ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠭᠡᠭᠴᠢ ᠶᠠᠭᠤ ᠪᠤᠢ︖
ᠨᠡᠶᠢᠲᠡᠯᠡᠭᠰᠡᠨ ᠴᠠᠭ᠄
2021/10/22
     ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠢ ᠨᠠᠷᠠᠰᠤᠨ ᠮᠣᠳᠣᠨ ᠤ ᠦᠬᠦᠰᠢᠷᠡᠬᠦ ᠭᠡᠮ ᠭᠡᠳᠡᠭ᠃ ᠣᠳᠣᠬᠠᠨ ᠳᠤ ᠮᠠᠨ ᠤ ᠤᠯᠤᠰ ᠤᠨ ᠤᠢ ᠰᠢᠭᠤᠢ ᠳᠤ ᠬᠠᠮᠤᠭ ᠤᠨ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠵᠤ ᠪᠠᠶᠢᠭ᠎ᠠ ᠤᠢ ᠰᠢᠭᠤᠢ ᠶᠢᠨ ᠬᠢᠵᠢᠭ ᠤᠨ ᠴᠢᠨᠠᠷᠲᠠᠢ ᠬᠤᠣᠷᠲᠤ ᠠᠮᠢᠳᠤ ᠪᠣᠳᠠᠰ ᠮᠥᠨ᠃ 1982 ᠣᠨ ᠠᠴᠠ ᠨᠠᠰᠢ᠂ ᠲᠤᠰ ᠡᠪᠡᠳᠴᠢᠨ ᠬᠤᠷᠤᠬᠠᠢ ᠶᠢᠨ ᠡᠪᠡᠳᠴᠢᠨ ᠮᠠᠨ ᠤ ᠤᠯᠤᠰ ᠲᠤ ᠦᠳᠲᠡᠷ ᠲᠦᠷᠭᠡᠨ ᠲᠠᠷᠬᠠᠨ ᠳᠡᠯᠭᠡᠷᠡᠵᠦ᠂ ᠵᠣᠬᠢᠴᠠᠬᠤ ᠴᠢᠳᠠᠪᠤᠷᠢ ᠨᠢ ᠠᠭᠠᠵᠢᠮ ᠢᠶᠠᠷ ᠨᠡᠮᠡᠭᠳᠡᠵᠦ᠂ ᠬᠤᠤᠷᠳᠠᠯᠭ᠎ᠠ ᠶᠢᠨ ᠬᠡᠮᠵᠢᠶ᠎ᠡ ᠨᠢ ᠠᠭᠠᠵᠢᠮ ᠢᠶᠠᠷ  ᠶᠡᠬᠡᠰᠪᠡ᠃ 2020 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ᠂ ᠪᠥᠬᠦ ᠤᠯᠤᠰ ᠲᠤ ᠨᠡᠶᠢᠲᠡ 17 ᠮᠤᠵᠢ ︵ᠣᠷᠣᠨ᠂ ᠬᠤᠲᠠ︶᠂ 718 ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ᠂ 5479 ᠰᠢᠶᠠᠩ ᠪᠠᠯᠭᠠᠰᠤᠨ ᠤ ᠲᠡᠰ ᠤᠨ ᠵᠠᠰᠠᠭ ᠵᠠᠬᠢᠷᠭᠠᠨ ᠤ ᠣᠷᠣᠨ ᠳᠤ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠡᠪᠡᠳᠴᠢᠨ ᠤ ᠬᠢᠵᠢᠭ ᠤᠨ ᠪᠠᠶᠢᠳᠠᠯ ᠡᠭᠦᠰᠴᠤ᠂ 2713.82 ᠲᠦᠮᠡᠨ ᠮᠥ ᠭᠠᠵᠠᠷ ᠢ ᠬᠠᠮᠤᠷᠴᠤ᠂ 1947.03 ᠲᠦᠮᠡᠨ ᠨᠠᠷᠠᠰᠤᠨ ᠮᠣᠳᠣ ᠬᠤᠷᠤᠭᠳᠠᠭᠰᠠᠨ ᠪᠥᠭᠡᠳ ᠮᠠᠨ ᠤ ᠤᠯᠤᠰ ᠤᠨ ᠨᠠᠷᠠᠰᠤᠨ ᠣᠶ ᠶᠢᠨ ᠠᠮᠢ ᠠᠬᠤᠶ ᠶᠢᠨ ᠰᠢᠰᠲ᠋ᠧᠮ ᠢ ᠬᠦᠨᠳᠦ ᠨᠣᠴᠢᠲᠠᠶ ᠰᠦᠷᠳᠡᠭᠦᠯᠵᠦ᠂ ᠮᠠᠨ ᠤ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠪᠠᠶᠢᠨ᠎ᠠ᠃      ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠪᠣᠯ ᠨᠢᠭᠡ ᠵᠦᠢᠯ ᠤᠨ ᠤᠷᠭᠤᠮᠠᠯ ᠤᠨ ᠮᠥᠯᠵᠢᠭᠦᠷ ᠤᠲᠠᠰᠤᠯᠢᠭ ᠬᠤᠷᠣᠬᠠᠶ᠂ ᠠᠲᠤᠯᠵᠠᠭᠤᠷ ᠪᠡᠶᠡᠲᠡᠨ ᠤ ᠤᠲᠠᠰᠤᠯᠢᠭ ᠬᠤᠷᠣᠬᠠᠶ ᠶᠢᠨ ᠠᠩᠭᠢ ᠳᠤ ᠪᠠᠭᠲᠠᠨ᠎ᠠ᠃ ᠡᠮ᠎ᠡ ᠬᠤᠷᠣᠬᠠᠶ ᠶᠢᠨ ᠰᠡᠭᠦᠯ ᠤᠨ ᠬᠡᠰᠡᠭ ᠨᠢ ᠱᠣᠷᠣᠯᠵᠢᠨ ᠬᠡᠯᠪᠡᠷᠢᠲᠡᠶ᠂ ᠦᠵᠦᠭᠦᠷ ᠤᠨ ᠬᠡᠰᠡᠭ ᠨᠢ ᠲᠣᠭᠤᠷᠢᠭ᠃ ᠡᠷ᠎ᠡ ᠬᠤᠷᠣᠬᠠᠶ ᠶᠢᠨ ᠰᠡᠭᠦᠯ ᠤᠨ ᠬᠡᠰᠡᠭ ᠨᠢ ᠰᠢᠪᠠᠭᠤᠨ ᠤ ᠰᠠᠪᠠᠷ ᠰᠢᠭ᠋᠂ ᠬᠡᠪᠡᠯᠢ ᠦᠭᠡᠳᠡ ᠪᠠᠨ ᠮᠤᠷᠤᠶᠢᠭᠰᠠᠨ ᠬᠡᠯᠪᠡᠷᠢ ᠎ ᠲᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号