ᠨᠢᠭᠡ ᠨᠠᠰᠤᠲᠤ ᠡᠪᠡᠰᠦᠯᠢᠭ ᠤᠷᠭᠤᠮᠠᠯ᠃ ᠠᠶᠢᠯ ᠲᠤᠰᠬᠤᠨ ᠤ ᠤᠶᠢᠷᠠᠯᠴᠠᠭ᠎ᠠ᠂ ᠵᠠᠮ ᠤᠨ ᠬᠠᠵᠠᠭᠤ ᠪᠠ | ᠴᠢᠭᠢᠭᠯᠢᠭ ᠠᠲᠠᠷ ᠭᠠᠵᠠᠷ ᠲᠤ ᠤᠷᠭᠤᠳᠠᠭ᠃ ᠪᠦᠬᠦ ᠤᠷᠤᠨ ᠢᠶᠠᠷ ᠤᠷᠭᠤᠯᠳᠠ ᠲᠠᠢ᠃ ᠮᠠᠨ ᠤ ᠤᠯᠤᠰ ᠤᠨ ᠵᠡᠬᠦᠨ | ᠬᠤᠶᠢᠲᠤ ᠤᠷᠤᠨ᠂ ᠤᠮᠠᠷᠠᠲᠤ ᠤᠷᠤᠨ᠂ ᠪᠠᠷᠠᠭᠤᠨ ᠬᠤᠶᠢᠲᠤ ᠤᠷᠤᠨ ᠢᠶᠠᠷ ᠳᠠᠷᠬᠠᠨ᠂ ᠰᠤᠯᠤᠩᠭᠤᠰ᠂ ᠶᠠᠫᠤᠨ᠂ | ᠮᠤᠩᠭᠤᠯ ᠤᠯᠤᠰ᠂ ᠤᠷᠤᠰ ᠤᠨ ᠰᠢᠪᠧᠷᠢᠶ᠎ᠠ᠂ ᠲᠤᠮᠳᠠ ᠠᠽᠢᠶ᠎ᠠ᠂ ᠤᠮᠠᠷᠠᠲᠤ ᠠᠹᠷᠢᠺᠠ᠂ ᠲᠤᠮᠳᠠ ᠡᠸᠦ᠋ᠷᠦᠫᠠ ᠪᠠᠷ | ᠪᠠᠰᠠ ᠤᠷᠭᠤᠵᠤ ᠪᠠᠶᠢᠳᠠᠭ᠃ ᠨᠢᠯᠬ᠎ᠠ ᠵᠦᠭᠡᠯᠡᠨ ᠡᠰᠢ ᠨᠠᠪᠴᠢ ᠶᠢ ᠨᠢ ᠢᠳᠡᠰᠢᠨ ᠳᠤ ᠬᠡᠷᠡᠭᠯᠡᠵᠦ ᠪᠤᠯᠳᠠᠭ᠃ ᠦᠷ᠎ᠡ | ᠵᠢᠮᠢᠰ ᠵᠢᠴᠢ ᠪᠦᠬᠦᠯᠢ ᠡᠪᠡᠰᠦ ᠨᠢ ᠡᠮ ᠳᠤ ᠤᠷᠤᠵᠤ᠂ ᠭᠤᠤᠯᠳᠠᠭᠤ ᠰᠢᠭᠡᠭᠡᠬᠦ ᠳᠤ ᠬᠦᠴᠢᠷᠳᠡᠬᠦ᠂ ᠵᠠᠭᠠᠳᠤᠨᠠᠬᠤ | ᠵᠡᠷᠭᠡ ᠭᠡᠮ ᠢ ᠵᠠᠰᠠᠨ᠎ᠠ᠃ ᠭᠠᠳᠠᠷ ᠬᠡᠷᠡᠭᠯᠡᠵᠦ ᠢᠯᠢᠳᠦ ᠵᠢᠴᠢ ᠬᠤᠳᠬᠠᠨᠠᠭ ᠤᠨ ᠨᠤᠶᠢᠲᠠᠨ ᠬᠠᠮᠠᠭᠤ ᠵᠡᠷᠭᠡ ᠶᠢ | ᠵᠠᠰᠠᠳᠠᠭ᠃ ᠦᠷ᠎ᠡ ᠳᠤᠨᠢ 15% ᠶᠢᠨ ᠲᠤᠰᠤ ᠠᠭᠤᠯᠤᠭᠳᠠᠵᠤ ᠪᠠᠶᠢᠬᠤ ᠪᠤᠯᠬᠤᠷ ᠲᠡᠬᠦᠨ ᠢ ᠢᠳᠡᠬᠦ ᠪᠤᠶᠤ ᠠᠵᠤ | ᠦᠢᠯᠡᠳᠪᠦᠷᠢ ᠳᠤ ᠬᠡᠷᠡᠭᠯᠡᠵᠦ ᠪᠤᠯᠤᠨ᠎ᠠ᠃ | | | | | | | | | | ᠢᠷᠡᠯᠳᠠ᠄ ︽ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠢ︾ | | | | |