ᠨᠢᠭᠡ᠂ ᠠᠬᠤᠢ ᠪᠠᠶᠢᠳᠠᠯ ᠵᠢᠴᠢ ᠠᠴᠢ ᠬᠤᠯᠪᠣᠭᠳᠠᠯ | 2015 ᠣᠨ ᠳᠤ᠂ ᠦᠪᠡᠷᠲᠡᠭᠡᠨ ᠵᠠᠰᠠᠬᠤ ᠣᠷᠣᠨ ᠠᠴᠠ ᠮᠠᠨ ᠤ ᠣᠷᠣᠨ ᠤ ᠤᠯᠤᠰ ᠤᠨ ᠦᠮᠴᠢᠯᠠᠯᠲᠤ | ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ | ᠥᠭᠬᠦ ᠠᠵᠢᠯᠯᠠᠭ᠎ᠠ ᠶᠢ ᠵᠢᠷᠤᠮᠵᠢᠭᠤᠯᠬᠤ ᠪᠢᠴᠢᠭ ᠮᠠᠲ᠋ᠧᠷᠢᠶᠠᠯ ᠭᠠᠷᠭᠠᠪᠠ᠃ 2016 ᠣᠨ ᠤ 6 ᠳ᠋ᠤᠭᠠᠷ ᠰᠠᠷ᠎ᠠ ᠶᠢᠨ | 24 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠡᠳ᠋ ᠤᠨ ᠵᠠᠰᠠᠭ ᠤᠨ ᠶᠠᠮᠦᠨ ᠠᠴᠠ ︽ᠠᠵᠤ ᠠᠬᠤᠶᠢᠯᠠᠯ ᠤᠨ ᠤᠯᠤᠰ ᠤᠨ | ᠦᠮᠴᠢᠯᠡᠯᠲᠦ ᠪᠡᠯᠡ ᠬᠦᠷᠦᠩᠭᠡ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠳᠦᠷᠢᠮ︾ ︵ᠲᠥᠷᠥ ᠶᠢᠨ | ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ | ᠂ ᠡᠳ᠋ ᠤᠨ ᠵᠠᠰᠠᠭ ᠤᠨ ᠶᠠᠮᠦᠨ ᠤ ᠵᠠᠷᠯᠢᠭ 32 ᠳ᠋ᠤᠭᠠᠷ ᠲᠣᠭᠠᠲᠤ︶ ᠢ ᠲᠣᠭᠲᠠᠭᠠᠵᠤ ᠳᠠᠷᠤᠮᠠᠯᠯᠠᠨ ᠲᠠᠷᠬᠠᠭᠠᠭᠠᠳ | ᠤᠤᠯ ᠤᠨ ︽ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ ᠦᠮᠴᠢᠯᠡᠬᠦ ᠡᠷᠬᠡ ᠶᠢ | ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ | ᠬᠤᠷᠢᠶᠠᠨ ᠤ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠡᠳ᠋ ᠤᠨ | ᠵᠠᠰᠠᠭ ᠤᠨ ᠶᠠᠮᠦᠨ ᠤ ᠵᠠᠷᠯᠢᠭ 3 ᠳ᠋ᠤᠭᠠᠷ ᠲᠣᠭᠠᠲᠤ︶ ᠶᠢ ᠬᠦᠴᠦᠨ ᠦᠭᠡᠢ ᠪᠣᠯᠭᠠᠪᠠ᠃ 2018 ᠣᠨ ᠤ 6 | ᠳ᠋ᠤᠭᠠᠷ ᠰᠠᠷ᠎ᠠ ᠶᠢᠨ 1 ᠤ ᠡᠳᠦᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠵᠤ | ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠢ | ᠵᠢᠩᠬᠢᠨᠢ ᠪᠠᠷ ᠡᠬᠢᠯᠡᠨ ᠬᠡᠷᠡᠭᠵᠢᠭᠦᠯᠪᠡ᠃ ᠡᠳᠡᠭᠡᠷ ᠳᠡᠭᠡᠳᠦ ᠪᠠᠶᠢᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠳᠤ | ᠬᠤᠪᠢᠷᠠᠯᠲᠠ ᠭᠠᠷᠤᠭᠰᠠᠨ ᠪᠠᠶᠢᠳᠠᠯ ᠳᠤ ᠰᠠᠭᠤᠷᠢᠯᠠᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠪᠢᠴᠢᠭ | ᠮᠠᠲ᠋ᠧᠷᠢᠶᠠᠯ ᠳᠤ ᠵᠠᠰᠠᠪᠤᠷᠢ ᠣᠷᠤᠭᠤᠯᠬᠤ ᠴᠢᠬᠤᠯᠠᠲᠠᠢ ᠪᠣᠯᠪᠠ᠃ ᠡᠭᠦᠨ ᠤ ᠬᠠᠮᠲᠤ᠂ ᠨᠡᠭᠦᠷᠡᠰᠦᠨ ᠤ ᠡᠬᠢ | ᠪᠠᠶᠠᠯᠢᠭ ᠤᠨ ᠬᠦᠷᠢᠶ᠎ᠡ ᠴᠠᠷᠠᠭᠠᠨ ᠤ ᠲᠦᠪᠯᠡᠷᠡᠭᠦᠯᠦᠨ ᠴᠡᠭᠴᠡᠯᠡᠵᠦ ᠵᠠᠰᠠᠬᠤ ᠶᠠᠪᠤᠴᠠ ᠳᠤ ᠢᠯᠡᠷᠡᠭᠦᠯᠦᠭᠰᠡᠨ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠮᠴᠢᠯᠡᠬᠦ ᠡᠷᠬᠡ ᠶᠢ ᠰᠢᠯᠵᠢᠭᠦᠯᠦᠨ ᠥᠭᠬᠦ ᠬᠡᠯᠪᠡᠷᠢ ᠪᠠᠷ | ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠡᠯᠪᠡᠷᠢ ᠶᠢ ᠨᠢ ᠦᠭᠡᠷᠡᠲᠦᠭᠦᠯᠦᠨ ᠳᠣᠣᠷ᠎ᠠ ᠦᠨ᠎ᠡ ᠪᠠᠷ | ᠰᠢᠯᠵᠢᠭᠦᠯᠦᠨ ᠥᠭᠬᠦ ᠠᠰᠠᠭᠤᠳᠠᠯ ᠳᠤ ᠴᠢᠭᠯᠡᠭᠦᠯᠵᠦ᠂ ᠲᠡᠭᠦᠨ ᠢ ᠵᠢᠷᠤᠮᠵᠢᠭᠤᠯᠬᠤ ᠶᠢᠨ ᠲᠤᠰᠠᠳᠠ᠂ ᠦᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ 2020 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ︽ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ | ᠠᠵᠢᠯᠯᠠᠬᠤ ᠪᠠ ᠰᠢᠯᠵᠢᠭᠦᠯᠦᠨ ᠥᠭᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ | ᠪᠦᠬᠦᠢ ᠤᠴᠢᠷ ᠤᠨ ᠲᠤᠬᠠᠶ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2020﹈ 31 ᠳ᠋ᠦ᠋ᠭᠡᠷ | ᠲᠣᠭᠠᠲᠤ︶ ᠢ ᠳᠠᠷᠤᠮᠠᠯᠯᠠᠨ ᠶᠠᠪᠤᠭᠤᠯᠪᠠ᠃ ᠡᠳᠦᠭᠡ ᠠᠭᠤᠯᠭ᠎ᠠ ᠳᠤ ᠨᠢ ᠳᠠᠷᠠᠭᠠᠬᠢ ᠮᠡᠲᠦ ᠲᠠᠶᠢᠯᠤᠮᠵᠢ ᠬᠢᠪᠡ᠃ | ᠬᠤᠶᠠᠷ᠂ ᠭᠤᠣᠯ ᠠᠭᠤᠯᠭ᠎ᠠ ᠲᠣᠬᠢᠷᠠᠭᠤᠯᠤᠨ ᠬᠡᠷᠡᠭᠯᠡᠬᠦ ᠬᠡᠪᠴᠢᠶ᠎ᠡ᠄ | ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠭᠤᠷᠬᠠᠢ ᠶᠢᠨ ᠠᠵᠢᠯ | ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ᠃ ᠦᠪᠡᠷᠲᠡᠭᠡᠨ ᠵᠠᠰᠠᠬᠤ ᠣᠷᠣᠨ ᠤ | ᠤᠯᠤᠰ ᠤᠨ ᠦᠮᠴᠢᠯᠡᠯᠲᠦ ᠠᠵᠤ ᠠᠬᠤᠶᠢᠯᠠᠯ᠄ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠬᠠᠷᠢᠶ᠎ᠠ ᠰᠠᠯᠠᠭ᠎ᠠ ᠮᠥᠴᠢᠷ ᠨᠢᠭᠡᠴᠢ ︵ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠢ | ᠪᠠᠭᠲᠠᠨ᠎ᠠ︶ ᠨᠦᠭᠦᠳ ᠲᠦᠷᠥ ᠤᠯᠤᠰ ᠤᠨ ᠡᠮᠦᠨ᠎ᠡ ᠠᠴᠠ ᠪᠡᠯᠡ ᠭᠠᠷᠭᠠᠭᠰᠠᠨ ᠤᠯᠤᠰ ᠤᠨ ᠦᠮᠴᠢᠯᠡᠯᠲᠦ ᠲᠤᠰᠠᠭᠠᠷ | ᠪᠡᠯᠡ ᠶᠢᠨ ᠠᠵᠤ ᠠᠬᠤᠶᠢᠯᠠᠯ᠂ ᠤᠯᠤᠰ ᠤᠨ ᠦᠮᠴᠢᠯᠡᠯᠲᠦ ᠬᠤᠪᠢᠴᠠᠭ᠎ᠠ ᠶᠢ ᠡᠵᠡᠮᠳᠡᠭᠰᠡᠨ ᠠᠵᠤ ᠠᠬᠤᠶᠢᠯᠠᠯ ᠪᠠ | ᠤᠯᠤᠰ ᠠᠴᠠ ᠪᠣᠳᠠᠲᠠᠶ ᠡᠵᠡᠮᠳᠡᠵᠦ ᠪᠠᠶᠢᠭ᠎ᠠ ᠠᠵᠤ ᠠᠬᠤᠶᠢᠯᠠᠯ ᠢ ᠵᠢᠭᠠᠵᠤ ᠪᠤᠶ᠃ ᠤᠯᠤᠰ ᠤᠨ ᠦᠮᠴᠢᠯᠠᠯᠲᠤ ᠠᠵᠤ | ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ᠄ | ᠤᠯᠤᠰ ᠤᠨ ᠦᠮᠴᠢᠯᠠᠯᠲᠤ ᠠᠵᠤ ᠠᠬᠤᠶᠢᠯᠠᠯ ᠬᠤᠳᠠᠯᠳᠤᠬᠤ᠂ ᠦᠨ᠎ᠡ ᠲᠣᠭᠲᠠᠭᠠᠨ ᠪᠡᠯᠡ ᠭᠠᠷᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠬᠠᠤᠯᠢ ᠶᠣᠰᠣᠭᠠᠷ ᠣᠯᠤᠭᠰᠠᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠪᠠᠨ | ᠰᠢᠯᠵᠢᠭᠦᠯᠬᠦ ᠦᠢᠯᠡ ᠠᠵᠢᠯᠯᠠᠭ᠎ᠠ ᠶᠢ ᠵᠢᠭᠠᠵᠤ ᠪᠣᠢ᠃ | ◆ ◆ ◆ ◆ ◆ ◆ ◆ ◆ ◆ ◆ ◆ ◆ | ★ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ | ᠪᠤᠰᠤᠳ ᠬᠦᠮᠦᠨ ᠦᠨ᠎ᠡ ᠲᠥᠯᠥᠪᠦᠷᠢ ᠦᠭᠡᠶ ᠪᠠᠷ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ | ★ ᠰᠲ᠋ᠣᠺ ᠤᠨ ᠡᠷᠬᠡ ᠶᠢᠨ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠤᠯᠤᠰ ᠤᠨ ᠦᠮᠴᠢᠯᠠᠯᠲᠤ ᠠᠵᠤ | ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠦᠨ᠎ᠡ ᠲᠥᠯᠥᠪᠦᠷᠢ ᠦᠭᠡᠶ ᠪᠤᠶᠤ ᠳᠣᠤᠷ᠎ᠠ | ᠦᠨ᠎ᠡ ᠪᠠᠷ ᠰᠢᠯᠵᠢᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ | ★ ᠨᠡᠭᠦᠷᠡᠰᠦ ᠳᠤ ᠬᠤᠯᠪᠣᠭᠳᠠᠭᠰᠠᠨ ᠤᠯᠤᠰ ᠤᠨ ᠦᠮᠴᠢᠯᠠᠯᠲᠤ ᠠᠵᠤ ᠠᠬᠤᠶᠢᠯᠠᠯ ᠨᠢ ᠰᠲ᠋ᠣᠺ ᠤᠨ | ᠡᠷᠬᠡ ᠶᠢᠨ ᠬᠠᠮᠲᠤᠷᠠᠯᠴᠠᠭ᠎ᠠ ᠥᠷᠨᠢᠭᠦᠯᠦᠭᠰᠡᠨ ᠪᠠᠶᠢᠪᠠᠯ᠂ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ | ᠬᠥᠷᠥᠩᠭᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠳᠦᠷᠢᠮ ᠢ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠢ᠂ | ᠬᠤᠯᠪᠣᠭᠳᠠᠭᠰᠠᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠡᠷᠬᠡᠪᠰᠢ ᠦᠨᠡᠯᠡᠨ ᠵᠢᠱᠢᠬᠦ ᠬᠡᠪᠴᠢᠶᠡᠨ ᠳᠤ | ᠣᠷᠤᠭᠤᠯᠬᠤ ᠶᠢᠨ ᠬᠠᠮᠲᠤ᠂ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠦᠨᠡᠯᠡᠨ ᠵᠢᠱᠢᠬᠦ ᠬᠢᠷᠢ ᠴᠢᠳᠠᠮᠵᠢ ᠲᠠᠢ | ᠵᠠᠭᠤᠴᠢ ᠪᠠᠶᠢᠭᠤᠯᠤᠮᠵᠢ ᠪᠠᠷ ᠦᠨᠡᠯᠡᠨ ᠵᠢᠱᠢᠭᠦᠯᠵᠦ ᠦᠨ᠎ᠡ ᠲᠣᠭᠲᠠᠭᠠᠯᠭᠠᠬᠤ ᠬᠡᠷᠡᠭᠲᠡᠶ᠃ | ◆ ◆ ◆ ◆ ◆ ◆ ◆ ◆ ◆ ◆ ◆ ◆ | ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ | ᠰᠢᠯᠵᠢᠭᠦᠯᠦᠨ ᠥᠭᠬᠦ ᠳᠤ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠪᠠ ᠥᠷᠢᠰᠥᠯᠳᠦᠭᠡᠨ ᠡᠮᠬᠢ | ᠵᠢᠷᠤᠮ ᠲᠠᠢ ᠪᠠᠶᠢᠬᠤ ᠵᠠᠷᠴᠢᠮ ᠢᠶᠠᠷ ᠶᠠᠪᠤᠭᠳᠠᠭᠤᠯᠬᠤ ᠬᠡᠷᠡᠭᠲᠡᠶ᠃ | ᠠᠭᠤᠷᠬᠠᠶ ᠬᠠᠶᠢᠬᠤ ᠡᠷᠬᠡ ᠪᠤᠶᠤ ᠠᠭᠤᠷᠬᠠᠶ ᠮᠠᠯᠲᠠᠬᠤ ᠡᠷᠬᠡ ᠶᠢ ᠰᠢᠯᠵᠢᠭᠦᠯᠦᠨ ᠥᠭᠬᠦ ᠶᠢ ᠬᠦᠯᠢᠶᠡᠨ | ᠠᠪᠤᠭᠴᠢ ᠨᠢ ᠠᠭᠤᠷᠬᠠᠶ ᠬᠠᠶᠢᠬᠤ ᠡᠷᠬᠡ ᠪᠣᠯᠣᠨ ᠠᠭᠤᠷᠬᠠᠶ ᠮᠠᠯᠲᠠᠬᠤ ᠡᠷᠬᠡᠲᠦ ᠬᠥᠮᠦᠨ ᠤ ᠬᠠᠤᠯᠢ ᠪᠠᠷ | ᠲᠣᠭᠲᠠᠭᠠᠭᠰᠠᠨ ᠬᠢᠷᠢ ᠴᠢᠳᠠᠮᠵᠢ ᠶᠢᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠡᠵᠡᠮᠳᠡᠵᠦ ᠪᠠᠶᠢᠭ᠎ᠠ ᠠᠭᠤᠷᠬᠠᠢ ᠶᠢᠨ ᠠᠵᠢᠯ ᠲᠦᠷᠦᠯ ᠤᠨ | ᠡᠷᠬᠡ ᠶᠢ ᠬᠡᠰᠡᠭ ᠢᠶᠠᠷ ᠬᠤᠪᠢᠶᠠᠨ ᠰᠢᠯᠵᠢᠭᠦᠯᠦᠨ ᠥᠭᠴᠦ ᠪᠣᠯᠬᠤ ᠦᠭᠡᠢ᠃ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠰᠠᠯᠭᠠᠨ ᠲᠤᠰᠠᠭᠠᠷᠯᠠᠬᠤ ᠪᠠᠷ ᠭᠦᠢᠴᠡᠳᠭᠡᠭᠰᠡᠨ ᠪᠣᠯ᠂ | ᠰᠠᠯᠭᠠᠭᠰᠠᠨ ᠤ ᠳᠠᠷᠠᠭᠠᠬᠢ ᠠᠭᠤᠷᠬᠠᠶ ᠬᠠᠶᠢᠬᠤ ᠡᠷᠬᠡ ᠪᠠ ᠠᠭᠤᠷᠬᠠᠶ ᠮᠠᠯᠲᠠᠬᠤ ᠡᠷᠬᠡ ᠶᠢ ᠲᠤᠰᠠᠭᠠᠷ ᠨᠢ ᠲᠤᠰ | ᠲᠤᠰ ᠲᠤ ᠨᠢ ᠰᠢᠯᠵᠢᠭᠦᠯᠦᠨ ᠥᠭᠴᠦ ᠪᠣᠯᠬᠤ ᠦᠭᠡᠶ᠃ | ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ | ᠰᠢᠯᠵᠢᠭᠦᠯᠦᠨ ᠥᠭᠬᠦ ᠳᠤ ᠬᠤᠯᠪᠣᠭᠳᠠᠬᠤ ᠫᠠᠶᠢᠰᠠ ᠡᠯᠭᠦᠨ ᠦᠨ᠎ᠡ ᠲᠣᠭᠲᠠᠭᠠᠬᠤ᠂ ᠫᠠᠶᠢᠰᠠ ᠡᠯᠭᠦᠬᠦ ᠬᠤᠭᠤᠴᠠᠭ᠎ᠠ | ᠬᠢᠵᠠᠭᠠᠷ ᠵᠢᠴᠢ ᠦᠨ᠎ᠡ ᠬᠠᠩᠰᠢ ᠶᠢᠨ ᠵᠣᠭᠤᠰ ᠢ ᠥᠭᠬᠦ ᠠᠷᠭ᠎ᠠ ᠮᠠᠶ᠋ᠢᠭ ᠵᠡᠷᠭᠡ ᠳᠤ᠂ ︽ᠠᠵᠤ ᠠᠬᠤᠶᠢᠯᠠᠯ ᠤᠨ | ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ | ᠬᠥᠷᠥᠩᠭᠡ ᠶᠢᠨ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ | ᠲᠣᠬᠢᠷᠠᠭᠤᠯᠤᠨ ᠬᠡᠷᠡᠭᠯᠡᠨ᠎ᠡ᠃ | ᠭᠤᠷᠪᠠ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ | ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠴᠤᠪᠤᠷᠠᠯ | 1. ᠲᠤᠳᠤᠭᠠᠲᠤ ᠶᠢᠨ ᠰᠢᠢᠳᠪᠦᠷᠢᠲᠦ ᠪᠣᠳᠣᠯᠭ᠎ᠠ᠃ ᠠᠵᠤ ᠠᠬᠤᠶᠢᠯᠠᠯ ᠤᠨ ᠳᠦᠷᠢᠮ ᠲᠣᠭᠲᠠᠭᠠᠯ ᠪᠠ | ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠦᠨᠳᠦᠰᠦᠯᠡᠨ ᠰᠢᠢᠳᠪᠦᠷᠢᠲᠦ ᠪᠣᠳᠣᠯᠭ᠎ᠠ ᠲᠣᠭᠲᠠᠭᠠᠵᠤ᠂ | ᠪᠢᠴᠢᠭ ᠤᠨ ᠬᠡᠯᠪᠡᠷᠢ ᠪᠠᠷ ᠰᠢᠢᠳᠪᠦᠷᠢ ᠭᠠᠷᠭᠠᠬᠤ ᠬᠡᠷᠡᠭᠲᠡᠢ᠃ | 2. ᠬᠢᠨᠠᠨ ᠵᠥᠪᠰᠢᠶᠡᠷᠡᠬᠦ ᠶᠢ ᠭᠦᠢᠴᠡᠳᠭᠡᠬᠦ᠃ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ | ᠬᠥᠷᠥᠩᠭᠡ ᠶᠢ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠣᠭᠲᠠᠭᠠᠯ ᠵᠢᠴᠢ ︽ᠠᠭᠤᠷᠬᠠᠶ ᠬᠠᠶᠢᠬᠤ ᠡᠷᠬᠡ ᠠᠭᠤᠷᠬᠠᠶ | ᠮᠠᠯᠲᠠᠬᠤ ᠡᠷᠬᠡ ᠶᠢ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠨ ᠵᠥᠪᠰᠢᠶᠡᠷᠡᠭᠦᠯᠬᠦ ᠪᠠᠷ ᠮᠡᠳᠡᠭᠦᠯᠬᠦ ᠬᠡᠷᠡᠭᠲᠡᠢ᠃ | 3. ᠪᠡᠯᠡ ᠬᠦᠷᠦᠩᠭᠡ ᠶᠢ ᠦᠨᠡᠯᠡᠨ ᠵᠢᠱᠢᠬᠦ᠃ ᠠᠭᠤᠷᠬᠠᠶ ᠶᠢᠨ ᠠᠵᠢᠯ ᠲᠦᠷᠦᠯ ᠤᠨ ᠡᠷᠬᠡ ᠲᠠᠢ ᠠᠵᠤ | ᠠᠬᠤᠶᠢᠯᠠᠯ ᠨᠢ ︽ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠪᠡᠯᠡ ᠬᠥᠷᠥᠩᠭᠡ ᠶᠢᠨ ᠦᠨᠡᠯᠡᠨ ᠵᠢᠱᠢᠬᠦ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠠᠭᠤᠷᠬᠠᠶ ᠶᠢᠨ ᠠᠵᠢᠯ ᠲᠦᠷᠦᠯ ᠤᠨ ᠡᠷᠬᠡ ᠶᠢᠨ ᠦᠨᠡᠯᠡᠨ | ᠵᠢᠱᠢᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠵᠤᠬᠢᠬᠤ ᠬᠢᠷᠢ ᠴᠢᠳᠠᠮᠵᠢ ᠲᠠᠢ ᠵᠠᠭᠤᠴᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠵᠦ | ᠂ ᠦᠨᠡᠯᠡᠨ ᠵᠢᠱᠢᠭᠰᠡᠨ ᠮᠡᠳᠡᠭᠦᠯᠦᠯᠲᠡ ᠳᠤ ᠬᠠᠷᠭᠤᠭᠤᠯᠤᠨ ᠵᠥᠪᠰᠢᠶᠡᠷᠡᠬᠦ ᠪᠤᠶᠤ ᠳᠠᠩᠰᠠᠯᠠᠭᠤᠯᠬᠤ ᠵᠢᠷᠤᠮ ᠢ | ᠭᠦᠢᠴᠡᠳᠭᠡᠬᠦ ᠬᠡᠷᠡᠭᠲᠡᠢ᠃ | 4. ᠠᠷᠠᠯᠵᠢᠶᠠᠯᠠᠬᠤ ᠲᠠᠯᠠᠪᠤᠷ ᠲᠤ ᠠᠷᠠᠯᠵᠢᠶᠠᠯᠠᠬᠤ᠃ ᠬᠠᠮᠢᠶ᠎ᠠ ᠪᠦᠬᠦᠢ ᠲᠣᠭᠲᠠᠭᠠᠯ ᠶᠣᠰᠣᠭᠠᠷ ᠦᠨ᠎ᠡ | ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ ᠪᠠ ᠵᠦᠪᠯᠡᠯᠴᠡᠭᠡᠷ ᠢᠶᠠᠷ ᠰᠢᠯᠵᠢᠭᠦᠯᠦᠨ ᠥᠭᠬᠦ ᠪᠠᠶᠢᠳᠠᠯ ᠠᠴᠠ | ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢ ᠬᠢᠨᠠᠨ ᠬᠠᠮᠢᠶᠠᠷᠬᠤ | ᠪᠠᠶᠢᠭᠤᠯᠤᠮᠵᠢ ᠶᠢᠨ ᠰᠤᠩᠭᠤᠨ ᠲᠣᠭᠲᠠᠭᠠᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ | ᠬᠥᠷᠥᠩᠭᠡ ᠶᠢ ᠠᠷᠠᠯᠵᠢᠶᠠᠯᠠᠬᠤ ᠬᠢᠷᠢ ᠴᠢᠳᠠᠮᠵᠢ ᠲᠠᠢ ᠥᠮᠴᠢᠯᠡᠬᠦ ᠡᠷᠬᠡ ᠶᠢᠨ ᠠᠷᠠᠯᠵᠢᠶᠠᠯᠠᠬᠤ ᠪᠠᠶᠢᠭᠤᠯᠤᠮᠵᠢ ᠳᠤ | ᠢᠯᠡ ᠪᠠᠷ ᠶᠠᠪᠤᠭᠳᠠᠭᠤᠯᠬᠤ ᠬᠡᠷᠡᠭᠲᠡᠶ᠃ | 5. ᠡᠷᠬᠡ ᠬᠠᠷᠢᠶᠠᠯᠠᠯ ᠢ ᠨᠢ ᠬᠤᠪᠢᠷᠠᠭᠤᠯᠬᠤ᠃ ᠥᠮᠴᠢᠯᠡᠬᠦ ᠡᠷᠬᠡ ᠶᠢᠨ ᠠᠷᠠᠯᠵᠢᠶᠠᠯᠠᠬᠤ ᠪᠠᠶᠢᠭᠤᠯᠤᠮᠵᠢ ᠶᠢᠨ | ᠭᠠᠷᠭᠠᠨ ᠥᠭᠭᠦᠭᠰᠡᠨ ᠥᠮᠴᠢᠯᠡᠬᠦ ᠡᠷᠬᠡ ᠶᠢᠨ ᠠᠷᠠᠯᠵᠢᠶᠠᠯᠠᠬᠤ ᠭᠡᠷᠡᠴᠢ ᠪᠠᠷᠢᠮᠲᠠ ᠵᠡᠷᠭᠡ ᠪᠢᠴᠢᠭ ᠮᠠᠲ᠋ᠧᠷᠢᠶᠠᠯ ᠢ | ᠠᠪᠴᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠳᠡᠰ ᠳᠠᠷᠠᠭᠠᠯᠠᠯ ᠢ ᠬᠠᠤᠯᠢ | ᠪᠠ ᠲᠣᠭᠲᠠᠭᠠᠯ ᠶᠣᠰᠣᠭᠠᠷ ᠭᠦᠢᠴᠡᠳᠭᠡᠬᠦ ᠬᠡᠷᠡᠭᠲᠡᠶ᠃ ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ | ᠪᠡᠯᠡ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠠᠴᠠ ᠦᠢᠯᠡᠳᠪᠡ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠮᠡᠳᠡᠭᠡ | |