ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠪᠣᠯᠤᠨ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠭᠠᠷᠭᠠᠵᠤ᠂ ᠡᠯ᠎ᠡ ᠭᠠᠵᠠᠷ ᠣᠷᠣᠨ | ᠪᠣᠯᠤᠨ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠰᠠᠶᠢᠲᠤᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠵᠠᠶ᠃ | | ᠣᠶ ᠰᠢᠭᠤᠶ ᠶᠢᠨ ᠳᠠᠷᠤᠭ᠎ᠠ ᠶᠢᠨ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ | | ᠤᠢ ᠰᠢᠭᠤᠢ ᠪᠠ ᠨᠤᠲᠤᠭ ᠪᠡᠯᠴᠢᠭᠡᠷ ᠪᠣᠯ ᠴᠢᠬᠤᠯᠠ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠮᠥᠨ᠂ | ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠬᠤ ᠳᠤ ᠰᠠᠭᠤᠷᠢ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠦᠢᠯᠡᠳᠦᠯ ᠲᠠᠢ | ᠶᠤᠮ᠃ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠭᠤᠤᠯ ᠴᠣᠭᠴᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠬᠤ ᠶᠢᠨ ᠲᠤᠰᠠᠳᠠ᠂ ᠡᠳᠦᠭᠡ ᠣᠶ ᠰᠢᠭᠤᠢ ᠶᠢᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠳᠤᠤᠷᠠᠬᠢ ᠮᠡᠲᠦ ᠰᠠᠨᠠᠯ ᠢ ᠳᠤᠷᠠᠳᠪᠠ᠃ | | | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠳᠥᠷᠪᠡᠳᠦᠭᠡᠷ ᠪᠦᠬᠦᠳᠡ | ᠬᠤᠷᠠᠯ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ | ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠬᠦᠯᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠡᠷᠡᠰ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠱᠠᠭᠠᠷᠳᠠᠯᠭ᠎ᠠ ᠶᠣᠰᠣᠭᠠᠷ᠂ ᠪᠦᠬᠦ ᠤᠯᠤᠰ ᠲᠤ ᠤᠢ | ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ᠣᠷᠣᠨ ᠨᠤᠲᠤᠭ ᠤᠨ ᠨᠠᠮ ᠵᠠᠰᠠᠭ ᠤᠨ | ᠤᠳᠤᠷᠢᠳᠬᠤ ᠺᠠᠳ᠋ᠷ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ | ᠬᠠᠷᠠᠯᠲᠠᠲᠤ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ | ᠤᠷᠤᠨ ᠨᠢ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠡᠬᠢ ᠡᠭᠦᠰᠦᠯ ᠠᠴᠠ ᠨᠢ ᠵᠠᠰᠠᠬᠤ᠂ ᠪᠦᠬᠦ ᠣᠷᠣᠨ | ᠪᠦᠰᠡ ᠶᠢ ᠬᠠᠮᠤᠷᠬᠤ ᠵᠡᠷᠭᠡ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠮᠢ | ᠠᠬᠤᠢ ᠶᠢᠨ ᠪᠣᠯᠪᠠᠰᠤᠨ ᠪᠠ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ | | ︵ᠬᠤᠶᠠᠷ︶ ᠠᠵᠢᠯ ᠤᠨ ᠵᠠᠷᠴᠢᠮ | ★ᠠᠮᠢ ᠠᠬᠤᠶ ᠶᠢ ᠲᠡᠷᠢᠭᠦᠨ ᠳᠤ ᠲᠠᠯᠪᠢᠵᠤ᠂ ᠬᠠᠮᠠᠭᠠᠯᠠᠬᠤ ᠪᠠᠷ ᠭᠤᠤᠯ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ | ᠣᠶ ᠰᠢᠭᠤᠶ ᠶᠢᠨ ᠬᠠᠤᠯᠢ᠂ ᠨᠤᠲᠤᠭ ᠪᠡᠯᠴᠢᠭᠡᠷ ᠤᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠲᠦᠷᠢᠮ ᠢ | ᠪᠠᠶᠢᠭᠤᠯᠤᠨ ᠪᠦᠷᠢᠨᠰᠢᠭᠦᠯᠵᠦ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠂ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ | ᠰᠢᠰᠲ᠋ᠧᠮ ᠤᠨ ᠲᠣᠭᠲᠠᠪᠤᠷᠢᠲᠤ ᠴᠢᠨᠠᠷ ᠢ ᠴᠢᠩᠭᠠᠷᠠᠭᠤᠯᠤᠨ᠎ᠠ᠃ | ★ᠨᠤᠭᠤᠭᠠᠨᠯᠢᠭ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠶ ᠪᠠᠷ ᠠᠷᠠᠳ ᠲᠤ ᠠᠰᠢᠭ ᠬᠦᠷᠳᠡᠭᠡᠨ᠎ᠡ᠃ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠠᠮᠢ ᠠᠬᠤᠢ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠢᠢᠵᠢᠯᠳᠠ ᠶᠢ | ᠢᠳᠡᠪᠬᠢᠲᠡᠢ ᠠᠬᠢᠭᠤᠯᠵᠤ᠂ ᠠᠷᠠᠳ ᠤᠯᠠᠨ ᠳᠤ ᠦᠵᠡᠰᠭᠦᠯᠡᠩᠲᠤ ᠰᠠᠶᠢᠬᠠᠨ ᠠᠮᠢ ᠠᠬᠤᠢ ᠣᠷᠴᠢᠨ ᠲᠣᠭᠤᠷᠢᠨ᠂ | ᠰᠢᠯᠢᠳᠡᠭ ᠰᠠᠶᠢᠨ ᠠᠮᠢ ᠠᠬᠤᠢ ᠶᠢᠨ ᠦᠢᠯᠡᠳᠬᠦᠨ᠂ ᠴᠢᠨᠠᠷ ᠰᠠᠶᠢᠲᠠᠢ ᠠᠮᠢ ᠠᠬᠤᠢ ᠶᠢᠨ ᠦᠢᠯᠡᠴᠢᠯᠡᠭᠡ ᠶᠢ ᠬᠠᠩᠭᠠᠬᠤ | ᠬᠡᠷᠡᠭᠲᠡᠢ᠃ | ★ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠎ᠠ᠃ ᠠᠳᠠᠯᠢ ᠪᠤᠰᠤ ᠣᠷᠣᠨ ᠪᠦᠰᠡ ᠶᠢᠨ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠠᠮᠢ | ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠶᠡᠷᠦᠩᠬᠡᠶᠢᠯᠡᠨ ᠵᠠᠰᠠᠬᠤ᠂ | ᠲᠣᠬᠢᠷᠠᠮᠵᠢᠲᠠᠶ ᠪᠠᠷ ᠤᠶᠢᠵᠢᠭᠤᠯᠬᠤ ︵ᠪᠠᠶᠢᠳᠠᠯ ᠳᠤ ᠨᠢ ᠲᠤᠬᠢᠷᠠᠭᠤᠯᠤᠨ ᠤᠶᠢᠵᠢᠭᠤᠯᠬᠤ ᠂ ᠠᠲᠠᠷᠰᠢᠭᠤᠯᠬᠤ᠂ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠤᠶᠠᠯᠳᠤᠭᠤᠯᠬᠤ︶᠂ ᠣᠶ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠠᠮᠢ ᠠᠬᠤᠶ᠂ ᠠᠵᠤ ᠠᠬᠤᠶ᠂ ᠨᠡᠶᠢᠭᠡᠮ ᠤᠨ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | | ★ᠨᠠᠮ ᠤᠨ ᠬᠤᠷᠢᠶ᠎ᠠ ᠤᠳᠤᠷᠢᠳᠴᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠬᠤ | ᠬᠡᠷᠡᠭᠲᠡᠶ ᠃ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠵᠠᠰᠠᠭ ᠤᠨ ᠤᠳᠤᠷᠢᠳᠤᠯᠭ᠎ᠠ | ᠬᠠᠷᠢᠭᠤᠴᠠᠬᠤ ᠳᠦᠷᠢᠮ ᠢᠶᠠᠷ ᠭᠤᠤᠯ ᠪᠣᠯᠭᠠᠭᠰᠠᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠡᠯ᠎ᠡ ᠱᠠᠲᠤᠨ ᠤ ᠣᠢ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ︵ᠳᠣᠷᠣᠭᠰᠢ ᠣᠶ | ᠰᠢᠭᠤᠢ ᠶᠢᠨ ᠳᠠᠷᠤᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠣᠢ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠢ ᠬᠠᠮᠠᠭᠠᠯᠠᠨ ᠬᠥᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠤᠨ ᠠᠷᠭ᠎ᠠ | ᠬᠡᠮᠵᠢᠶ᠎ᠡ ᠪᠠᠨ ᠴᠢᠩᠭᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠱᠠᠲᠤ ᠱᠠᠲᠤ ᠪᠠᠷ | ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ᠃ | | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ | ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠳᠤ ᠤᠢ ᠰᠢᠭᠤᠢ ᠶᠢᠨ | ᠶᠡᠷᠦᠩᠬᠡᠢ ᠳᠠᠷᠤᠭ᠎ᠠ ᠶᠢ ᠭᠠᠷᠭᠠᠵᠤ᠂ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ | ᠭᠤᠣᠯ ᠬᠠᠷᠢᠭᠤᠴᠠᠯᠭᠠᠲᠠᠨ ᠢᠶᠠᠷ ᠬᠠᠷᠢᠭᠤᠴᠠᠭᠤᠯᠤᠨ᠎ᠠ︔ ᠳᠡᠳ᠋ ᠶᠡᠷᠦᠩᠬᠡᠢ ᠤᠢ ᠰᠢᠭᠤᠢ ᠶᠢᠨ ᠳᠠᠷᠤᠭ᠎ᠠ ᠶᠢ | ᠭᠠᠷᠭᠠᠵᠤ᠂ ᠮᠤᠵᠢ ᠶᠢᠨ ᠱᠠᠲᠤᠨ ᠤ ᠬᠠᠷᠢᠭᠤᠴᠠᠯᠭᠠᠲᠠᠨ ᠢᠶᠠᠷ ᠬᠠᠷᠢᠭᠤᠴᠠᠭᠤᠯᠵᠤ᠂ ᠣᠷᠣᠨ ︵ᠬᠡᠰᠡᠭ︶ ᠬᠤᠪᠢᠶᠠᠨ | ᠬᠠᠷᠢᠭᠤᠴᠠᠭᠤᠯᠤᠨ᠎ᠠ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠳᠠᠲᠤ | ᠪᠠᠶᠢᠳᠠᠯ ᠢᠶᠠᠨ ᠦᠨᠳᠦᠰᠦᠯᠡᠨ ᠬᠤᠲᠠ᠂ ᠰᠢᠶᠠᠨ᠂ ᠰᠤᠮᠤ ᠵᠡᠷᠭᠡ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢ | ᠭᠠᠷᠭᠠᠵᠤ ᠪᠣᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠤᠢ ᠰᠢᠭᠤᠶ ᠪᠣᠯᠤᠨ ᠨᠤᠲᠤᠭ ᠪᠡᠯᠴᠢᠭᠡᠷ ᠤᠨ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠪᠣᠳᠠᠲᠠᠶ ᠠᠵᠢᠯ ᠢ ᠡᠭᠦᠷᠭᠡᠯᠡᠨ᠎ᠡ᠃ | | ︵ᠳᠥᠷᠪᠡ︶ ᠠᠵᠢᠯ ᠤᠨ ᠡᠭᠦᠷᠭᠡ ᠬᠠᠷᠢᠭᠤᠴᠠᠯᠭ᠎ᠠ | ᠡᠯ᠎ᠡ ᠭᠠᠵᠠᠷ ᠤᠨ ᠬᠢᠨ ᠣᠷᠣᠨ ᠪᠦᠰᠡ᠂ ᠡᠬᠢ ᠪᠠᠶᠠᠯᠢᠭ ᠤᠨ ᠣᠨᠴᠠᠯᠢᠭ ᠪᠣᠯᠤᠨ ᠪᠠᠶᠢᠭᠠᠯᠢ ᠶᠢᠨ ᠠᠮᠢ | ᠠᠬᠤᠶ ᠶᠢᠨ ᠰᠢᠰᠲ᠋ᠧᠮ ᠤᠨ ᠪᠦᠬᠦᠯᠢ ᠴᠤᠭᠴᠠᠲᠤ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ ᠣᠶ ᠰᠢᠭᠤᠢ ᠶᠢᠨ | ᠳᠠᠷᠤᠭ᠎ᠠ ᠶᠢᠨ ᠬᠠᠷᠢᠭᠤᠴᠠᠯᠭ᠎ᠠ ᠶᠢᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ᠡᠯ᠎ᠡ | ᠱᠠᠲᠤᠨ ᠤ ᠣᠶ ᠰᠢᠭᠤᠢ ᠶᠢᠨ ᠳᠠᠷᠤᠭ᠎ᠠ ᠨᠢ ᠬᠠᠷᠢᠭᠤᠴᠠᠯᠭ᠎ᠠ ᠶᠢᠨ ᠣᠷᠣᠨ ᠪᠦᠰᠡ ᠶᠢᠨ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠴᠤ᠂ ᠣᠶ | ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠤᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ᠂ ᠣᠶ ᠰᠢᠭᠤᠶ ᠶᠢᠨ | ᠬᠠᠳᠠᠭᠠᠯᠠᠭᠳᠠᠴᠠ ᠶᠢᠨ ᠬᠡᠮᠵᠢᠶ᠎ᠡ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ | ᠬᠡᠮᠵᠢᠶ᠎ᠡ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠵᠠᠰᠠᠯᠲᠠᠶᠢᠨ ᠲᠠᠯᠠᠪᠠᠶ ᠵᠡᠷᠭᠡ ᠴᠢᠬᠤᠯᠠ ᠬᠦᠢᠴᠡᠳᠬᠡᠯ ᠲᠤᠭ᠎ᠠ ᠶᠢ | ᠭᠠᠷᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠠᠷᠠᠯᠲᠠᠲᠤ ᠡᠭᠦᠷᠭᠡ ᠪᠠᠨ | ᠲᠣᠭᠲᠠᠭᠠᠨ᠎ᠠ︔ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ | ᠲᠥᠯᠥᠪᠵᠢᠭᠦᠯᠭᠡ ᠶᠢ ᠲᠣᠭᠲᠠᠭᠠᠵᠤ᠂ ᠨᠢᠭᠡᠳᠦᠯᠲᠡᠶ ᠲᠥᠯᠥᠪᠯᠡᠨ ᠵᠠᠰᠠᠬᠤ ᠶᠢ ᠴᠢᠩᠭᠠᠷᠠᠭᠤᠯᠤᠨ᠂ ᠲᠦᠷᠢᠮ ᠤᠨ | ᠪᠠᠶᠢᠭᠤᠯᠤᠯᠲᠠ ᠶᠢ ᠠᠬᠢᠭᠤᠯᠵᠤ᠂ ᠬᠠᠷᠢᠭᠤᠴᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ︔ | ᠬᠠᠷᠢᠭᠤᠴᠠᠯᠭ᠎ᠠ ᠶᠢᠨ ᠣᠷᠣᠨ ᠪᠦᠰᠡ ᠶᠢᠨ ᠭᠤᠤᠯᠳᠠᠯᠭ᠎ᠠ ᠲᠠᠢ ᠲᠦᠪᠡᠭᠲᠡᠶ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠶᠣᠰᠣᠭᠠᠷ ᠪᠥᠬᠦ ᠲᠠᠯ᠎ᠠ ᠪᠠᠷ | ᠬᠠᠮᠠᠭᠠᠯᠠᠨ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠨ ᠤᠨᠲᠠᠷᠠᠭᠠᠬᠤ᠂ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠪᠠ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠠᠵᠢᠯ ᠲᠥᠷᠥᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠴᠢᠩᠭᠠᠷᠠᠭᠤᠯᠤᠨ᠎ᠠ᠃ | | ᠬᠤᠶᠠᠷ᠂ ᠭᠤᠣᠯ ᠡᠭᠦᠷᠭᠡ | | ︵ᠲᠠᠪᠤ︶ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠢ ᠠᠬᠤᠶ ᠶᠢᠨ ᠬᠠᠮᠠᠭᠠᠯᠠᠯᠲᠠ ᠶᠢ | ᠴᠢᠩᠭᠠᠳᠬᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠣᠶᠢᠲᠤ ᠭᠠᠵᠠᠷ᠂ | ᠪᠡᠯᠴᠢᠭᠡᠷ ᠢ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠵᠤ᠂ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ | ᠬᠡᠪᠡᠷᠡᠭ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠂ | ᠤᠢ ᠮᠣᠳᠣ ᠨᠤᠲᠤᠭ ᠪᠡᠯᠴᠢᠭᠡᠷ ᠢ ᠡᠪᠳᠡᠵᠦ ᠬᠠᠭᠠᠯᠪᠤᠷᠢᠯᠠᠬᠤ ᠶᠢ ᠴᠠᠭᠠᠵᠠᠯᠠᠨ᠎ᠠ᠃ ᠨᠡᠶᠢᠲᠡ ᠶᠢᠨ ᠠᠰᠠᠷᠠᠮᠵᠢ ᠶᠢᠨ | ᠤᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠠᠯᠢᠯᠢᠭ ᠤᠢ ᠶᠢᠨ ᠬᠠᠮᠠᠭᠠᠯᠠᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠪᠠᠶᠢᠭᠠᠯᠢᠯᠢᠭ ᠤᠢ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ ᠪᠦᠬᠦ | ᠲᠠᠯ᠎ᠠ ᠪᠠᠷ ᠵᠣᠭᠰᠣᠭᠠᠵᠤ᠂ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠥᠷᠢ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠪᠠ | ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠳᠤ ᠨᠦᠬᠦᠪᠦᠷᠢ ᠦᠭᠬᠦ᠂ ᠱᠠᠩᠨᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠣᠶ ᠰᠢᠭᠤᠶ ᠨᠤᠲᠤᠭ ᠪᠡᠯᠴᠢᠭᠡᠷ ᠤᠨ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠬᠡᠭᠡᠷ᠎ᠡ ᠶᠢᠨ ᠠᠮᠢᠲᠠᠨ ᠤᠷᠭᠤᠮᠠᠯ | ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ | | ︵ᠵᠢᠷᠭᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠢ ᠠᠬᠤᠶ ᠶᠢ ᠰᠡᠷᠭᠦᠭᠡᠬᠦ ᠶᠢ | ᠴᠢᠩᠭᠠᠳᠬᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠠᠮᠢ | ᠠᠬᠤᠢ ᠶᠢᠨ ᠰᠢᠰᠲ᠋ᠧᠮ ᠢ ᠬᠠᠮᠠᠭᠠᠯᠠᠬᠤ ᠳᠤ ᠬᠡᠷᠡᠭᠯᠡᠬᠦ ᠭᠠᠵᠠᠷ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ | ᠶᠡᠭᠡ ᠬᠡᠪᠴᠢᠶᠡᠨ ᠤ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ | ᠠᠬᠢᠭᠤᠯᠤᠨ᠎ᠠ᠃ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠢᠨᠵᠧᠨᠧᠷᠢᠩ ᠢ | ᠬᠡᠷᠡᠭᠵᠢᠭᠦᠯᠵᠦ᠂ ᠪᠡᠭᠡᠵᠢᠩ ᠲᠢᠶᠠᠨᠵᠢᠨ ᠡᠾᠧᠪᠸᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠤ | ᠪᠦᠳᠦᠭᠡᠨ ᠪᠠᠶᠢᠭᠤᠯᠤᠯᠲᠠ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠥᠭᠵᠢᠯᠲᠡ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ | ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠣᠷᠣᠨ ᠪᠦᠰᠡ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ | ᠠᠬᠢᠭᠤᠯᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠂ ᠭᠤᠷᠪᠠᠨ | ᠤᠮᠠᠷᠠᠲᠤ ᠶᠢᠨ ᠬᠠᠯᠬᠠᠪᠴᠢ ᠤᠢ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠠᠮᠢ | ᠠᠬᠤᠢ ᠶᠢ ᠵᠠᠰᠠᠨ ᠰᠡᠷᠭᠦᠭᠡᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ᠃ ᠣᠶ ᠰᠢᠭᠤᠶ ᠶᠢᠨ | ᠡᠵᠡᠩᠨᠡᠯᠲᠡ ᠪᠣᠯᠤᠨ ᠮᠠᠭᠤᠳᠠᠯᠳᠠ ᠲᠠᠢ ᠣᠶ ᠶᠢ ᠰᠡᠷᠭᠦᠭᠡᠬᠦ ᠶᠢ ᠴᠢᠩᠭᠠᠳᠬᠠᠵᠤ᠂ ᠠᠯᠪᠠᠨ ᠵᠢᠷᠤᠮ ᠤᠨ ᠮᠣᠳᠣ | ᠲᠠᠷᠢᠬᠤ ᠲᠣᠭᠲᠠᠴᠠ ᠶᠢᠨ ᠰᠢᠨ᠎ᠡ ᠶᠢ ᠡᠭᠦᠳᠴᠦ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ | ᠬᠠᠷᠢᠭᠤᠴᠠᠯᠭ᠎ᠠ ᠪᠠᠨ ᠬᠦᠢᠴᠡᠳᠬᠡᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ | | ︵ᠳᠣᠯᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠭᠠᠮᠰᠢᠭ ᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ | ᠰᠡᠷᠭᠡᠶᠢᠯᠡᠨ ᠵᠠᠰᠠᠬᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ | ᠪᠠᠭᠠᠰᠬᠠᠬᠤ ᠭᠠᠮᠰᠢᠭ ᠠᠴᠠ ᠠᠪᠤᠷᠠᠬᠤ ᠰᠢᠰᠲ᠋ᠧᠮᠵᠢ ᠳᠤ ᠣᠷᠣᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ | ᠬᠥᠨᠥᠭᠡᠯᠲᠡᠶ ᠠᠮᠢᠳᠤ ᠪᠣᠳᠠᠰ ᠢ ᠬᠢᠨᠠᠨ ᠬᠠᠮᠢᠶᠠᠷᠬᠤ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠲᠣᠭᠲᠠᠴᠠ ᠶᠢ | ᠪᠦᠷᠢᠨᠰᠢᠭᠦᠯᠵᠦ᠂ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠡᠪᠡᠳᠴᠢᠨ᠂ ᠠᠮᠧᠷᠢᠺᠠ ᠶᠢᠨ ᠴᠠᠭᠠᠨ | ᠡᠷᠪᠡᠬᠡᠶ᠂ ᠲᠠᠯ᠎ᠠ ᠨᠤᠲᠤᠭ ᠤᠨ ᠬᠤᠯᠤᠭᠠᠨ᠎ᠠ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠬᠤ | ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠶᠢ ᠨᠢᠭᠡ | ᠴᠣᠭᠴᠠᠵᠢᠭᠤᠯᠬᠤ ᠶᠢ ᠪᠠᠷᠢᠮᠲᠠᠯᠠᠨ᠂ ᠣᠷᠣᠨ ᠨᠤᠲᠤᠭ ᠤᠨ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ | ᠨᠠᠶᠢᠳᠠᠪᠤᠷᠢᠵᠢᠭᠤᠯᠵᠤ᠂ ᠭᠠᠯ ᠤᠨ ᠠᠶᠤᠯ ᠢ ᠶᠡᠷᠦᠩᠬᠡᠶᠢᠯᠡᠨ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠶ᠃ | ︵ ᠨᠠᠢᠮᠠᠨ︶ ᠣᠶ ᠰᠢᠭᠤᠶ ᠨᠤᠲᠤᠭ ᠪᠡᠯᠴᠢᠭᠡᠷ ᠤᠨ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠭᠤᠣᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠲᠤ ᠣᠷᠣᠨ ᠪᠣᠯᠤᠨ ᠤᠯᠤᠰ ᠤᠨ | ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠣᠶ | ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠰᠢᠭᠤᠶᠢᠲᠤ ᠣᠷᠣᠨ ᠤ ᠣᠶ | ᠰᠢᠭᠤᠶ ᠶᠢᠨ ᠲᠠᠯᠠᠪᠠᠶ ᠶᠢᠨ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠨᠤᠲᠤᠭ ᠪᠡᠯᠴᠢᠭᠡᠷ ᠢ | ᠳᠠᠭᠠᠭᠠᠴᠢᠯᠠᠨ ᠡᠵᠡᠩᠨᠡᠬᠦ ᠳᠦᠷᠢᠮ ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠠᠰᠢᠭᠯᠠᠮᠵᠢ ᠶᠢ | ᠵᠢᠷᠤᠮᠵᠢᠭᠤᠯᠤᠨ᠎ᠠ᠃ ᠬᠠᠮᠲᠤ ᠶᠢᠨ ᠣᠶ ᠰᠢᠭᠤᠶ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠯ᠎ᠡ ᠭᠠᠵᠠᠷ ᠤᠨ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ︽ᠭᠤᠷᠪᠠᠨ | ᠡᠷᠬᠡ ᠶᠢ ᠰᠠᠯᠭᠠᠬᠤ︾ ᠪᠠ ᠥᠮᠴᠢᠯᠡᠬᠦ ᠡᠷᠬᠡ᠂ ᠡᠷᠬᠡ ᠶᠢᠨ ᠡᠭᠦᠷᠭᠡ ᠴᠢᠳᠠᠪᠬᠢ ᠶᠢ ᠲᠡᠭᠦᠯᠳᠡᠷᠵᠢᠭᠦᠯᠬᠦ ᠲᠠᠯ᠎ᠠ ᠪᠠᠷ | ᠢᠳᠡᠪᠬᠢᠲᠡᠶ ᠰᠦᠪᠡᠭᠴᠢᠯᠡᠵᠦ᠂ ᠠᠷᠠᠳ ᠢ ᠪᠠᠶᠠᠵᠢᠭᠤᠯᠬᠤ ᠨᠤᠭᠤᠭᠠᠨᠯᠢᠭ ᠠᠵᠤ ᠦᠢᠯᠡᠰ ᠢ ᠶᠡᠬᠡᠪᠡᠷ ᠬᠥᠭᠵᠢᠭᠦᠯᠬᠦ ᠶᠢ | ᠵᠣᠷᠢᠭᠵᠢᠭᠤᠯᠤᠨ᠎ᠠ᠃ | ︵ᠶᠢᠰᠦ︶ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠢᠨᠠᠨ ᠬᠡᠮᠵᠢᠵᠤ ᠬᠢᠨᠠᠨ | ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ | ᠪᠠᠷᠢᠯ ᠢ ᠬᠦᠢᠴᠡᠳ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ︽ ᠠᠯᠠᠭᠠᠨ ᠳᠡᠭᠡᠷᠡᠬᠢ | ᠡᠯᠺᠧᠲᠷᠤᠨ ᠵᠢᠷᠤᠭ︾᠂ ︽ ᠲᠤᠭᠠᠵᠢᠭᠤᠯᠤᠭᠰᠠᠨ ᠡᠬᠢ ᠪᠠᠶᠠᠯᠢᠭ︾ ᠶᠢᠨ ᠬᠥᠳᠡᠯᠦᠩᠭᠦᠶ ᠬᠢᠨᠠᠨ ᠬᠡᠮᠵᠢᠬᠦ | ᠰᠢᠰᠲ᠋ᠧᠮᠵᠢ ᠶᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠲᠤᠬᠠᠶ ᠶᠢᠨ ᠴᠠᠭ ᠲᠤᠨᠢ ᠬᠢᠨᠠᠨ | ᠡᠵᠡᠮᠳᠡᠬᠦ ᠲᠤᠤᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠤᠨ᠂ ᠡᠬᠢ ᠪᠠᠶᠠᠯᠢᠭ ᠤᠨ ᠬᠥᠳᠡᠯᠦᠩᠭᠦᠶ | ᠪᠠᠶᠢᠳᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠡᠵᠡᠮᠰᠢᠵᠦ᠂ ᠠᠰᠠᠭᠤᠳᠠᠯ ᠢ ᠤᠷᠢᠳᠴᠢᠯᠠᠨ ᠰᠡᠷᠡᠮᠵᠢᠯᠡᠭᠦᠯᠵᠦ | ᠮᠡᠳᠡᠭᠡᠯᠡᠬᠦ ᠪᠠ ᠪᠠᠶᠢᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ | ᠡᠬᠢ ᠪᠠᠶᠠᠯᠢᠭ ᠤᠨ ᠬᠠᠮᠠᠭᠠᠯᠠᠯᠲᠠ ᠬᠥᠭᠵᠢᠯᠲᠡ ᠶᠢᠨ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | | ︵ᠠᠷᠪᠠ︶ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ | ᠠᠬᠤᠶ ᠶᠢᠨ ᠣᠶ ᠰᠢᠭᠤᠶ ᠶᠢᠨ ᠬᠠᠮᠠᠭᠠᠯᠠᠭᠴᠢ ᠵᠡᠷᠭᠡ ᠬᠠᠮᠢᠶᠠᠷᠤᠨ ᠬᠠᠮᠠᠭᠠᠯᠠᠬᠤ ᠠᠵᠢᠯᠲᠠᠨ ᠤ ᠦᠢᠯᠡᠳᠦᠯ ᠢ ᠬᠦᠢᠴᠡᠳ | ᠪᠠᠳᠠᠷᠠᠭᠤᠯᠵᠤ᠂ ᠲᠤᠤᠷᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠰᠢᠶᠠᠩ ᠪᠠᠯᠭᠠᠰᠤ ᠶᠢᠨ ᠣᠶ ᠰᠢᠭᠤᠶ ︵ | ᠨᠤᠲᠤᠭ ᠪᠡᠯᠴᠢᠭᠡᠷ︶ ᠶᠢᠨ ᠠᠵᠢᠯ ᠤᠨ ᠥᠷᠲᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢ | ᠠᠬᠤᠶ ᠶᠢᠨ ᠣᠶ ᠰᠢᠭᠤᠶ ᠶᠢᠨ ᠬᠠᠮᠠᠭᠠᠯᠠᠭᠴᠢ ᠵᠡᠷᠭᠡ ᠬᠠᠮᠢᠶᠠᠷᠤᠨ ᠬᠠᠮᠠᠭᠠᠯᠠᠬᠤ ᠠᠵᠢᠯᠲᠠᠨ ᠤ ᠪᠣᠯᠪᠠᠰᠤᠷᠠᠭᠤᠯᠤᠯ ᠪᠠ | ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ | ᠪᠠᠯᠠ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠡᠳ᠋ ᠤᠨ ᠵᠠᠰᠠᠭ ᠤᠨ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ | ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠪᠣᠯ ᠤᠢ ᠰᠢᠭᠤᠢ ᠶᠢᠨ | ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠵᠣᠬᠢᠶᠠᠨ ᠪᠠᠶᠢᠭᠤᠯᠵᠤ | ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ | ᠠᠵᠢᠯ ᠤᠨ ᠲᠤᠬᠢᠷᠠᠭᠤᠯᠤᠯᠳᠠ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ 2022 ᠣᠨ ᠤ 6 ᠰᠠᠷ᠎ᠠ ᠳᠤ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ | ᠪᠠᠶᠢᠭᠤᠯᠬᠤ ᠶᠢ ᠪᠠᠲᠤᠯᠠᠬᠤ ᠬᠡᠷᠡᠭᠲᠡᠢ᠃ | ︵ᠠᠷᠪᠠᠨ ᠬᠤᠶᠠᠷ︶ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠣᠢ ᠰᠢᠭᠤᠶ ᠶᠢᠨ ᠳᠠᠷᠤᠭ᠎ᠠ ᠶᠢᠨ | ᠬᠤᠷᠠᠯ ᠤᠨ ᠳᠦᠷᠢᠮ᠂ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ᠂ ᠰᠠᠯᠠᠭ᠎ᠠ ᠮᠥᠴᠢᠷ ᠤᠨ ᠬᠠᠮᠵᠢᠯᠴᠠᠬᠤ | ᠳᠦᠷᠢᠮ᠂ ᠠᠵᠢᠯ ᠤᠨ ᠰᠢᠮᠳᠠᠭᠤᠯᠤᠨ ᠪᠠᠶᠢᠴᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠣᠢ ᠰᠢᠭᠤᠶ | ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠤᠨ᠂ ᠭᠤᠤᠯᠳᠠᠯᠭ᠎ᠠ ᠲᠠᠢ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠎ᠡ᠃ | ︵ᠠᠷᠪᠠᠨ ᠭᠤᠷᠪᠠ︶ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ ᠤᠢ ᠰᠢᠭᠤᠢ ᠶᠢᠨ ᠳᠠᠷᠤᠭ᠎ᠠ ᠶᠢᠨ | ᠳᠦᠷᠢᠮ ᠤᠨ ᠮᠡᠳᠡᠭᠡ ᠵᠠᠩᠭᠢ ᠨᠡᠶᠢᠲᠡᠯᠡᠬᠦ ᠲᠠᠪᠴᠠᠩ ᠢ ᠪᠠᠶᠢᠭᠤᠯᠵᠤ᠂ ᠵᠠᠭᠤᠴᠢᠯᠠᠭᠤᠷ ᠢᠶᠠᠷ ᠳᠠᠮᠵᠢᠭᠤᠯᠤᠨ ᠤᠢ | ᠰᠢᠭᠤᠢ ᠶᠢᠨ ᠳᠠᠷᠤᠭ᠎ᠠ ᠶᠢᠨ ᠨᠡᠷᠡᠰ ᠢ ᠨᠡᠶᠢᠭᠡᠮ ᠨᠡᠶᠢᠲᠡ ᠳᠤ ᠨᠡᠶᠢᠲᠡᠯᠡᠨ᠂ ᠬᠠᠷᠢᠭᠤᠴᠠᠯᠭ᠎ᠠ ᠶᠢᠨ ᠣᠷᠣᠨ ᠪᠦᠰᠡ ᠶᠢᠨ | ᠢᠯᠡᠷᠬᠡᠶ ᠪᠠᠶᠢᠷᠢᠨ ᠳᠤ ᠢᠯᠡ ᠪᠠᠷ ᠨᠡᠶᠢᠲᠡᠯᠡᠬᠦ ᠫᠠᠶᠢᠰᠠ ᠪᠠᠶᠢᠷᠢᠯᠠᠭᠤᠯᠬᠤ ᠬᠡᠷᠡᠭᠲᠡᠶ᠃ ᠨᠥᠬᠦᠴᠡᠯ ᠲᠠᠢ ᠭᠠᠵᠠᠷ | ᠣᠷᠣᠨ ᠨᠢ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠭᠤᠷᠪᠠᠳᠠᠬᠢ ᠡᠲᠡᠭᠡᠳ ᠠᠴᠠ | ᠦᠨᠡᠯᠡᠨ ᠵᠢᠱᠢᠬᠦ ᠶᠢ ᠬᠡᠷᠡᠭᠵᠢᠭᠦᠯᠵᠦ ᠪᠣᠯᠤᠨ᠎ᠠ᠃ ᠵᠢᠯ ᠪᠦᠷᠢ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ | ᠬᠥᠭᠵᠢᠭᠦᠯᠦᠭᠰᠡᠨ ᠪᠠᠶᠢᠳᠠᠯ ᠢ ᠨᠡᠶᠢᠲᠡᠯᠡᠬᠦ ᠬᠡᠷᠡᠭᠲᠡᠶ᠃ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠨᠡᠶᠢᠭᠡᠮ ᠤᠨ ᠤᠯᠠᠨ ᠨᠡᠶᠢᠲᠡ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ | ᠴᠢᠩᠭᠠᠳᠬᠠᠵᠤ᠂ ᠤᠬᠠᠮᠰᠠᠷ ᠠᠴᠠ ᠪᠠᠨ ᠡᠬᠡ ᠪᠠᠶᠢᠭᠠᠯᠢ ᠶᠢ ᠬᠠᠶᠢᠷᠠᠯᠠᠨ ᠬᠠᠮᠠᠭᠠᠯᠠᠵᠤ ᠨᠣᠭᠤᠭᠠᠷᠠᠭᠤᠯᠤᠯᠲᠠ ᠶᠢ | ᠲᠡᠮᠵᠢᠬᠦ ᠶᠢ ᠠᠬᠢᠭᠤᠯᠤᠨ᠎ᠠ᠃ | ︵ᠠᠷᠪᠠᠨ ᠳᠥᠷᠪᠡ︶ ᠰᠢᠮᠳᠠᠭᠤᠯᠤᠨ ᠵᠢᠯᠣᠭᠤᠳᠴᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠡᠯ᠎ᠡ | ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠶᠠᠪᠤᠴᠠ ᠳᠤ ᠴᠢᠬᠤᠯᠠ | ᠪᠠᠶᠢᠳᠠᠯ ᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠳᠤ ᠴᠠᠭ ᠲᠤᠬᠠᠶ ᠳᠤᠨᠢ ᠮᠡᠳᠡᠭᠦᠯᠬᠦ | ᠬᠡᠷᠡᠭᠲᠡᠶ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠮᠳᠠᠭᠤᠯᠤᠨ ᠵᠢᠯᠣᠭᠤᠳᠴᠤ ᠰᠢᠯᠭᠠᠨ ᠬᠢᠨᠠᠬᠤ ᠶᠢ ᠣᠶ | ᠰᠢᠭᠤᠶ ᠪᠠ ᠨᠤᠲᠤᠭ ᠪᠡᠯᠴᠢᠭᠡᠷ ᠤᠨ ᠶᠡᠷᠦᠩᠬᠡᠶᠢᠯᠡᠨ ᠪᠠᠶᠢᠴᠠᠭᠠᠵᠤ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ | ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠣᠶ ᠰᠢᠭᠤᠶ ᠶᠢᠨ ᠳᠠᠷᠤᠭ᠎ᠠ ᠠᠴᠠ ᠳᠤᠤᠷ᠎ᠠ ᠨᠢᠭᠡ ᠱᠠᠲᠤᠨ ᠤ ᠣᠶ | ᠰᠢᠭᠤᠶ ᠶᠢᠨ ᠳᠠᠷᠤᠭ᠎ᠠ ᠶᠢ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠰᠢᠯᠭᠠᠨ ᠬᠢᠨᠠᠭᠰᠠᠨ | ᠦᠷ᠎ᠡ ᠳ᠋ᠦᠩ ᠢ ᠣᠷᠣᠨ ᠨᠤᠲᠤᠭ ᠤᠨ ᠬᠤᠯᠪᠣᠭᠳᠠᠯ ᠪᠥᠬᠦᠶ ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠭᠠᠨ | ᠬᠢᠨᠠᠵᠤ ᠦᠨᠡᠯᠡᠬᠦ ᠪᠠ ᠲᠤᠰᠢᠶᠠᠯ ᠠᠴᠠ ᠪᠠᠨ ᠪᠠᠭᠤᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ | ᠬᠢᠨᠠᠨ ᠪᠤᠳᠤᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ | ᠠᠬᠤᠶ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠲᠦᠷᠢᠮ ᠢ | ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠦᠨᠳᠦ ᠨᠣᠴᠢᠲᠠᠶ ᠡᠪᠳᠡᠭᠰᠡᠨ | ᠪᠠᠶᠢᠪᠠᠯ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | |