1917 ᠤᠨ ᠤ 6 ᠰᠠᠷ᠎ᠠ ᠳᠤ᠂ ᠤᠮᠠᠷᠠᠳᠤ ᠶᠢᠨ ᠵᠠᠰᠠᠭ ᠤᠨ ᠤᠷᠳᠤᠨ ᠠᠴᠠ ᠿᠧ ᠡᠾᠧ᠂ ᠰᠦᠢᠶᠤᠸᠠᠨ᠂ | ᠴᠠᠬᠠᠷ ᠢ ᠭᠤᠷᠪᠠᠨ ᠤᠨᠴᠠᠭᠠᠢ ᠤᠷᠤᠨ ᠪᠤᠯᠭᠠᠵᠤ᠂ ᠢᠷᠭᠡᠨ ᠤᠯᠤᠰ ᠤᠨ ᠠᠷᠪᠠᠨ ᠳᠤᠯᠤᠳᠤᠭᠠᠷ ᠤᠨ ︵1928︶ | ᠤ ᠶᠢᠰᠤᠨ ᠰᠠᠷ᠎ᠠ ᠳᠤ᠂ ᠭᠤᠮᠢᠨᠳᠠᠩ ᠤᠨ ᠵᠠᠰᠠᠭ ᠤᠨ ᠤᠷᠳᠤᠨ ᠠᠴᠠ ᠭᠤᠷᠪᠠᠨ ᠤᠨᠴᠠᠭᠠᠢ ᠤᠷᠤᠨ ᠢ ᠮᠤᠵᠢ | ᠪᠤᠯᠭᠠᠨ ᠦᠭᠡᠷᠡᠴᠢᠯᠡᠵᠤ ᠴᠠᠬᠠᠷ ᠨᠠᠢᠮᠠᠨ ᠬᠤᠰᠢᠭᠤ ᠶᠢ ᠴᠠᠬᠠᠷ ᠮᠤᠵᠢ ᠳᠤ ᠬᠠᠮᠢᠶᠠᠷᠤᠭᠤᠯᠵᠡᠢ᠃ 1935 ᠤᠨ ᠳᠤ | ᠴᠠᠬᠠᠷ ᠪᠠᠷᠠᠭᠤᠨ ᠭᠠᠷᠤᠨ ᠲᠦᠷᠪᠡᠨ ᠬᠤᠰᠢᠭᠤ ᠶᠢ ᠰᠦᠢᠶᠤᠸᠠᠨ ᠮᠤᠵᠢ ᠳᠤ ᠬᠠᠷᠢᠶᠠᠯᠠᠭᠤᠯᠵᠤ᠂ ᠲᠡᠤᠬᠡᠨ ᠳᠤ ︽ | ᠰᠦᠢᠶᠤᠸᠠᠨ ᠤ ᠵᠡᠭᠦᠨ ᠲᠦᠷᠪᠡᠨ ᠬᠤᠰᠢᠭᠤ︾ ᠭᠡᠳᠡᠭ᠃ | 1936 ᠤᠨ ᠤ 1 ᠰᠠᠷ᠎ᠠ ᠶᠢᠨ 22 ᠤ ᠡᠳᠤᠷ᠂ ᠴᠠᠬᠠᠷ ᠠᠶᠢᠮᠠᠭ ᠤᠨ ᠵᠠᠬᠢᠷᠭ᠎ᠠ ᠪᠠᠶᠢᠭᠤᠯᠤᠭᠳᠠᠪᠠ᠃ | 1937 ᠤᠨ ᠤ10 ᠰᠠᠷ᠎ᠠ ᠳᠤ ︽ᠮᠤᠩᠭᠤᠯ ᠤᠨ ᠬᠤᠯᠪᠦᠭᠠᠲᠤ ᠦᠪᠡᠷᠳᠡᠭᠡᠨ ᠵᠠᠰᠠᠬᠤ ᠵᠠᠰᠠᠭ ᠤᠨ ᠤᠷᠳᠤᠨ︾ | ᠪᠠᠶᠢᠭᠤᠯᠤᠭᠳᠠᠭᠰᠠᠨ ᠤ ᠳᠠᠷᠠᠭ᠎ᠠ᠂ ᠴᠠᠬᠠᠷ ᠵᠡᠭᠦᠨ ᠭᠠᠷᠤᠨ ᠲᠦᠷᠪᠡᠨ ᠬᠤᠰᠢᠭᠤ ᠵᠢᠴᠢ ᠱᠠᠨᠲᠤ ᠬᠤᠰᠢᠭᠤ᠂ ᠮᠢᠩᠭᠠᠨ | ᠬᠤᠰᠢᠭᠤ᠂ ᠲᠠᠶᠢᠪᠦᠰᠧ ᠵᠡᠭᠦᠨ ᠭᠠᠷᠤᠨ ᠬᠤᠰᠢᠭᠤ᠂ ᠲᠠᠶᠢᠪᠦᠰᠧ ᠪᠠᠷᠠᠭᠤᠨ ᠭᠠᠷᠤᠨ ᠬᠤᠰᠢᠭᠤ ᠶᠢ ᠴᠠᠬᠠᠷ ᠠᠶᠢᠮᠠᠭ | ᠲᠤ ᠬᠠᠷᠢᠶᠠᠯᠠᠭᠤᠯᠵᠤ᠂ ᠰᠦᠢᠶᠤᠸᠠᠨ ᠤ ᠵᠡᠭᠦᠨ ᠲᠦᠷᠪᠡᠨ ᠬᠤᠰᠢᠭᠤ ᠶᠢ ᠪᠠᠶᠠᠨᠲᠠᠯ᠎ᠠ ᠠᠶᠢᠮᠠᠭ ᠳᠤ ᠬᠠᠷᠢᠶᠠᠯᠠᠭᠤᠯᠵᠡᠢ᠃ | 1945 ᠤᠨ ᠳᠤ ᠶᠠᠫᠦᠨ ᠪᠠᠭᠤᠵᠤ ᠦᠭᠭᠦᠭᠰᠡᠨ ᠤ ᠳᠠᠷᠠᠭ᠎ᠠ ᠪᠠᠶᠠᠨᠲᠠᠯ᠎ᠠ ᠠᠶᠢᠮᠠᠭ ᠢ ᠦᠭᠡᠢ ᠪᠤᠯᠭᠠᠪᠠ᠃ | 1947 ᠤᠨ ᠤ 5 ᠰᠠᠷ᠎ᠠ ᠶᠢᠨ 1 ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ | ᠪᠠᠶᠢᠭᠤᠯᠤᠭᠳᠠᠵᠤ᠂ ᠴᠠᠬᠠᠷ ᠪᠠᠷᠠᠭᠤᠨ ᠭᠠᠷᠤᠨ ᠳᠦᠷᠪᠡᠨ ᠬᠤᠰᠢᠭᠤ ᠶᠢ ᠰᠦᠢᠶᠤᠸᠠᠨ ᠮᠤᠵᠢ ᠶᠢᠨ ᠵᠡᠭᠦᠨ ᠳᠦᠷᠪᠡᠨ | ᠬᠤᠰᠢᠭᠤᠨ ᠤ ᠬᠡᠷᠡᠭ ᠡᠷᠬᠢᠯᠡᠬᠦ ᠭᠠᠵᠠᠷ ᠲᠤ ᠬᠠᠮᠢᠶᠠᠷᠠᠭᠤᠯᠪᠠ᠃ 1950 ᠤᠨ ᠤ 1 ᠰᠠᠷ᠎ᠠ ᠶᠢᠨ 20 ᠤ ᠡᠳᠤᠷ | ᠰᠦᠢᠶᠤᠸᠠᠨ ᠮᠤᠵᠢ ᠶᠢᠨ ᠠᠷᠠᠳ ᠤᠨ ᠵᠠᠰᠠᠭ ᠤᠨ ᠤᠷᠳᠤᠨ ᠠᠴᠠ ᠵᠡᠭᠦᠨ ᠳᠦᠷᠪᠡᠨ ᠬᠤᠰᠢᠭᠤᠨ ᠤ ᠬᠡᠷᠡᠭ ᠡᠷᠬᠢᠯᠡᠬᠦ | ᠭᠠᠵᠠᠷ ᠢ ᠦᠭᠡᠢ ᠪᠤᠯᠭᠠᠵᠤ᠂ ᠲᠦᠪ ᠬᠤᠰᠢᠭᠤᠨ ᠤ ᠳᠦᠷᠢᠮ ᠢ ᠬᠡᠷᠡᠭᠵᠢᠭᠦᠯᠦᠨ᠂ ᠭᠦᠯᠦ ᠤᠯᠠᠭᠠᠨ ᠬᠤᠰᠢᠭᠤ ᠪᠠᠷ | ᠲᠦᠪ ᠬᠤᠰᠢᠭᠤ ᠪᠤᠯᠭᠠᠨ᠂ ᠮᠤᠵᠢ ᠶᠢᠨ ᠵᠠᠰᠠᠭ ᠤᠨ ᠤᠷᠳᠤᠨ ᠠᠴᠠ ᠤᠳᠤᠷᠢᠳᠤᠭᠤᠯᠪᠠ᠃ | 1952 ᠤᠨ ᠳᠤ ᠴᠠᠬᠠᠷ ᠮᠤᠵᠢ ᠶᠢ ᠦᠭᠡᠢ ᠪᠤᠯᠭᠠᠪᠠ᠂ 1954 ᠤᠨ ᠤ 3 ᠰᠠᠷ᠎ᠠ ᠶᠢᠨ 19 ᠳᠤ᠂ | ᠰᠦᠢᠶᠤᠸᠠᠨ ᠮᠤᠵᠢ ᠪᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠢ ᠬᠠᠮᠲᠤᠷᠠᠭᠤᠯᠤᠭᠠᠳ᠂ ᠰᠦᠢᠶᠤᠸᠠᠨ | ᠮᠤᠵᠢ ᠶᠢ ᠦᠭᠡᠢ ᠪᠤᠯᠭᠠᠪᠠ᠃ ᠲᠤᠰ ᠰᠠᠷ᠎ᠠ ᠳᠤ᠂ ᠵᠡᠭᠦᠨ ᠳᠦᠷᠪᠡᠨ ᠬᠤᠰᠢᠭᠤᠨ ᠤ ᠲᠦᠪ ᠬᠤᠰᠢᠭᠤ ᠶᠢ ᠦᠭᠡᠢ | ᠪᠤᠯᠭᠠᠵᠤ᠂ ᠴᠠᠬᠠᠷ ᠪᠠᠷᠠᠭᠤᠨ ᠭᠠᠷ ᠡᠮᠤᠨᠡᠳᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠ ᠬᠤᠰᠢᠭᠤ᠂ ᠴᠠᠬᠠᠷ | ᠪᠠᠷᠠᠭᠤᠨ ᠬᠤᠶᠢᠲᠤ ᠬᠤᠰᠢᠭᠤ ᠶᠢ ᠪᠠᠶᠢᠭᠤᠯᠵᠡᠢ᠃ 1958 ᠤᠨ ᠳᠤ ᠴᠠᠬᠠᠷ ᠠᠶᠢᠮᠠᠭ ᠢ ᠰᠢᠯᠢ ᠶᠢᠨ ᠭᠤᠤᠯ | ᠠᠶᠢᠮᠠᠭ ᠲᠤ ᠪᠠᠭᠲᠠᠭᠠᠨ᠂ ᠴᠠᠬᠠᠷ ᠪᠠᠷᠠᠭᠤᠨ ᠭᠠᠷᠤᠨ ᠳᠦᠷᠪᠡᠨ ᠬᠤᠰᠢᠭᠤ ᠶᠢ ᠤᠯᠠᠭᠠᠨᠴᠠᠪ ᠠᠶᠢᠮᠠᠭ ᠲᠤ | ᠪᠠᠭᠲᠠᠭᠠᠵᠠᠢ᠃ | | | ᠴᠠᠬᠠᠷ ᠪᠠᠷᠠᠭᠤᠨ ᠭᠠᠷᠤᠨ ᠳᠤᠮᠳᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ | | |