ᠤᠷᠠᠳ ᠤᠨ ᠬᠤᠶᠢᠲᠤ ᠬᠤᠰᠢᠭᠤᠨ ᠤ ᠬᠢᠯᠢ ᠳᠣᠲᠣᠷ᠎ᠠ ᠳᠡᠯᠡᠬᠡᠶ ᠶᠢᠨ ᠮᠥᠬᠦᠬᠦ ᠰᠢᠬᠠᠭᠰᠠᠨ ᠬᠡᠭᠡᠷ᠎ᠡ ᠶᠢᠨ ᠤᠷᠭᠤᠮᠠᠯ — ᠨᠢᠴᠦᠭᠦᠨ ᠵᠢᠮᠢᠰᠲᠤ ᠮᠤᠳᠤ ᠶᠢ ᠢᠯᠡᠷᠡᠬᠦᠯᠪᠡ
ᠨᠡᠶᠢᠲᠡᠯᠡᠭᠰᠡᠨ ᠴᠠᠭ᠄
2020/7/1
     6 ᠰᠠᠷ᠎ᠠ ᠶᠢᠨ 4᠎ ᠤ ᠡᠳᠦᠷ᠂ ᠬᠤᠲᠠ ᠶᠢᠨ ᠣᠢ ᠰᠢᠭᠤᠶ ᠶᠢᠨ ᠦᠷ᠎ᠡ ᠴᠢᠬᠢ ᠪᠤᠶᠢᠵᠢᠭᠤᠯᠬᠤ ᠥᠷᠲᠡᠭᠡ ᠤᠷᠠᠳ ᠤᠨ ᠬᠤᠶᠢᠲᠤ ᠬᠤᠰᠢᠭᠤᠨ ᠤ ᠴᠢᠩᠱᠠᠨ ᠪᠠᠯᠭᠠᠰᠤᠨ ᠤ ᠤᠯᠠᠭᠠᠨ ᠬᠤᠰᠢᠭᠤ ᠭᠠᠴᠠᠭᠠᠨ ᠳᠤ ᠮᠤᠳᠤᠨ ᠤ ᠦᠯᠢᠭᠡᠷ ᠴᠤᠭᠯᠠᠭᠤᠯᠬᠤ ᠦᠶᠡᠰ᠂ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠮᠥᠬᠦᠬᠦ ᠰᠢᠬᠠᠭᠰᠠᠨ ᠪᠣᠳᠠᠰ ᠤᠨ ᠳᠦᠷᠰᠦ᠂ ᠭᠤᠷᠪᠠᠳᠠᠭᠴᠢ ᠭᠠᠯᠪᠠ ᠶᠢᠨ ᠡᠷᠲᠡᠨ ᠤ ᠦᠢᠯᠡᠳᠦᠭᠳᠡᠯ ᠪᠣᠳᠠᠰ ᠤᠨ ᠲᠥᠷᠥᠯ —ᠨᠢᠴᠦᠭᠦᠨ ᠵᠢᠮᠢᠰᠲᠤ ᠮᠤᠳᠤ ᠶᠢ  ᠢᠯᠡᠷᠡᠬᠦᠯᠦᠭᠰᠡᠨ ᠪᠠᠶᠢᠨ᠎ᠠ᠂ ᠣᠳᠣ ᠠᠳᠡ ᠵᠥᠪᠬᠡᠨ 8 ᠪᠤᠲᠠ ᠪᠤᠢ᠃      ᠨᠢᠴᠦᠭᠦᠨ ᠵᠢᠮᠢᠰᠲᠤ ᠮᠤᠳᠤ ᠪᠣᠯ ᠬᠤᠯᠤᠰᠤᠨ ᠢᠵᠠᠭᠤᠷ ᠤᠨ ᠨᠠᠪᠴᠢ ᠵᠤᠯᠭᠠᠷᠠᠬᠤ ᠵᠢᠵᠢᠭ ᠪᠤᠲᠠ ᠮᠣᠳᠣ ᠪᠣᠯᠤᠨ᠎ᠠ᠃ ᠬᠠᠶᠢᠷᠬᠠᠭ ᠴᠦᠯᠯᠡᠷᠬᠡᠭ ᠣᠷᠣᠨ ᠤ ᠴᠢᠬᠤᠯᠠ ᠤᠷᠭᠤᠮᠠᠯ ᠤᠨ ᠲᠥᠷᠥᠯ᠂ ᠣᠷᠣᠰᠢᠨ ᠲᠣᠭᠲᠠᠨᠢᠬᠤ ᠥᠬᠦᠴᠡᠯ ᠮᠠᠭᠤ ᠠᠴᠠ ᠪᠣᠯᠵᠤ᠂ ᠦᠷ᠎ᠡ ᠶᠢᠨ ᠪᠤᠶᠢᠵᠢᠯᠳᠠ ᠶᠢᠨ ᠨᠤᠷᠮ᠎ᠠ ᠲᠤᠷᠤᠭᠰᠢᠯᠠᠵᠤ᠂ ᠳᠤᠮᠳᠠᠳᠤ ᠤᠯᠤᠰ ᠤᠨ ᠤᠷᠭᠤᠮᠠᠯ ᠤᠨ ᠳᠠᠩᠰᠠ ᠡᠪᠬᠡᠮᠡᠯ ᠳᠤ ᠬᠤᠪᠣᠷ ᠴᠤᠬᠠᠭ ᠤᠷᠭᠤᠮᠠᠯ ᠬᠡᠮᠡᠭᠳᠡᠵᠡᠢ᠃ 1987 ᠣᠨ ᠳᠤ ᠠᠩᠬᠠᠨ ᠤ ᠪᠦᠯᠦᠭ ᠤᠨ ᠤᠯᠤᠰ ᠤᠨ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠬᠠᠮᠠᠭᠠᠯᠠᠬᠤ ᠤᠷᠭᠤᠮᠠᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠵᠠᠶ︔ 1997 ᠣᠨ ᠳᠤ ᠤᠯᠤᠰ ᠤᠨ ᠣᠶ ᠰᠢᠭᠤᠶ ᠶᠢᠨ ᠲᠣᠪᠴᠢᠶ᠎ᠠ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠦᠶ᠎ᠡ ᠳᠤ ᠮᠦᠨ ᠤᠯᠤᠰ ᠤᠨ ᠨᠢᠭᠡᠳᠦᠭᠡᠷ ᠳᠡᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠭᠡᠵᠦ ᠲᠣᠭᠲᠠᠭᠠᠪᠠ᠃ ︵ᠪᠠᠶᠠᠨᠨᠠᠭᠤᠷ ᠬᠤᠲᠠ ᠶᠢᠨ ᠣᠶ ᠰᠢᠭᠤᠶ ᠪᠠ ᠨᠤᠳᠤᠭ ᠪᠡᠯᠴᠢᠭᠡᠷ ᠤᠨ ᠲᠣᠪᠴᠢᠶ᠎ᠠ᠄ ᠵᠠᠩ ᠶᠠᠨ ᠵᠧᠨ︔ ᠤᠷᠠᠳ ᠤᠨ ᠬᠤᠶᠢᠲᠤ ᠬᠤᠰᠢᠭᠤᠨ ᠤ ᠣᠢ ᠰᠢᠭᠤᠶ ᠪᠠ ᠨᠤᠳᠤᠭ ᠪᠡᠯᠴᠢᠭᠡᠷ ᠤᠨ ᠲᠣᠪᠴᠢᠶ᠎ᠠ᠄ ᠵᠣᠣ ᠸᠧᠨ ᠲᠤᠤ︶
 
ᠢᠷᠡᠯᠲᠡ᠄ ᠪᠠᠶᠠᠨᠨᠠᠭᠤᠷ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号