ᠥᠪᠥᠷ ᠵᠠᠰᠠᠭ ᠠᠯᠪᠠᠨ ᠲᠠᠷᠬᠠᠭᠠᠭᠰᠠᠨ ︹2019︺ 33 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠰᠦ ᠰᠠᠭᠠᠯᠢ ᠶᠢᠨ ᠦᠢᠯᠡᠰ ᠤᠨ ᠦᠷᠨᠢᠬᠦᠨ ᠬᠦᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠡ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠦᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠳᠦᠭᠡᠢ᠃ | ᠰᠦ ᠰᠠᠭᠠᠯᠢ ᠶᠢᠨ ᠦᠢᠯᠡᠰ ᠤᠨ ᠦᠷᠨᠢᠬᠦᠨ ᠬᠦᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠨᠦᠭᠦᠳ | 2025 ᠣᠨ ᠳᠤ ᠮᠠᠨ ᠤ ᠣᠷᠣᠨ ᠤ ᠰᠠᠭᠠᠯᠢ ᠶᠢᠨ ᠮᠠᠯ ᠤᠨ ᠲᠤᠭ᠎ᠠ ᠲᠣᠯᠣᠭᠠᠢ ᠶᠢ 350 ᠲᠦᠮᠡ | ᠪᠣᠯᠭᠠᠬᠤ ᠪᠠ ᠰᠦ ᠰᠠᠭᠠᠯᠢ ᠶᠢᠨ ᠭᠠᠷᠤᠯᠲᠠ ᠶᠢ 1000 ᠲᠦᠮᠡᠨ ᠳᠤᠨ ᠳᠤ ᠬᠦᠷᠭᠡᠬᠦ ᠬᠠᠷᠠᠯᠲᠠ ᠶᠢ ᠪᠠᠲᠤᠯᠠᠬᠤ ᠶᠢᠨ | ᠲᠤᠰᠠᠳᠠ᠂ ᠡᠳᠦᠭᠡ ᠰᠦ ᠰᠠᠭᠠᠯᠢ ᠶᠢᠨ ᠦᠢᠯᠡᠰ ᠤᠨ ᠦᠷᠨᠢᠬᠦᠨ ᠬᠦᠭᠵᠢᠯᠲᠡ ᠶᠢ ᠠᠬᠢᠭᠤᠯᠬᠤ ᠪᠠᠷ ᠳᠣᠣᠷᠠᠬᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠲᠠᠷᠢᠵᠤ ᠤᠷᠭᠤᠭᠤᠯᠬᠤ ᠪᠠ ᠠᠷᠠᠴᠢᠯᠠᠨ ᠲᠡᠵᠢᠭᠡᠬᠦ ᠶᠢ ᠤᠶᠠᠯᠳᠤᠭᠤᠯᠬᠤ ᠡᠷᠴᠢᠮ ᠢᠶᠠᠨ | ᠴᠢᠩᠭᠠᠷᠠᠭᠤᠯᠤᠨ᠎ᠠ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠳᠡᠨᠢ ᠰᠢᠰᠢ᠂ ᠴᠠᠷᠭᠠᠰᠤ ᠵᠡᠷᠭᠡ ᠲᠡᠵᠢᠭᠡᠯ | ᠡᠪᠡᠰᠦ ᠪᠣᠷᠳᠤᠭ᠎ᠠ ᠲᠠᠷᠢᠵᠤ ᠬᠠᠳᠤᠵᠤ ᠬᠤᠷᠢᠶᠠᠨ ᠬᠠᠳᠠᠭᠠᠯᠠᠵᠤ ᠳᠠᠷᠤᠰᠢᠭᠤᠯᠬᠤ ᠶᠢ ᠢᠳᠡᠪᠬᠢᠲᠡᠢ ᠳᠡᠮᠵᠢᠨ᠎ᠡ᠃ | ᠤᠯᠤᠰ ᠠᠴᠠ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠲᠥᠷᠥᠯ | ᠵᠦᠢᠯ ᠳᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ ᠰᠠᠭᠠᠯᠢ ᠶᠢᠨ ᠮᠠᠯᠴᠢᠨ ᠤ ᠬᠤᠷᠰᠢᠶᠠᠯᠠᠯ ᠳᠤ | ᠡᠩ ᠲᠡᠷᠢᠭᠦᠨ ᠳᠤ ᠨᠡᠮᠡᠭᠦᠷᠢ ᠥᠭᠭᠦᠨ᠎ᠡ᠂ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠥᠯᠥ ᠬᠠᠮᠤᠷᠤᠭᠳᠠᠬᠤ | ᠪᠣᠰᠣᠳ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠪᠣᠯᠣᠨ ᠰᠠᠭᠠᠯᠢ ᠶᠢᠨ ᠮᠠᠯᠴᠢᠨ ᠤ ᠬᠤᠷᠰᠢᠶᠠᠯᠠᠯ᠂ ᠬᠠᠳᠤᠵᠤ | ᠬᠤᠷᠢᠶᠠᠨ ᠬᠠᠳᠠᠭᠠᠯᠠᠬᠤ ᠲᠡᠵᠢᠭᠡᠯ ᠡᠪᠡᠰᠦ ᠪᠣᠷᠳᠤᠭ᠎ᠠ ᠶᠢᠨ ᠳᠤᠨ ᠪᠦᠷᠢ ᠳᠤ 50 ᠲᠥᠭᠦᠷᠢᠭ ᠤᠨ ᠨᠡᠮᠡᠭᠦᠷᠢ | ᠥᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ ᠳᠤᠨ ᠪᠦᠷᠢ ᠳᠤ 30 ᠲᠥᠭᠦᠷᠢᠭ ᠤᠨ ᠨᠡᠮᠡᠭᠦᠷᠢ | ᠥᠭᠴᠦ᠂ ᠠᠶᠢᠮᠠᠭ ᠬᠤᠲᠠ ᠠᠴᠠ 20 ᠲᠥᠭᠦᠷᠢᠭ ᠤᠨ ᠨᠡᠮᠡᠭᠦᠷᠢ ᠲᠥᠬᠦᠷᠵᠢᠭᠦᠯᠦᠨ ᠥᠭᠭᠦᠨ᠎ᠡ᠃ ᠰᠢᠯᠢᠳᠡᠭ | ᠴᠢᠨᠠᠷᠲᠠᠢ ᠴᠠᠷᠭᠠᠰᠤ ᠶᠢ 500 ᠮᠦ ᠠᠴᠠ ᠳᠡᠭᠡᠭᠰᠢ ᠲᠥᠪᠯᠡᠷᠡᠭᠦᠯᠦᠨ ᠵᠠᠯᠭᠠᠯᠳᠤᠭᠤᠯᠵᠤ ᠲᠠᠷᠢᠭᠰᠠᠨ᠂ ᠤᠰᠤ | ᠠᠷᠪᠢᠯᠠᠬᠤ ᠤᠰᠤᠯᠠᠯᠲᠠ ᠪᠣᠯᠣᠨ ᠮᠧᠬᠠᠨᠢᠬᠵᠢᠭᠤᠯᠤᠭᠰᠠᠨ ᠬᠠᠳᠤᠵᠤ ᠬᠤᠷᠢᠶᠠᠨ ᠬᠠᠳᠠᠭᠠᠯᠠᠬᠤ ᠨᠦᠬᠦᠴᠡᠯ | ᠪᠦᠷᠢᠯᠳᠦᠭᠦᠯᠦᠭᠰᠡᠨ ᠤ ᠬᠠᠮᠲᠤ᠂ ᠣᠷᠣᠨ ᠤ ᠳᠣᠲᠣᠷᠠᠬᠢ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ | ᠡᠷᠦᠬᠡ ᠯᠦᠭᠡ ᠬᠤᠳᠠᠯᠳᠤᠨ ᠠᠪᠴᠤ ᠪᠣᠷᠤᠯᠠᠭᠤᠯᠬᠤ ᠭᠡᠷ᠎ᠡ ᠪᠠᠶᠢᠭᠤᠯᠤᠭᠰᠠᠨ ᠲᠠᠷᠢᠵᠤ ᠤᠷᠭᠤᠭᠤᠯᠬᠤ ᠡᠷᠦᠬᠡ᠂ | ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠡᠷᠦᠬᠡ ᠵᠢᠴᠢ ᠲᠠᠷᠢᠵᠤ ᠤᠷᠭᠤᠭᠤᠯᠬᠤ ᠠᠵᠤ ᠠᠬᠤᠶᠢᠯᠠᠯ ᠳᠤ᠂ ᠮᠦ | ᠪᠦᠷᠢ ᠳᠤ 600 ᠲᠥᠭᠦᠷᠢᠭ ᠤᠨ ᠪᠠᠷᠢᠮᠵᠢᠶ᠎ᠠ ᠶᠣᠰᠤᠭᠠᠷ ᠨᠡᠮᠡᠭᠦᠷᠢ ᠣᠯᠭᠤᠨ᠎ᠠ᠃ | ᠬᠤᠶᠠᠷ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠪᠡᠯᠡᠳᠭᠡᠮᠵᠢ ᠲᠣᠨᠤᠭ ᠲᠥᠬᠦᠭᠡᠷᠦᠮᠵᠢ ᠶᠢᠨ | ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ | ᠲᠠᠷᠢᠶᠠᠯᠠᠩ ᠤᠨ ᠮᠠᠰᠢᠨ ᠤ ᠨᠡᠮᠡᠭᠦᠷᠢ ᠥᠭᠬᠦ ᠭᠠᠷᠴᠠᠭ ᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠳᠤ ᠪᠦᠬᠦᠯᠢ ᠡᠳᠦᠷ ᠤᠨ ᠬᠤᠯᠢᠮᠠᠭ ᠠᠮᠤ ᠪᠣᠷᠳᠣᠭᠠᠨ ︵ | TMR︶ ᠤ ᠲᠦᠬᠦᠭᠡᠷᠦᠮᠵᠢ ᠬᠤᠳᠠᠯᠳᠤᠨ ᠠᠪᠬᠤ ᠵᠢᠴᠢ ᠪᠣᠰᠣᠳ ᠲᠡᠵᠢᠭᠡᠨ ᠦᠷᠡᠵᠢᠭᠦᠯᠬᠦ᠂ ᠲᠡᠵᠢᠭᠡᠯ ᠡᠪᠡᠰᠦ | ᠪᠣᠷᠳᠤᠭ᠎ᠠ ᠬᠠᠳᠤᠵᠤ ᠬᠤᠷᠢᠶᠠᠨ ᠠᠪᠴᠤ ᠡᠳ᠋ᠰᠢᠭᠦᠯᠦᠨ ᠨᠦᠬᠡᠴᠡᠯᠡᠬᠦ ᠮᠧᠬᠠᠨᠢᠭ᠂ ᠰᠢᠬᠢᠭ ᠰᠠᠩᠭᠠᠰᠤ ᠶᠢ | ᠰᠢᠢᠳᠪᠦᠷᠢᠯᠡᠬᠦ ᠲᠣᠨᠤᠭ ᠲᠦᠬᠦᠭᠡᠷᠦᠮᠵᠢ ᠮᠠᠰᠢᠨ ᠬᠡᠷᠡᠭᠰᠡᠯ ᠵᠡᠷᠭᠡ ᠪᠦᠬᠦ ᠶᠠᠪᠤᠴᠠ ᠪᠠᠷ ᠠᠵᠢᠯᠯᠠᠬᠤ ᠮᠠᠰᠢᠨ ᠬᠡᠷᠡᠭᠰᠡᠯ ᠢ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠶᠢᠨ ᠭᠠᠷᠴᠠᠭ ᠤᠨ ᠬᠡᠪᠴᠢᠶᠡᠨ ᠳᠤ ᠣᠷᠤᠭᠤᠯᠵᠤ᠂ | ᠴᠢᠯᠦᠭᠡᠲᠡᠢ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠰᠠᠭᠠᠬᠤ ᠮᠧᠬᠠᠨᠢᠭ ᠤᠨ ᠭᠠᠭᠴᠠ | ᠬᠡᠷᠡᠭᠯᠡᠭᠡᠨ ᠲᠠᠢ ᠮᠠᠰᠢᠨ ᠤ ᠨᠡᠮᠡᠭᠦᠷᠢ ᠶᠢ ᠬᠠᠮᠤᠭ ᠦᠨᠳᠦᠷ ᠲᠤ ᠪᠠᠨ 12 ᠲᠦᠮᠡᠨ ᠲᠦᠭᠦᠷᠢᠭ ᠪᠣᠯᠲᠠᠯ᠎ᠠ | ᠳᠡᠭᠡᠭᠰᠢᠯᠡᠭᠦᠯᠵᠦ᠂ ᠳᠠᠷᠤᠰᠢᠭᠤᠯᠬᠤ ᠪᠠᠷ ᠬᠠᠳᠤᠵᠤ ᠬᠤᠷᠢᠶᠠᠨ ᠠᠪᠬᠤ ᠮᠠᠰᠢᠨ ᠬᠡᠷᠡᠭᠰᠡᠯ ᠤᠨ ᠭᠠᠭᠴᠠ | ᠬᠡᠷᠡᠭᠯᠡᠭᠡᠨ ᠲᠠᠢ ᠮᠠᠰᠢᠨ ᠤ ᠨᠡᠮᠡᠭᠦᠷᠢ ᠶᠢ ᠬᠠᠮᠤᠭ ᠦᠨᠳᠦᠷ ᠲᠤ ᠪᠠᠨ 15 ᠲᠦᠮᠡᠨ ᠲᠦᠭᠦᠷᠢᠭ ᠪᠣᠯᠲᠠᠯ᠎ᠠ | ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠭᠡᠷ ᠪᠦᠯᠢ ᠶᠢᠨ ᠮᠠᠯᠵᠢᠯ ᠤᠨ | ᠲᠠᠯᠠᠪᠠᠢ᠂ ᠰᠠᠭᠠᠯᠢ ᠶᠢᠨ ᠮᠠᠯᠴᠢᠨ ᠤ ᠬᠤᠷᠰᠢᠶᠠᠯᠠᠯ ᠤᠨ ᠮᠠᠯ ᠠᠵᠤ ᠠᠬᠤᠢ ᠶᠢᠨ ᠮᠠᠰᠢᠨ ᠬᠡᠷᠡᠭᠰᠡᠯ ᠬᠤᠳᠠᠯᠳᠤᠨ | ᠠᠪᠬᠤ ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠥᠪ ᠤᠨ ᠡᠳ᠋ ᠤᠨ ᠵᠠᠰᠠᠭ ᠠᠴᠠ ᠥᠭᠬᠦ ᠨᠡᠮᠡᠭᠦᠷᠢ ᠶᠢᠨ | 30 % ᠶᠢᠨ ᠰᠠᠭᠤᠷᠢᠨ ᠳᠡᠭᠡᠷ᠎ᠡ᠂ 50% ᠪᠣᠯᠲᠠᠯ᠎ᠠ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠠᠭᠠᠬᠤ | ᠮᠧᠬᠠᠨᠢᠭ ᠪᠠ ᠳᠠᠷᠤᠰᠢᠭᠤᠯᠬᠤ ᠪᠠᠷ ᠬᠠᠳᠤᠵᠤ ᠬᠤᠷᠢᠶᠠᠨ ᠠᠪᠬᠤ ᠮᠠᠰᠢᠨ ᠬᠡᠷᠡᠭᠰᠡᠯ ᠤᠨ ᠭᠠᠭᠴᠠ ᠬᠡᠷᠡᠭᠯᠡᠭᠡᠨ ᠲᠠᠢ | ᠮᠠᠰᠢᠨ ᠤ ᠬᠠᠮᠤᠭ ᠦᠨᠳᠦᠷ ᠨᠡᠮᠡᠭᠦᠷᠢ ᠶᠢᠨ ᠬᠡᠮᠵᠢᠶ᠎ᠡ ᠶᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ | ᠭᠤᠷᠪᠠ᠂ ᠦᠷ᠎ᠡ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ | ᠭᠤᠣᠯᠯᠠᠠᠬᠤ ᠦᠷ᠎ᠡ ᠡᠭᠦᠯᠳᠡᠷ ᠪᠤᠶᠢᠵᠢᠭᠤᠯᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ | ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠤᠨ ᠪᠣᠬ᠎ᠠ ᠠᠷᠠᠴᠢᠯᠠᠬᠤ ᠦᠷᠲᠡᠭᠡ ᠬᠢᠭᠡᠳ ᠡᠭᠦᠯᠳᠡᠷ ᠤᠨ ᠦᠨᠢᠶ᠎ᠡ | ᠠᠷᠠᠴᠢᠯᠠᠬᠤ ᠲᠠᠯᠠᠪᠠᠢ ᠬᠤᠯᠪᠣᠭᠠᠯᠠᠨ ᠡᠭᠦᠯᠳᠡᠷ ᠪᠤᠶᠢᠵᠢᠭᠤᠯᠬᠤ ᠶᠢ ᠨᠢ ᠳᠡᠮᠵᠢᠵᠦ᠂ ᠡᠭᠦᠯᠳᠡᠷ ᠪᠤᠶᠢᠵᠢᠭᠤᠯᠬᠤ ᠬᠢᠷᠢ | ᠲᠦᠪᠰᠢᠨ ᠢ ᠨᠢ ᠳᠡᠭᠡᠭᠰᠢᠯᠡᠭᠦᠯᠦᠨ᠎ᠡ᠃ ᠰᠠᠭᠠᠯᠢ ᠶᠢᠨ ᠦᠨᠢᠶ᠎ᠡ ᠪᠣᠯᠣᠨ ᠰᠦ ᠠᠯᠠᠰᠢᠨ ᠤ ᠬᠤᠣᠰ ᠬᠡᠷᠡᠭᠴᠡᠭᠡᠨ ᠤ | ᠦᠬᠡᠷ ᠡᠭᠦᠯᠳᠡᠷ ᠤᠨ ᠮᠠᠯ ᠵᠢᠭᠦᠷᠲᠡᠨ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠲᠠᠢ᠂ ᠣᠯᠠᠨ | ᠤᠯᠤᠰ ᠤᠨ ᠪᠠ ᠤᠯᠤᠰ ᠤᠨ ᠳᠣᠲᠣᠭᠠᠳᠤ ᠶᠢᠨ ᠰᠠᠶᠢᠨ ᠡᠭᠦᠯᠳᠡᠷ ᠲᠤ ᠲᠣᠭᠠᠴᠠᠭᠳᠠᠬᠤ ᠪᠣᠬ᠎ᠠ ᠶᠢ | ᠪᠤᠶᠢᠵᠢᠭᠤᠯᠤᠭᠰᠠᠨ ᠪᠠᠶᠢᠬᠤ ᠶᠢᠨ ᠬᠠᠮᠲᠤ᠂ ᠰᠢᠯᠭᠠᠨ ᠬᠢᠨᠠᠬᠤ ᠪᠠᠷ ᠳᠠᠮᠵᠢᠭᠤᠯᠵᠤ ᠪᠠᠷᠢᠮᠵᠢᠶ᠎ᠠ ᠳᠤ ᠨᠡᠶᠢᠴᠡᠭᠦᠯᠵᠦ | ᠡᠭᠦᠯᠳᠡᠷ ᠪᠤᠶᠢᠵᠢᠭᠤᠯᠤᠭᠰᠠᠨ ᠠᠵᠤ ᠠᠬᠤᠶᠢᠯᠠᠯ ᠪᠦᠷᠢ ᠳᠤ᠂ ᠵᠢᠯ ᠪᠦᠷᠢ ᠳᠤᠮᠳᠠᠴᠢ ᠪᠠᠷ 1000 ᠲᠦᠮᠡᠨ | ᠲᠥᠭᠦᠷᠢᠭ ᠤᠨ ᠨᠦᠬᠦᠪᠦᠷᠢ ᠥᠭᠴᠦ ᠱᠠᠩᠨᠠᠨ᠎ᠠ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ | ᠡᠷᠦᠬᠡ ᠳᠤ ᠪᠣᠳᠤᠭᠲᠤ ᠴᠣᠭᠴᠠ ᠪᠠᠷ ᠨᠢ ᠡᠵᠡᠮᠰᠢᠭᠰᠡᠨ ᠰᠢᠯᠢᠳᠡᠭ ᠴᠢᠨᠠᠷᠲᠠᠢ ᠢᠴᠡᠭᠡᠯ ᠦᠷ᠎ᠡ ᠶᠢ ᠠᠰᠢᠭᠯᠠᠨ | ᠬᠡᠷᠡᠭᠯᠡᠪᠡᠯ ᠨᠡᠮᠡᠭᠦᠷᠢ ᠥᠭᠴᠦ᠂ ᠦᠨᠢᠶᠡᠨ ᠤ ᠦᠷᠡᠵᠢᠯᠲᠡ ᠶᠢ ᠲᠦᠷᠭᠡᠳᠭᠡᠨ᠂ ᠰᠠᠭᠠᠯᠢ ᠶᠢᠨ ᠦᠨᠢᠶᠡᠨ ᠰᠦᠷᠦᠭ ᠤᠨ | ᠨᠡᠮᠡᠭᠳᠡᠬᠦ ᠶᠢ ᠠᠬᠢᠭᠤᠯᠤᠨ᠎ᠠ᠂ ᠨᠡᠮᠡᠭᠦᠷᠢ ᠥᠭᠬᠦ ᠠᠷᠭ᠎ᠠ ᠮᠠᠶ᠋ᠢᠭ ᠨᠢ ᠪᠣᠯ ︽ᠤᠷᠢᠳ ᠢᠶᠠᠷ ᠨᠡᠮᠡᠭᠳᠡᠭᠦᠯᠵᠦ | ᠳᠠᠷᠠᠭ᠎ᠠ ᠳᠤ ᠨᠢ ᠨᠡᠮᠡᠭᠦᠷᠢ ᠥᠭᠬᠦ︾ ᠪᠣᠯᠣᠨ᠎ᠠ᠂ ᠳᠠᠷᠤᠢ ︽ᠪᠤᠳᠤᠭᠲᠤ ᠴᠣᠭᠴᠠ ᠶᠢ ᠨᠢ ᠡᠵᠡᠮᠰᠢᠭᠰᠡᠨ ᠢᠴᠡᠭᠡᠯ | ᠦᠷ᠎ᠡ ᠶᠢᠨ ᠨᠠᠷᠢᠨ ᠭᠤᠤᠷᠰᠤ ᠲᠠᠢ᠂ ᠲᠤᠭᠤᠯ ᠲᠠᠢ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠲᠠᠢ᠂ ᠲᠡᠵᠢᠭᠡᠨ | ᠦᠷᠡᠵᠢᠭᠦᠯᠦᠭᠰᠡᠨ ᠳᠠᠩᠰᠠ ᠡᠪᠬᠡᠮᠡᠯ ᠲᠠᠢ︾ ᠪᠠᠶᠢᠪᠠᠯ᠂ ᠦᠷᠡᠵᠢᠬᠦ ᠦᠨᠢᠶᠡᠨ ᠤ ᠲᠤᠭ᠎ᠠ ᠲᠣᠯᠣᠭᠠᠢ ᠪᠠᠷ ᠨᠢ ᠵᠢᠯ | ᠪᠦᠷᠢ 120 ᠲᠥᠭᠦᠷᠢᠭ ᠤᠨ ᠨᠡᠮᠡᠭᠦᠷᠢ ᠥᠭᠭᠦᠨ᠎ᠡ᠃ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠪᠣᠯᠣᠨ | ᠰᠠᠭᠠᠯᠢ ᠶᠢᠨ ᠮᠠᠯᠴᠢᠨ ᠤ ᠲᠡᠵᠢᠭᠡᠨ ᠦᠷᠡᠵᠢᠭᠦᠯᠬᠦ ᠬᠤᠷᠰᠢᠶᠠᠯᠠᠯ ᠳᠤ ᠭᠠᠳᠠᠭᠠᠳᠤ ᠠᠴᠠ ᠣᠷᠤᠭᠤᠯᠤᠭᠰᠠᠨ ᠰᠠᠶᠢᠨ | ᠡᠭᠦᠯᠳᠡᠷ ᠤᠨ ᠦᠨᠢᠶᠡᠨ ᠤ ᠨᠡᠮᠡᠭᠦᠷᠢ ᠥᠭᠴᠦ᠂ ᠨᠡᠮᠡᠭᠦᠷᠢ ᠥᠭᠬᠦ ᠠᠷᠭ᠎ᠠ ᠮᠠᠶ᠋ᠢᠭ ᠨᠢ ᠪᠣᠯ ︽ᠤᠷᠢᠳ ᠢᠶᠠᠷ ᠲᠤᠭ᠎ᠠ | ᠲᠣᠯᠣᠭᠠᠢ ᠶᠢ ᠨᠢ ᠬᠠᠷᠭᠤᠭᠤᠯᠵᠤ ᠳᠠᠷᠠᠭ᠎ᠠ ᠳᠤ ᠨᠢ ᠨᠡᠮᠡᠭᠦᠷᠢ ᠥᠭᠬᠦ︾ ᠪᠣᠯᠣᠨ᠎ᠠ᠂ ᠳᠠᠷᠤᠢ ︽ᠭᠠᠳᠠᠭᠠᠳᠤ ᠠᠴᠠ | ᠣᠷᠤᠭᠤᠯᠤᠭᠰᠠᠨ ᠦᠬᠡᠷ ᠲᠠᠢ᠂ ᠭᠠᠳᠠᠭᠠᠳᠤ ᠠᠴᠠ ᠣᠷᠣᠭᠤᠯᠤᠭᠰᠠᠨ ᠭᠠᠷᠳᠠᠮ ᠲᠠᠢ᠂ ᠭᠠᠳᠠᠭᠠᠳᠤ ᠠᠴᠠ | ᠣᠷᠤᠭᠤᠯᠤᠭᠰᠠᠨ ᠦᠬᠡᠷ ᠤᠨ ᠤᠳᠤᠮ ᠤᠨ ᠳᠠᠩᠰᠠ ᠡᠪᠬᠡᠮᠡᠯ ᠲᠠᠢ᠂ ᠬᠤᠳᠠᠯᠳᠤᠨ ᠠᠪᠤᠭᠰᠠᠨ ᠬᠦᠮᠦᠨ ᠲᠠᠢ︾ ᠵᠡᠷᠭᠡ | ︽ᠳᠥᠷᠪᠡ ᠲᠠᠢ ᠪᠠᠶᠢᠬᠤ︾ ᠶᠢ ᠬᠠᠷᠭᠤᠭᠤᠯᠤᠭᠰᠠᠨ ᠤ ᠳᠠᠷᠠᠭ᠎ᠠ ᠨᠡᠮᠡᠭᠦᠷᠢ ᠥᠭᠴᠦ᠂ ᠭᠠᠳᠠᠭᠠᠳᠤ ᠠᠴᠠ | ᠣᠷᠤᠭᠤᠯᠤᠭᠰᠠᠨ ᠰᠠᠶᠢᠨ ᠡᠭᠦᠯᠳᠡᠷ ᠤᠨ ᠦᠨᠢᠶᠡᠨ ᠤ ᠲᠤᠭ᠎ᠠ ᠲᠣᠯᠣᠭᠠᠢ ᠪᠠᠷ ᠨᠢ 5000 ᠲᠥᠭᠦᠷᠢᠭ ᠤᠨ ᠨᠡᠮᠡᠭᠦᠷᠢ | ᠥᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3000 ᠲᠥᠭᠦᠷᠢᠭ ᠤᠨ ᠨᠡᠮᠡᠭᠦᠷᠢ | ᠥᠭᠴᠦ᠂ ᠠᠶᠢᠮᠠᠭ ᠬᠤᠲᠠ ᠶᠢᠨ ᠡᠳ᠋ ᠤᠨ ᠵᠠᠰᠠᠭ ᠠᠴᠠ 2000 ᠲᠥᠭᠦᠷᠢᠭ ᠤᠨ ᠨᠡᠮᠡᠭᠦᠷᠢ ᠥᠭᠭᠦᠨ᠎ᠡ᠃ | ᠳᠥᠷᠪᠡ᠂ ᠳᠤᠮᠳᠠ ᠵᠢᠵᠢᠭ ᠬᠡᠪᠴᠢᠶᠡᠨ ᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠥᠭᠡᠷᠡᠴᠢᠯᠡᠨ | ᠰᠢᠨᠡᠳᠬᠡᠵᠦ ᠳᠡᠰ ᠳᠡᠪᠰᠢᠬᠦ ᠶᠢ ᠠᠬᠢᠭᠤᠯᠤᠨ᠎ᠠ | ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠪᠡᠯᠡ ᠮᠦᠩᠭᠦ ᠲᠣᠬᠢᠷᠠᠭᠤᠯᠤᠨ᠂ ᠤᠯᠤᠰ ᠤᠨ ᠳᠤᠮᠳᠠ ᠵᠢᠵᠢᠭ | ᠬᠡᠪᠴᠢᠶᠡᠨ ᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠶᠢᠨ ᠳᠡᠰ ᠳᠡᠪᠰᠢᠭᠦᠯᠵᠦ ᠥᠭᠡᠷᠡᠴᠢᠯᠡᠨ | ᠰᠢᠨᠡᠳᠬᠡᠬᠦ ᠲᠥᠷᠥᠯ ᠵᠦᠢᠯ ᠤᠨ ᠪᠡᠯᠡ ᠮᠦᠩᠭᠦ ᠯᠦᠭᠡ ᠲᠥᠬᠦᠷᠵᠢᠭᠦᠯᠦᠨ ᠬᠡᠷᠡᠭᠯᠡᠵᠦ᠂ ᠲᠡᠵᠢᠭᠡᠵᠦ ᠪᠠᠶᠢᠭ᠎ᠠ ᠮᠠᠯ ᠤᠨ | ᠲᠤᠭ᠎ᠠ ᠲᠣᠯᠣᠭᠠᠢ ᠨᠢ 50 — 800 ᠰᠠᠭᠠᠯᠢ ᠶᠢᠨ ᠮᠠᠯ ᠲᠠᠢ ᠪᠠᠶᠢᠭ᠎ᠠ ᠭᠡᠷ ᠪᠦᠯᠢ ᠶᠢᠨ ᠮᠠᠯᠵᠢᠯ ᠤᠨ ᠲᠠᠯᠠᠪᠠᠢ | ᠪᠣᠯᠣᠨ ᠰᠠᠭᠠᠯᠢ ᠶᠢᠨ ᠮᠠᠯᠴᠢᠨ ᠤ ᠬᠤᠷᠰᠢᠶᠠᠯᠠᠯ ᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠨ᠎ᠡ᠃ ︽ | ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠡᠮᠡᠭᠦᠷᠢ ᠥᠭᠬᠦ︾ ᠪᠣᠶᠣ ︽ᠱᠠᠩᠨᠠᠬᠤ ᠪᠠᠷ ᠨᠦᠬᠦᠪᠦᠷᠢᠯᠡᠬᠦ ᠶᠢ | ᠣᠷᠤᠯᠠᠭᠤᠯᠬᠤ︾ ᠠᠷᠭ᠎ᠠ ᠮᠠᠶ᠋ᠢᠭ ᠢ ᠬᠡᠷᠡᠭᠯᠡᠵᠦ᠂ ᠳᠤᠮᠳᠠ ᠵᠢᠵᠢᠭ ᠬᠡᠪᠴᠢᠶᠡᠨ ᠤ ᠰᠠᠭᠠᠯᠢ ᠶᠢᠨ ᠮᠠᠯ ᠲᠡᠵᠢᠭᠡᠨ | ᠦᠷᠡᠵᠢᠭᠦᠯᠬᠦ ᠲᠠᠯᠠᠪᠠᠢ ᠪᠦᠷᠢ ᠶᠢᠨ ᠳᠡᠰ ᠳᠡᠪᠰᠢᠵᠦ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠳᠤ ᠳᠤᠮᠳᠠᠴᠢ ᠪᠠᠷ | 60 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ ᠡᠭᠦᠨ ᠳᠤ᠂ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ | ᠣᠷᠣᠨ ᠠᠴᠠ 80% ᠶᠢᠨ ᠨᠡᠮᠡᠭᠦᠷᠢ ᠥᠭᠴᠦ᠂ ᠠᠶᠢᠮᠠᠭ ᠬᠤᠲᠠ ᠠᠴᠠ 20% ᠶᠢ ᠲᠥᠬᠦᠷᠵᠢᠭᠦᠯᠦᠨ ᠥᠭᠴᠦ᠂ | ᠨᠡᠮᠡᠭᠦᠷᠢ ᠶᠢᠨ ᠪᠡᠯᠡ ᠮᠦᠩᠭᠦ ᠶᠢ ᠲᠡᠵᠢᠭᠡᠨ ᠦᠷᠡᠵᠢᠭᠦᠯᠬᠦ ᠪᠡᠯᠡᠳᠭᠡᠮᠵᠢ ᠲᠥᠬᠦᠭᠡᠷᠦᠮᠵᠢ ᠶᠢᠨ ᠥᠭᠡᠷᠡᠴᠢᠯᠡᠨ | ᠰᠢᠨᠡᠳᠬᠡᠬᠦ᠂ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠵᠦ ᠪᠣᠯᠪᠠᠰᠤᠷᠠᠭᠤᠯᠬᠤ᠂ ᠰᠢᠭᠢᠭ ᠰᠠᠩᠭᠠᠰᠤ ᠶᠢᠨ | ᠡᠬᠢ ᠪᠠᠶᠠᠯᠢᠬᠵᠢᠭᠤᠯᠤᠨ ᠠᠰᠢᠭᠯᠠᠬᠤ ᠵᠢᠴᠢ ᠳᠤᠮᠳᠠ ᠵᠢᠵᠢᠭ ᠬᠡᠪᠴᠢᠶᠠᠨ ᠤ ᠰᠦ ᠴᠠᠭᠠᠨ ᠢᠳᠡᠭᠡ ᠪᠣᠯᠪᠠᠰᠤᠷᠠᠭᠤᠯᠬᠤ | ᠦᠢᠯᠡᠳᠪᠦᠷᠢ ᠶᠢ ᠬᠤᠪᠢ ᠪᠠᠷ ᠢᠶᠠᠨ ᠡᠷᠬᠢᠯᠡᠬᠦ ᠵᠡᠷᠭᠡ ᠳᠤ ᠬᠡᠷᠡᠭᠯᠡᠨ᠎ᠡ᠃ | ᠲᠠᠪᠤ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠶᠢ ᠳᠡᠮᠵᠢᠨ᠎ᠡ | ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠶᠢ ᠪᠠᠷᠢᠮᠵᠢᠶᠠᠵᠢᠭᠤᠯᠤᠨ ᠥᠭᠡᠷᠡᠴᠢᠯᠡᠵᠦ | ᠰᠢᠨᠡᠳᠬᠡᠬᠦ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ | ᠨᠡᠮᠡᠭᠦᠷᠢ ᠥᠭᠬᠦ︾ ᠪᠣᠶᠣ ︽ᠱᠠᠩᠨᠠᠬᠤ ᠪᠠᠷ ᠨᠦᠬᠦᠪᠦᠷᠢᠯᠡᠬᠦ ᠶᠢ ᠣᠷᠤᠯᠠᠭᠤᠯᠬᠤ︾ ᠠᠷᠭ᠎ᠠ ᠮᠠᠶ᠋ᠢᠭ ᠢ ᠬᠡᠷᠡᠭᠯᠡᠵᠦ | ᠪᠠᠶᠢᠭᠠᠳ ᠲᠤᠷᠰᠢᠯᠲᠠ ᠶᠢᠨ ᠴᠡᠭ ᠤᠨ ᠲᠥᠷᠥᠯ ᠵᠦᠢᠯ ᠪᠦᠷᠢ ᠳᠤ ᠳᠤᠮᠳᠠᠴᠢ ᠪᠠᠷ 50 ᠲᠦᠮᠡᠨ ᠲᠥᠭᠦᠷᠢᠭ ᠤᠨ | ᠨᠡᠮᠡᠭᠦᠷᠢ ᠥᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ 60% ᠨᠦᠬᠦᠪᠦᠷᠢᠯᠡᠵᠦ᠂ ᠠᠶᠢᠮᠠᠭ | ᠬᠤᠲᠠ ᠠᠴᠠ 40% ᠶᠢ ᠲᠦᠬᠦᠷᠵᠢᠭᠦᠯᠦᠨ ᠥᠭᠭᠦᠨ᠎ᠡ᠃ ᠨᠡᠮᠡᠭᠦᠷᠢ ᠶᠢᠨ ᠪᠡᠯᠡ ᠮᠦᠩᠭᠦ ᠶᠢ ᠦᠢᠯᠡᠳᠪᠦᠷᠢᠯᠡᠯ ᠤᠨ | ᠪᠡᠯᠡᠳᠭᠡᠮᠵᠢ᠂ ᠪᠣᠯᠪᠠᠰᠤᠷᠠᠭᠤᠯᠤᠨ ᠦᠢᠯᠡᠳᠬᠦ᠂ ᠭᠦᠯᠳᠡᠬᠦᠦ ᠪᠠᠷ ᠬᠡᠯᠬᠢᠶᠡᠵᠢᠭᠦᠯᠦᠨ ᠳᠡᠭᠡᠭᠡᠪᠦᠷᠢᠯᠡᠬᠦ᠂ ᠠᠷᠢᠭᠤᠨ | ᠴᠡᠪᠡᠷ ᠤᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠂ | ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠶᠢᠨ ᠪᠠᠷᠢᠮᠵᠢᠶᠠᠵᠢᠭᠤᠯᠤᠨ ᠥᠭᠡᠷᠡᠴᠢᠯᠡᠵᠦ | ᠰᠢᠨᠡᠳᠬᠡᠨ ᠳᠡᠰ ᠳᠡᠪᠰᠢᠬᠦ ᠶᠢ ᠨᠢ ᠠᠬᠢᠭᠤᠯᠵᠤ᠂ ᠪᠦᠲᠦᠭᠡᠭᠳᠡᠬᠦᠨ ᠤ ᠶᠠᠰᠤ ᠴᠢᠨᠠᠷ ᠢᠶᠠᠷ ᠰᠢᠯᠢᠳᠡᠭ᠂ ᠰᠣᠶᠣᠯ ᠤᠨ | ᠣᠨᠴᠠᠯᠢᠭ ᠢᠶᠠᠷ ᠢᠯᠡᠷᠬᠡᠢ᠂ ᠨᠡᠷᠡᠲᠦ ᠲᠡᠮᠳᠡᠭᠲᠦ ᠶᠢᠨ ᠢᠲᠡᠭᠡᠮᠵᠢ ᠪᠠᠷ ᠰᠠᠶᠢᠨ ᠪᠠᠶᠢᠳᠠᠭ ᠦᠨᠳᠦᠰᠦᠲᠡᠨ ᠤ ᠴᠠᠭᠠᠨ | ᠢᠳᠡᠭᠡ ᠪᠣᠯᠪᠠᠰᠤᠷᠤᠭᠤᠯᠬᠤ ᠨᠢᠭᠡ ᠪᠥᠯᠥᠭ ᠦᠢᠯᠡᠳᠪᠦᠷᠢ ᠶᠢᠨ ᠴᠡᠭ ᠢ ᠪᠣᠢ ᠪᠣᠯᠭᠠᠨ᠎ᠠ᠃ | ᠵᠢᠷᠭᠤᠭ᠎ᠠ᠂ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ | ᠭᠠᠵᠠᠷ ᠪᠣᠯᠭᠠᠭᠰᠠᠨ ᠤ ᠬᠤᠪᠢ ᠳᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠶᠣᠰᠤᠭᠠᠷ ᠬᠠᠮᠢᠶᠠᠷᠬᠤ ᠪᠣᠯᠬᠤᠷ᠂ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢᠶᠠᠷ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠭᠡᠬᠦ ᠴᠢᠬᠤᠯᠠ | ᠦᠭᠡᠢ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠦᠭᠡᠢ ᠪᠠᠶᠢᠬᠤ ᠤᠷᠢᠳᠠᠯ ᠳᠣᠣᠷ᠎ᠠ᠂ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠡᠩ ᠤᠨ ᠬᠠᠭᠠᠯᠪᠤᠷᠢᠯᠠᠵᠤ ᠲᠠᠷᠢᠶᠠᠯᠠᠬᠤ ᠭᠠᠵᠠᠷ ᠢᠶᠠᠷ ᠬᠡᠷᠡᠭᠯᠡᠬᠦ ᠶᠢ | ᠵᠦᠪᠰᠢᠶᠡᠷᠡᠨ᠂ ᠲᠡᠵᠢᠭᠡᠨ ᠦᠷᠡᠵᠢᠭᠦᠯᠬᠦ ᠬᠡᠷᠡᠭᠴᠡᠭᠡ ᠪᠠᠷ ᠬᠡᠷᠡᠭᠯᠡᠬᠦ ᠪᠣᠯᠣᠭᠰᠠᠨ ᠤ ᠬᠤᠪᠢ ᠳᠤ ᠬᠠᠭᠠᠯᠪᠤᠷᠢᠯᠠᠵᠤ | ᠲᠠᠷᠢᠶᠠᠯᠠᠬᠤ ᠭᠠᠵᠠᠷ ᠢ ᠡᠵᠡᠯᠡᠵᠦ ᠬᠡᠷᠡᠭᠯᠡᠭᠰᠡᠨ ᠪᠠ ᠲᠡᠭᠦᠨ ᠢ ᠨᠢ ᠨᠦᠬᠦᠪᠦᠷᠢᠯᠡᠬᠦ ᠪᠠᠷ ᠲᠡᠩᠴᠡᠭᠦᠯᠬᠦ ᠴᠢᠬᠤᠯᠠ ᠦᠭᠡᠢ᠃ | ᠣᠶᠢᠵᠢᠭᠤᠯᠬᠤ ᠳᠤ ᠲᠣᠬᠢᠷᠠᠬᠤ ᠭᠠᠵᠠᠷ ᠪᠣᠯᠣᠨ ᠡᠵᠡᠭᠦᠢ ᠠᠭᠤᠯᠠ ᠭᠤᠤ ᠳᠣᠪᠣᠴᠠᠭ ᠰᠠᠶᠢᠷᠭᠠᠯ ᠵᠢᠴᠢ ᠬᠦᠳᠡᠭᠡ | ᠲᠤᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠳ ᠢ ᠠᠰᠢᠭᠯᠠᠨ ᠰᠠᠭᠠᠯᠢ ᠶᠢᠨ | ᠮᠠᠯ ᠤᠨ ᠦᠢᠯᠡᠳᠪᠦᠷᠢᠯᠡᠯ ᠳᠤ ᠲᠣᠬᠢᠷᠠᠭᠤᠯᠤᠨ ᠬᠡᠷᠡᠭᠯᠡᠬᠦ ᠶᠢ ᠨᠢ ᠵᠣᠷᠢᠬᠵᠢᠭᠤᠯᠤᠨ᠎ᠠ᠃ ᠰᠠᠭᠠᠯᠢ ᠶᠢᠨ ᠮᠠᠯ ᠲᠡᠵᠢᠭᠡᠨ | ᠦᠷᠡᠵᠢᠭᠦᠯᠬᠦ ᠬᠠᠰᠢᠶ᠎ᠠ ᠬᠤᠷᠢᠶ᠎ᠠ᠂ ᠲᠠᠯᠠᠪᠠᠢ ᠲᠣᠭᠤᠷᠢᠭ ᠲᠠᠬᠢ ᠨᠡᠪᠲᠡᠷᠡᠬᠦ ᠵᠠᠮ ᠵᠢᠴᠢ ᠨᠣᠭᠤᠭᠠᠷᠠᠭᠤᠯᠵᠤ | ᠲᠤᠰᠠᠭᠠᠷᠯᠠᠭᠰᠠᠨ ᠭᠠᠵᠠᠷ ᠵᠡᠷᠭᠡ ᠦᠢᠯᠡᠳᠪᠦᠷᠢᠯᠡᠯ ᠤᠨ ᠪᠡᠯᠡᠳᠭᠡᠮᠵᠢ ᠳᠤ ᠬᠡᠷᠡᠭᠯᠡᠬᠦ ᠭᠠᠵᠠᠷ ᠢ ᠲᠡᠵᠢᠭᠡᠨ ᠦᠷᠡᠵᠢᠭᠦᠯᠬᠦ | ᠬᠡᠪᠴᠢᠶ᠎ᠡ ᠪᠠᠨ ᠦᠨᠳᠦᠰᠦᠯᠡᠵᠦ ᠳᠠᠭᠠᠯᠳᠤᠭᠤᠯᠤᠨ ᠪᠠᠶᠢᠭᠤᠯᠬᠤ ᠪᠡᠯᠡᠳᠭᠡᠮᠵᠢ ᠳᠤ ᠬᠡᠷᠡᠭᠯᠡᠬᠦ ᠭᠠᠵᠠᠷ ᠢᠶᠠᠷ | ᠬᠡᠪᠴᠢᠶ᠎ᠡ ᠶᠢ ᠨᠢ ᠨᠡᠮᠡᠭᠳᠡᠭᠦᠯᠦᠨ᠎ᠡ᠂ 15 ᠮᠦ ᠪᠠᠷ ᠳᠡᠭᠡᠲᠥ ᠬᠢᠵᠠᠭᠠᠷ ᠪᠣᠯᠭᠠᠵᠤ ᠪᠠᠶᠢᠭᠰᠠᠨ ᠲᠣᠭᠲᠠᠭᠠᠯ ᠢ ᠬᠦᠴᠦᠨ | ᠦᠭᠡᠢ ᠪᠣᠯᠭᠠᠨ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠠᠴᠠ ᠪᠣᠢ ᠪᠣᠯᠣᠭᠰᠠᠨ | ᠢᠯᠭᠠᠳᠠᠰᠤ ᠶᠢ ᠰᠢᠢᠳᠪᠦᠷᠢᠯᠡᠬᠦ ᠵᠡᠷᠭᠡ ᠪᠡᠯᠡᠳᠭᠡᠮᠵᠢ ᠪᠠᠶᠢᠭᠤᠯᠬᠤ ᠳᠤ ᠬᠡᠷᠡᠭᠯᠡᠬᠦ ᠭᠠᠵᠠᠷ ᠤᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠨ᠎ᠠ᠃ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠲᠡᠵᠢᠭᠡᠨ | ᠦᠷᠡᠵᠢᠭᠦᠯᠬᠦ ᠲᠠᠯᠠᠪᠠᠢ ︵ᠡᠷᠦᠬᠡ︶ ᠨᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠦᠳᠡᠭᠡ | ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠲᠠᠢ ᠵᠥᠪᠳᠡᠯᠴᠡᠬᠦ ᠶᠢᠨ ᠳᠠᠭᠠᠤ ᠳᠤ ᠭᠠᠵᠠᠷ | ᠬᠡᠷᠡᠭᠯᠡᠬᠦ ᠵᠥᠪᠯᠡᠯᠴᠡᠭᠡᠷ ᠲᠣᠬᠢᠷᠠᠯᠴᠠᠬᠤ ᠠᠷᠭ᠎ᠠ ᠮᠠᠶ᠋ᠢᠭ ᠢᠶᠠᠷ ᠬᠡᠷᠡᠭᠯᠡᠬᠦ ᠭᠠᠵᠠᠷ ᠢᠶᠠᠨ ᠣᠯᠵᠤ ᠪᠣᠯᠣᠨ᠎ᠠ᠃ | ᠳᠣᠯᠤᠭ᠎ᠠ᠂ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ | ᠰᠠᠭᠠᠯᠢ ᠶᠢᠨ ᠮᠠᠯ ᠢ ᠠᠮᠢᠳᠤ ᠪᠠᠷ᠂ ᠪᠠᠷᠢᠴᠠᠭᠠᠯᠠᠬᠤ ᠡᠷᠬᠡ ᠬᠠᠷᠢᠶᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ | ᠲᠡᠵᠢᠭᠡᠵᠦ ᠦᠷᠡᠵᠢᠭᠦᠯᠬᠦ ᠲᠠᠯᠠᠪᠠᠢ ᠪᠠᠷ ᠢᠶᠠᠨ ᠪᠠᠷᠢᠴᠠᠭ᠎ᠠ ᠪᠣᠯᠭᠠᠭᠰᠠᠨ ᠪᠠᠷᠢᠴᠠᠭᠠᠲᠤ ᠵᠢᠭᠡᠯᠡᠯᠭᠡ ᠶᠢᠨ ᠲᠤᠬᠠᠶᠢᠯᠠᠭᠰᠠᠨ | ᠠᠵᠢᠯ ᠢ ᠦᠷᠨᠢᠭᠦᠯᠦᠨ᠂ ᠨᠦᠬᠦᠴᠡᠯ ᠳᠤ ᠨᠡᠶᠢᠴᠡᠭᠰᠡᠨ ᠳᠤᠮᠳᠠ ᠵᠢᠵᠢᠭ ᠬᠡᠪᠴᠢᠶᠡᠨ ᠤ ᠮᠠᠯᠵᠢᠯ ᠤᠨ ᠲᠠᠯᠠᠪᠠᠢ ᠶᠢᠨ | ᠵᠢᠭᠡᠯᠡᠯᠭᠡ ᠶᠢ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠳᠤ ᠣᠷᠣᠭᠤᠯᠵᠤ | ᠲᠡᠮᠵᠢᠯᠬᠡ ᠦᠵᠡᠭᠦᠯᠦᠨ᠎ᠡ᠃ ᠰᠦ ᠰᠠᠭᠠᠯᠢ ᠶᠢᠨ ᠦᠢᠯᠡᠰ ᠤᠨ ᠭᠤᠣᠯ ᠭᠠᠷᠤᠯᠲᠠ ᠶᠢᠨ ᠣᠷᠣᠨ᠂ ᠲᠠᠷᠢᠶᠠᠯᠠᠩ ᠮᠠᠯ | ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠺᠣᠮᠫᠠᠨᠢ᠂ ᠣᠷᠣᠨ ᠨᠤᠲᠤᠭ ᠤᠨ ᠵᠠᠰᠠᠭ ᠤᠨ | ᠣᠷᠳᠣᠨ ᠪᠣᠯᠣᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠤᠯᠪᠣᠭᠠᠯᠠᠬᠤ ᠠᠷᠭ᠎ᠠ ᠬᠡᠯᠪᠡᠷᠢ ᠪᠠᠷ | ᠳᠠᠮᠵᠢᠭᠤᠯᠵᠤ᠂ ︽ᠵᠠᠰᠠᠭ ᠪᠠᠩᠬᠢ ᠳᠠᠭᠠᠭᠠᠯᠲᠠ︾ ᠶᠢᠨ ᠲᠤᠬᠠᠶᠢᠯᠠᠭᠰᠠᠨ ᠠᠵᠢᠯ ᠤᠨ ᠵᠠᠭᠪᠤᠷ ᠢ ᠬᠡᠷᠡᠭᠯᠡᠵᠦ ᠪᠠᠶᠢᠭᠠᠳ | ᠳᠠᠭᠠᠭᠠᠯᠲᠠ ᠪᠠᠷ ᠢᠲᠡᠭᠡᠮᠵᠢ ᠶᠢ ᠨᠢ ᠨᠡᠮᠡᠭᠳᠡᠭᠦᠯᠬᠦ ᠲᠡᠮᠵᠢᠯᠬᠡ ᠦᠵᠡᠭᠦᠯᠦᠨ᠎ᠡ᠃ ᠲᠥᠭᠰᠢᠭᠦᠷᠢ ᠶᠢᠨ ᠲᠦᠯᠦᠪᠦᠷᠢ | ᠥᠭᠬᠦ᠂ ᠳᠠᠮ ᠬᠦᠦ ᠮᠦᠩᠭᠦ ᠲᠥᠯᠥᠬᠦ᠂ ᠨᠡᠮᠡᠭᠦᠷᠢ ᠶᠢᠨ ᠳᠠᠭᠠᠭᠠᠯᠲᠠ ᠶᠢᠨ ᠵᠠᠷᠤᠳᠠᠯ ᠵᠡᠷᠭᠡ ᠲᠥᠷᠥᠯ ᠵᠦᠢᠯ ᠤᠨ | ᠲᠤᠷᠰᠢᠯᠲᠠ ᠶᠢᠨ ᠴᠡᠭ ᠢ ᠰᠦᠪᠡᠭᠴᠢᠯᠡᠨ ᠦᠷᠨᠢᠭᠦᠯᠵᠦ᠂ ᠲᠥᠭᠰᠢᠭᠦᠷᠢ ᠶᠢᠨ ᠲᠥᠯᠥᠪᠦᠷᠢ ᠶᠢᠨ ᠪᠡᠯᠡ ᠮᠦᠩᠭᠦ ᠶᠢᠨ | ᠳᠠᠬᠢᠨ ᠲᠤᠭ᠎ᠠ ᠶᠢ ᠨᠢ ᠠᠭᠤᠵᠢᠭᠤ ᠪᠣᠯᠭᠠᠵᠤ᠂ ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠨ ᠶᠠᠳᠠᠭᠤ ᠶᠢ | ᠳᠡᠳᠬᠦᠬᠦ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠮᠤ ᠬᠡᠯᠪᠡᠷᠢ ᠶᠢᠨ ᠰᠦ ᠰᠠᠭᠠᠯᠢ ᠶᠢᠨ | ᠪᠣᠯᠪᠠᠰᠤᠷᠠᠭᠤᠯᠬᠤ ᠠᠵᠤ ᠠᠬᠤᠶᠢᠯᠠᠯ ᠪᠣᠯᠣᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠪᠡᠯᠡ | ᠣᠷᠤᠭᠤᠯᠤᠯᠲᠠ ᠪᠠᠨ ᠨᠡᠮᠡᠭᠳᠡᠭᠦᠯᠵᠦ᠂ ᠰᠦ ᠰᠠᠭᠠᠯᠢ ᠶᠢᠨ ᠦᠢᠯᠡᠰ ᠤᠨ ᠵᠣᠬᠢᠴᠠᠩᠭᠤᠢ ᠬᠦᠭᠵᠢᠬᠦ ᠶᠢ ᠠᠬᠢᠭᠤᠯᠤᠨ᠎ᠠ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |