᠮᠡᠭᠳᠠᠶᠢᠴᠤᠳ ᠤᠨ ᠭᠠᠵᠠᠷ ᠰᠢᠷᠤᠢ ᠲᠠᠭᠠᠭᠠᠴᠢᠯᠠᠬᠤ ᠡᠷᠭᠡ ᠮᠡᠳᠡᠯ ᠢ | ᠲᠦᠢᠯ ᠢᠶᠠᠷ ᠴᠢᠬᠤᠯᠠᠴᠢᠯᠠᠨ ᠦᠵᠡᠵᠦ ᠬᠠᠮᠠᠭᠠᠯᠠᠭᠰᠠᠭᠠᠷ ᠢᠷᠡᠵᠠᠢ᠃ | ᠤᠤᠯ ᠤᠨ ︽ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ︾ ᠶᠢᠨ 31 | ᠳ᠋ᠤᠭᠡᠷ ᠵᠤᠷᠪᠤᠰ ᠲᠤ᠄ | ᠭᠠᠵᠠᠷ ᠰᠢᠷᠤᠢ ᠲᠠᠭᠠᠭᠠᠴᠢᠯᠠᠬᠤ ᠬᠤᠭᠤᠴᠠᠭᠠᠨ ᠳᠤ ᠡᠮᠡᠭᠳᠠᠢ ᠬᠦᠮᠦᠨ ᠬᠤᠷᠢᠮᠯᠠᠭᠰᠠᠨ ᠤ ᠲᠠᠷᠠᠭ᠎ᠠ ᠰᠢᠨ᠎ᠡ | ᠰᠠᠭᠤᠭ᠎ᠠ ᠭᠠᠵᠠᠷ ᠲᠠᠭᠠᠨ ᠭᠠᠵᠠᠷ ᠰᠢᠷᠤᠢ ᠲᠠᠭᠠᠭᠠᠴᠢᠯᠠᠵᠦ ᠤᠯᠤᠭᠰᠠᠨ ᠦᠭᠡᠢ ᠪᠤᠯ ᠤᠤᠯ ᠤᠨ ᠲᠠᠭᠠᠭᠠᠴᠢᠯᠠᠭᠰᠠᠨ | ᠭᠠᠵᠠᠷ ᠰᠢᠷᠤᠢ ᠶᠢ ᠨᠢ ᠪᠤᠴᠠᠭᠠᠵᠦ ᠠᠪᠴᠦ ᠪᠤᠯᠬᠤ ᠦᠭᠡᠢ᠃ ᠬᠡᠷᠪᠠ ᠡᠮᠡᠭᠳᠠᠶᠢᠴᠤᠳ ᠤᠷᠤᠭ ᠰᠠᠯᠬᠤ ᠪᠤᠶᠤ ᠬᠠᠨᠢ | ᠨᠦᠭᠦᠷ ᠢᠶᠠᠨ ᠠᠯᠳᠠᠭᠰᠠᠨ ᠤ ᠲᠠᠷᠠᠭ᠎ᠠ ᠮᠦᠨ ᠯᠠ ᠲᠠᠨᠳᠠ ᠠᠮᠢᠳᠤᠷᠠᠬᠤ᠂ ᠡᠰᠡᠭᠦᠯ᠎ᠡ ᠲᠡᠨᠳᠡ ᠠᠮᠢᠳᠤᠷᠠᠬᠤ ᠦᠭᠡᠢ | ᠴᠤ ᠭᠡᠰᠡᠨ ᠰᠢᠨ᠎ᠡ ᠰᠠᠭᠤᠭ᠎ᠠ ᠭᠠᠵᠠᠷ ᠲᠠᠭᠠᠨ ᠭᠠᠵᠠᠷ ᠰᠢᠷᠤᠢ ᠲᠠᠭᠠᠭᠠᠴᠢᠯᠠᠵᠦ ᠤᠯᠤᠭᠰᠠᠨ ᠪᠤᠯ ᠤᠤᠯ ᠤᠨ | ᠲᠠᠭᠠᠭᠠᠴᠢᠯᠠᠭᠰᠠᠨ ᠭᠠᠵᠠᠷ ᠰᠢᠷᠤᠢ ᠶᠢ ᠨᠢ ᠮᠦᠨ ᠪᠤᠴᠠᠭᠠᠨ ᠠᠪᠴᠦ ᠪᠤᠯᠬᠤ ᠦᠭᠡᠢ ᠬᠡᠵᠠᠢ᠃ | ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠤᠯᠢ︾ ᠳᠤ ᠬᠤᠶᠠᠷ ᠵᠤᠷᠪᠤᠰ ᠨᠡᠮᠡᠵᠦ ᠤᠷᠤᠭᠤᠯᠪᠠ᠄ | ᠨᠢᠭᠡ᠂ ᠭᠡᠷ ᠪᠦᠯᠢ ᠶᠢᠨ ᠪᠦᠷᠢᠯᠳᠦᠭᠦᠨ ᠭᠠᠵᠠᠷ ᠰᠢᠷᠤᠢ ᠲᠠᠭᠠᠭᠠᠴᠢᠯᠠᠬᠤ ᠡᠯ᠎ᠡ ᠲᠦᠷᠦᠯ ᠤᠨ ᠡᠷᠭᠡ ᠠᠰᠢᠭ ᠢ | ᠬᠠᠤᠯᠢ ᠶᠤᠰᠤᠭᠠᠷ ᠡᠷᠭᠡ ᠲᠡᠭᠰᠢ ᠪᠠᠷ ᠬᠦᠷᠳᠡᠬᠦ ᠡᠷᠬᠡ ᠲᠠᠢ᠃ | ᠬᠤᠶᠠᠷ᠂ ᠭᠠᠵᠠᠷ ᠰᠢᠷᠤᠢ ᠲᠠᠭᠠᠭᠠᠴᠢᠯᠠᠨ ᠡᠵᠡᠩᠨᠡᠬᠦ ᠡᠷᠭᠡ ᠶᠢ ᠪᠦᠷᠢᠳᠭᠡᠨ ᠲᠠᠩᠰᠠᠯᠠᠵᠦ᠂ ᠨᠤᠳᠠᠯᠠᠨ | ᠲᠤᠭᠳᠠᠭᠠᠵᠦ ᠦᠨᠡᠮᠯᠡᠯ ᠤᠯᠭᠤᠬᠤ ᠬᠡᠷᠡᠭᠳᠠᠢ᠂ ᠲᠠᠭᠠᠭᠠᠴᠢᠯᠡᠨ ᠡᠵᠡᠩᠨᠡᠬᠦ ᠡᠷᠭᠡ ᠶᠢᠨ ᠦᠨᠡᠮᠯᠡᠯ ᠪᠠ ᠤᠢ ᠰᠢᠭᠤᠢ ᠶᠢᠨ | ᠡᠷᠭᠡ ᠶᠢᠨ ᠦᠨᠡᠮᠯᠡᠯ ᠤᠯᠭᠤᠬᠤ ᠦᠶ᠎ᠡ ᠳᠤ ᠮᠠᠯᠴᠢᠨ ᠲᠠᠷᠢᠶᠠᠴᠢᠨ ᠡᠷᠦᠭᠡ ᠶᠢᠨ ᠬᠡᠷ ᠪᠦᠯᠢ ᠶᠢᠨ ᠪᠦᠷᠢᠯᠳᠦᠭᠦᠨ ᠢ | ᠪᠦᠷ ᠲᠠᠩᠰᠠᠯᠠᠵᠦ ᠲᠡᠮᠳᠡᠭᠯᠡᠬᠦ ᠬᠡᠷᠡᠭᠳᠠᠢ᠃ | ᠡᠨᠡ ᠬᠤᠶᠠᠷ ᠲᠤᠭᠳᠠᠭᠠᠯ ᠤᠨ ᠭᠤᠤᠯ ᠵᠤᠷᠢᠯᠭ᠎ᠠ ᠨᠢ ᠲᠠᠷᠤᠢ ᠡᠮᠡᠭᠳᠠᠶᠢᠴᠤᠳ ᠤᠨ ᠭᠠᠵᠠᠷ ᠰᠢᠷᠤᠢ ᠶᠢᠨ ᠡᠷᠭᠡ | ᠠᠰᠢᠭ ᠢ ᠬᠠᠮᠠᠭᠠᠯᠠᠬᠤ ᠶᠢᠨ ᠲᠦᠯᠦᠭᠡ ᠶᠤᠮ᠃ | |