ᠡᠷᠬᠡ ᠶᠢᠨ ᠨᠡᠷᠡᠶᠢᠳᠤᠯ ᠬᠤᠪᠣᠷ ᠴᠤᠬᠠᠭ ᠤᠢ ᠮᠣᠳᠣ ᠶᠢ ᠬᠠᠤᠯᠢ ᠪᠤᠰᠤ ᠪᠠᠷ | ᠠᠷᠠᠯᠵᠢᠶᠠᠯᠠᠬᠤ᠂ ᠬᠤᠳᠠᠯᠳᠤᠨ ᠣᠷᠣᠭᠤᠯᠬᠤ᠂ ᠪᠤᠯᠪᠠᠰᠤᠷᠠᠭᠤᠯᠬᠤ ᠶᠢ ᠰᠢᠳᠬᠡᠬᠦ | ᠡᠷᠬᠡ ᠶᠢᠨ ᠲᠥᠷᠥᠯ ᠠᠩᠬᠢᠯᠠᠯ ᠵᠠᠰᠠᠭ ᠵᠠᠬᠢᠷᠭᠠᠨ ᠤ ᠰᠢᠳᠬᠡᠯᠲᠡ | ᠬᠠᠷᠢᠭᠤᠴᠠᠯᠭ᠎ᠠ ᠶᠢᠨ ᠭᠤᠣᠯ ᠴᠣᠭᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ | ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ | ᠲᠤᠭᠳᠠᠭᠠᠭᠰᠠᠨ ᠦᠨᠳᠦᠰᠦ ᠪᠠᠷᠢᠮᠲᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠣᠷ ᠴᠤᠬᠠᠭ ᠤᠢ ᠮᠣᠳᠣ ᠶᠢ ᠬᠠᠮᠠᠭᠠᠯᠠᠬᠤ | ᠳᠦᠷᠢᠮ︾ ᠤᠨ ᠬᠤᠷᠢᠳᠤᠭᠠᠷ ᠵᠦᠢᠯ ᠤᠨ ᠨᠢᠭᠡᠳᠦᠭᠡᠷ ᠵᠤᠷᠪᠤᠰ ᠄ ᠳᠤᠰ ᠳᠦᠷᠢᠮ ᠤᠨ ᠲᠣᠭᠲᠠᠭᠠᠯ ᠢ ᠵᠥᠷᠢᠴᠡᠵᠦ | ᠬᠤᠪᠣᠷ ᠴᠤᠬᠠᠭ ᠤᠢ ᠮᠣᠳᠣ ᠶᠢ ᠪᠤᠷᠤᠯᠠᠭᠤᠯᠵᠦ᠂ ᠬᠤᠳᠠᠯᠳᠤᠨ ᠤᠷᠤᠭᠤᠯᠵᠦ ᠪᠤᠯᠪᠠᠰᠤᠷᠠᠭᠤᠯᠤᠭᠰᠠᠨ ᠪᠠᠶᠢᠪᠠᠯ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠤᠪᠣᠷ ᠴᠤᠬᠠᠭ ᠤᠢ ᠮᠣᠳᠣ ᠪᠠ ᠬᠠᠤᠯᠢ ᠶᠢ ᠵᠥᠷᠢᠴᠡᠵᠦ ᠣᠯᠤᠭᠰᠠᠨ ᠣᠯᠵᠠ | ᠠᠰᠢᠭ ᠢ ᠨᠢ ᠬᠤᠷᠢᠶᠠᠵᠤ ᠠᠪᠬᠤ ᠶᠢᠨ ᠬᠠᠮᠳᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠬᠢᠨᠢ | ᠬᠤᠶᠠᠷ ᠠᠴᠠ ᠠᠷᠪᠠᠨ ᠲᠡᠬᠢᠠ ᠵᠣᠭᠤᠰ ᠢᠶᠠᠷ ᠲᠤᠷᠭᠠᠨ᠎ᠠ᠃ | ᠬᠠᠷᠢᠭᠤᠴᠠᠯᠭ᠎ᠠ ᠶᠢᠨ ᠵᠦᠢᠯᠡᠰ | 1. ᠬᠡᠷᠡᠭ ᠪᠣᠯᠭᠠᠨ ᠳᠠᠩᠰᠠᠯᠠᠬᠤ ᠬᠠᠷᠢᠭᠤᠴᠠᠯᠭ᠎ᠠ᠄ ᠡᠬᠦᠷᠭᠡ ᠲᠤᠰᠢᠶᠠᠯ ᠬᠦᠢᠴᠡᠳᠬᠡᠬᠦ ᠶᠢᠨ ᠳᠠᠭᠠᠤ ᠳᠤ | ᠤᠯᠵᠦ ᠮᠡᠳᠡᠭᠰᠡᠨ ᠪᠤᠶᠤ ᠢᠯᠡᠴᠢᠯᠡᠨ ᠮᠡᠳᠡᠬᠦᠯᠦᠯᠳᠠ᠂ ᠵᠠᠭᠠᠯᠳᠤᠯᠭ᠎ᠠ᠂ ᠰᠢᠯᠵᠢᠭᠦᠯᠦᠨ ᠬᠦᠷᠭᠡᠭᠰᠡᠨ᠂ ᠳᠡᠭᠡᠷ᠎ᠡ | ᠱᠠᠲᠤᠨ ᠳᠤ ᠲᠤᠰᠢᠶᠠᠨ ᠰᠢᠶᠳᠪᠦᠷᠢᠯᠡᠭᠦᠯᠦᠭᠰᠡᠨ᠂ ᠰᠠᠨᠠᠭᠠᠴᠢᠯᠠᠭ᠎ᠠ ᠠᠴᠠ ᠪᠠᠨ ᠮᠡᠳᠡᠬᠦᠯᠦᠭᠰᠡᠨ ᠵᠡᠷᠭᠡ ᠤᠢ | ᠰᠢᠭᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠦᠷᠢᠴᠡᠭᠰᠡᠨ ᠬᠠᠦᠯᠢ ᠪᠤᠰᠤ ᠦᠢᠯᠡ ᠠᠵᠢᠯᠯᠠᠭ᠎ᠠ ᠶᠢ | ᠬᠦᠯᠢᠶᠠᠨ ᠠᠪᠤᠭᠰᠠᠨ ᠪᠠᠶᠢᠪᠠᠯ᠂ ᠬᠢᠨᠠᠨ ᠪᠠᠶᠢᠴᠠᠭᠠᠵᠦ ᠬᠡᠷᠡᠭ ᠪᠣᠯᠭᠠᠨ ᠳᠠᠩᠰᠠᠯᠠᠬᠤ ᠡᠰᠡᠬᠦ ᠪᠠᠨ ᠲᠤᠭᠳᠠᠭᠠᠨ᠎ᠠ᠃ 2. | ᠪᠠᠶᠢᠴᠠᠭᠠᠬᠤ ᠬᠠᠷᠢᠭᠤᠴᠠᠯᠭ᠎ᠠ᠄ ᠬᠡᠷᠡᠭ ᠤᠨ ᠳᠠᠩᠰᠠᠯᠠᠯᠳᠠ ᠶᠢ ᠲᠤᠰᠬᠠᠶ ᠬᠥᠮᠦᠨ ᠢᠶᠠᠷ ᠬᠠᠷᠢᠭᠤᠴᠠᠭᠤᠯᠵᠦ᠂ ᠴᠠᠭ | ᠲᠤᠬᠠᠶ ᠳᠤᠨᠢ ᠪᠠᠶᠢᠴᠠᠭᠠᠨ ᠭᠡᠷᠡᠴᠢ ᠠᠪᠴᠤ᠂ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ᠂ ᠲᠤᠬᠠᠶ ᠶᠢᠨ | ᠬᠥᠮᠦᠨ ᠤ ᠵᠦᠪᠳᠡᠭᠡᠨ ᠲᠣᠭᠠᠴᠢᠯᠲᠠ ᠶᠢ ᠰᠣᠨᠣᠰᠬᠤ ᠪᠥᠭᠡᠳ ᠲᠡᠮᠳᠡᠭᠯᠡᠯ ᠬᠢᠨ᠎ᠡ᠃ ᠬᠠᠤᠯᠢ ᠬᠡᠷᠡᠭᠵᠢᠭᠦᠯᠬᠦ | ᠠᠵᠢᠯᠲᠠᠨ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠨ᠎ᠠ᠃ 3. ᠬᠢᠨᠠᠨ ᠪᠠᠶᠢᠴᠠᠭᠠᠬᠤ ᠬᠠᠷᠢᠭᠤᠴᠠᠯᠭ᠎ᠠ᠄ | ᠬᠠᠤᠯᠢ ᠠᠴᠠ ᠵᠥᠷᠢᠴᠡᠭᠰᠡᠨ ᠪᠣᠳᠠᠲᠤ ᠪᠠᠶᠢᠳᠠᠯ᠂ ᠭᠡᠷᠡᠴᠢ ᠪᠠᠷᠢᠮᠲᠠ᠂ ᠭᠡᠷᠡᠴᠢ ᠠᠪᠬᠤ ᠵᠢᠷᠤᠮ᠂ ᠬᠠᠤᠯᠢ | ᠴᠠᠭᠠᠵᠠ ᠶᠢᠨ ᠲᠤᠬᠢᠷᠠᠯᠲᠠ᠂ ᠰᠢᠳᠭᠡᠯ ᠤᠨ ᠲᠥᠷᠥᠯ ᠵᠦᠢᠯ ᠪᠤᠯᠤᠨ ᠦᠷᠭᠡᠴᠡ᠂ ᠲᠤᠬᠠᠶ ᠶᠢᠨ ᠬᠥᠮᠦᠨ ᠤ | ᠲᠣᠭᠠᠴᠢᠯᠲᠠ ᠬᠢᠬᠦ ᠪᠠ ᠵᠥᠪᠲᠦᠭᠡᠨ ᠲᠣᠳᠣᠷᠬᠠᠶᠢᠯᠠᠬᠤ ᠤᠴᠢᠷ ᠰᠢᠯᠲᠠᠭᠠᠨ ᠵᠡᠷᠭᠡ ᠶᠢ ᠬᠢᠨᠠᠨ ᠪᠠᠶᠢᠴᠠᠭᠠᠵᠤ᠂ | ᠰᠢᠶᠳᠪᠦᠷᠢᠯᠡᠬᠦ ᠰᠠᠨᠠᠯ ᠢᠶᠠᠨ ᠲᠤᠷᠠᠳᠤᠨ᠎ᠠ᠃ 4. ᠮᠡᠳᠡᠭᠳᠡᠬᠦ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠳᠬᠡᠯ ᠥᠭᠬᠦ | ᠲᠣᠭᠲᠠᠭᠠᠯ ᠭᠠᠷᠭᠠᠬᠤ ᠠᠴᠠ ᠡᠮᠦᠨ᠎ᠡ᠂ ᠲᠤᠬᠠᠶ ᠶᠢᠨ ᠬᠥᠮᠦᠨ ᠳᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ᠂ | ᠤᠴᠢᠷ ᠰᠢᠯᠲᠠᠭᠠᠨ ᠪᠠ ᠦᠨᠳᠦᠰᠦ ᠪᠠᠷᠢᠮᠲᠠ ᠵᠢᠴᠢ ᠲᠣᠭᠠᠴᠢᠯᠲᠠ ᠬᠢᠬᠦ ᠡᠷᠬᠡ ᠪᠠ ᠵᠥᠪᠲᠦᠭᠡᠨ ᠲᠣᠳᠣᠷᠬᠠᠶᠢᠯᠠᠬᠤ | ᠡᠷᠬᠡ ᠶᠢ ᠪᠢᠴᠢᠭ ᠢᠶᠠᠷ ᠮᠡᠳᠡᠭᠳᠡᠨ᠎ᠡ᠃ ᠰᠠᠨᠠᠯ ᠰᠣᠨᠣᠰᠬᠤ ᠨᠥᠬᠦᠴᠡᠯ ᠳᠤ ᠨᠡᠶᠢᠴᠡᠭᠰᠡᠳ ᠲᠤ ᠲᠡᠭᠦᠨ ᠤ ᠬᠡᠷᠡᠴᠢᠯᠡᠭᠡ | ᠰᠤᠨᠤᠰᠬᠤ ᠡᠷᠬᠡ ᠶᠢ ᠮᠡᠳᠡᠭᠳᠡᠬᠦ ᠬᠡᠷᠡᠭᠳᠡᠢ᠂ ᠭᠡᠷᠡᠴᠢᠯᠡᠭᠡ ᠰᠣᠨᠣᠰᠬᠤ ᠪᠠᠷ ᠱᠠᠭᠠᠷᠳᠠᠭᠰᠠᠳ ᠢ ᠲᠣᠭᠲᠠᠭᠠᠯ ᠶᠣᠰᠣᠭᠠᠷ | ᠵᠣᠬᠢᠶᠠᠨ ᠪᠠᠶᠢᠭᠤᠯᠵᠤ ᠭᠡᠷᠡᠴᠢᠯᠡᠭᠡ ᠰᠤᠨᠤᠰᠤᠭᠤᠯᠬᠤ ᠬᠡᠷᠡᠭᠲᠡᠶ᠃ 5. ᠰᠢᠶᠳᠪᠦᠷᠢᠲᠦ ᠪᠤᠳᠤᠯᠭ᠎ᠠ ᠲᠣᠭᠲᠠᠭᠠᠬᠤ | ᠬᠠᠷᠢᠭᠤᠴᠠᠯᠭ᠎ᠠ᠄ ᠴᠢᠬᠤᠯᠠ ᠶᠡᠭᠡ ᠵᠠᠰᠠᠭ ᠵᠠᠬᠢᠷᠭᠠᠨ ᠤ ᠰᠢᠳᠬᠡᠯ ᠥᠭᠭᠦᠭᠰᠡᠨ ᠢ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠠᠮᠲᠤ ᠪᠠᠷ ᠶᠠᠷᠢᠯᠴᠠᠵᠤ᠂ ᠰᠢᠳᠬᠡᠨ ᠲᠣᠷᠭᠠᠬᠤ ᠪᠣᠳᠠᠲᠠᠶ ᠠᠭᠤᠯᠭ᠎ᠠ ᠶᠢ ᠲᠤᠭᠳᠠᠭᠠᠨ᠎ᠠ᠃ 6. | ᠬᠠᠷᠢᠭᠤᠴᠠᠯᠭ᠎ᠠ ᠲᠣᠭᠲᠠᠭᠠᠨ᠎ᠠ᠄ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠵᠤᠬᠢᠶᠠᠵᠦ᠂ ᠵᠠᠰᠠᠭ | ᠵᠠᠬᠢᠷᠭᠠᠨ ᠤ ᠰᠢᠳᠬᠡᠯ ᠤᠨ ᠮᠡᠳᠡᠭᠳᠡᠯ ᠂ ᠲᠤᠬᠠᠶ ᠶᠢᠨ ᠬᠥᠮᠦᠨ ᠤ ᠲᠣᠭᠠᠴᠢᠭᠰᠠᠨ ᠵᠥᠪᠲᠦᠭᠡᠨ ᠲᠤᠳᠤᠷᠬᠠᠶᠢᠯᠠᠯ ᠪᠤᠶᠤ | ᠭᠡᠷᠡᠴᠢᠯᠡᠭᠡ ᠰᠤᠨᠤᠰᠤᠭᠰᠠᠨ ᠪᠠᠶᠢᠳᠠᠯ ᠵᠡᠷᠭᠡ ᠠᠭᠤᠯᠭ᠎ᠠ ᠶᠢ ᠲᠣᠳᠣᠷᠬᠠᠶ ᠲᠡᠮᠳᠡᠭᠯᠡᠨ᠎ᠡ᠃ 7. ᠬᠦᠷᠭᠡᠬᠦ | ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠬᠠᠤᠯᠢ ᠴᠠᠭᠠᠵᠠ ᠳᠤ | ᠲᠣᠭᠲᠠᠭᠠᠭᠰᠠᠨ ᠠᠷᠭ᠎ᠠ ᠮᠠᠶ᠋ᠢᠭ ᠢᠶᠠᠷ ᠲᠤᠬᠠᠶ ᠶᠢᠨ ᠬᠥᠮᠦᠨ ᠳᠤ ᠬᠦᠷᠭᠡᠨ᠎ᠡ᠃ 8. ᠭᠦᠢᠴᠡᠳᠬᠡᠬᠦ ᠬᠠᠷᠢᠭᠤᠴᠠᠯᠭ᠎ᠠ᠄ | ᠬᠦᠴᠦᠨ ᠪᠦᠬᠦᠢ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠤᠨ ᠶᠣᠰᠣᠭᠠᠷ᠂ ᠵᠠᠷᠯᠢᠭᠳᠠᠵᠤ ᠪᠠᠶᠢᠭᠠᠳ | ᠵᠠᠯᠠᠷᠠᠭᠤᠯᠵᠤ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ᠂ ᠵᠣᠭᠤᠰ ᠢᠶᠠᠷ | ᠲᠣᠷᠭᠠᠬᠤ ᠵᠡᠷᠭᠡ ᠰᠢᠳᠬᠡᠯ ᠥᠭᠬᠦ ᠵᠦᠢᠯᠡᠰ ᠢ ᠲᠣᠳᠣᠷᠬᠠᠶᠢᠯᠠᠭᠰᠠᠨ ᠪᠠᠶᠢᠬᠤ ᠬᠡᠷᠡᠭᠲᠡᠶ᠃ 9. ᠪᠤᠰᠤᠳ ᠬᠠᠤᠯᠢ | ᠴᠠᠭᠠᠵᠠ ᠬᠠᠤᠯᠢ ᠲᠣᠭᠲᠠᠭᠠᠯ ᠤᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ᠃ | | ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠬᠠᠤᠯᠢ︾ | ᠶᠢᠨ ᠬᠤᠷᠢ ᠶᠢᠰᠦᠳᠦᠭᠡᠷ ᠵᠤᠷᠪᠤᠰ ᠬᠡᠭᠡᠷ᠎ᠡ ᠶᠢᠨ ᠤᠷᠭᠤᠮᠠᠯ ᠢ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ | ᠰᠠᠯᠠᠭ᠎ᠠ ᠮᠥᠴᠢᠷ ᠤᠨ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ | ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ︔ ᠬᠠᠷᠠᠬᠠᠨ ᠶᠠᠯ᠎ᠠ | ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ | ᠵᠢᠷᠭᠤᠳᠤᠭᠠᠷ ᠵᠤᠷᠪᠤᠰ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠤᠢ ᠰᠢᠭᠤᠶ ᠶᠢ ᠬᠢᠨᠠᠨ ᠬᠠᠮᠢᠶᠠᠷᠬᠤ | ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠪᠣᠯᠤᠨ ᠲᠦᠷᠦ | ᠶᠢᠨ ᠪᠠᠶᠢᠭᠤᠯᠭ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ | ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ︔ ᠬᠠᠷᠠᠬᠠᠨ ᠶᠠᠯ᠎ᠠ | ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ ᠃ |