| | | | ᠲᠣᠮᠣ ᠮᠠᠯᠤᠷ ᠥᠲᠡᠭᠡ ᠤᠯᠤᠰ ᠤᠨ ᠴᠡᠴᠡᠷᠯᠢᠭ ᠰᠧᠴᠤᠸᠠᠨ᠂ ᠱᠠᠨᠰᠢ ᠪᠣᠯᠤᠨ ᠭᠠᠨᠰᠦ ᠭᠤᠷᠪᠠᠨ ᠮᠤᠵᠢ ᠶᠢ | ᠰᠤᠨᠳᠠᠯᠠᠵᠤ᠂ ᠬᠠᠮᠠᠭᠠᠯᠠᠯᠲᠠ ᠶᠢᠨ ᠲᠠᠯᠠᠪᠠᠶ ᠨᠢ 2 . 2 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠲᠤᠮᠤ | ᠮᠠᠯᠤᠷ ᠥᠲᠡᠭᠡ ᠶᠢᠨ ᠲᠦᠪᠯᠡᠷᠡᠩᠬᠦᠢ ᠲᠠᠷᠬᠠᠯᠲᠠ ᠶᠢᠨ ᠣᠷᠣᠨ ᠪᠠ ᠴᠢᠬᠤᠯᠠ ᠦᠷᠡᠵᠢᠨ ᠠᠮᠢᠳᠤᠷᠠᠬᠤ ᠤᠷᠤᠨ | ᠪᠠᠶᠢᠵᠤ᠂ ᠪᠥᠬᠦ ᠤᠯᠤᠰ ᠤᠨ 70 % ᠠᠴᠠ ᠳᠡᠭᠡᠭᠰᠢᠬᠢ ᠲᠤᠮᠤ ᠮᠠᠯᠤᠷ ᠥᠲᠡᠭᠡ ᠶᠢ ᠬᠠᠮᠠᠭᠠᠯᠠᠭᠰᠠᠨ ᠪᠠᠶᠢᠨ᠎ᠠ᠃ | ᠴᠡᠴᠡᠷᠯᠢᠭ ᠤᠨ ᠳᠣᠲᠣᠷᠠᠬᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠮᠠᠰᠢ ᠪᠠᠶᠠᠯᠢᠭ᠂ ᠥᠪᠡᠷᠮᠢᠴᠡ | ᠪᠠᠶᠢᠭᠠᠯᠢᠯᠢᠭ ᠰᠣᠶᠣᠯ ᠤᠨ ᠦᠵᠡᠮᠵᠢ ᠲᠠᠢ ᠪᠠᠶᠢᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ | ᠵᠢᠱᠢᠶ᠎ᠡ ᠦᠵᠡᠭᠦᠯᠬᠦ ᠣᠷᠣᠨ᠂ ᠠᠮᠢ ᠠᠬᠤᠶ ᠶᠢᠨ ᠥᠷᠲᠡᠭ ᠢ ᠪᠡᠶᠡᠯᠡᠭᠦᠯᠬᠦ ᠬᠤᠰᠢᠭᠤᠴᠢ ᠣᠷᠣᠨ ᠪᠠ ᠳᠡᠯᠡᠬᠡᠶ ᠶᠢᠨ | ᠠᠮᠢ ᠠᠬᠤᠶ ᠶᠢᠨ ᠰᠤᠷᠭᠠᠨ ᠬᠥᠮᠦᠵᠢᠯ ᠤᠨ ᠥᠯᠢᠭᠡᠷ ᠳᠠᠭᠤᠷᠢᠶᠠᠯ ᠪᠤᠯᠤᠭᠰᠠᠨ ᠪᠠᠶᠢᠨ᠎ᠠ᠃ | | | | |